ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/7
  7 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠷᠠᠳ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠦᠷᠢᠮᠵᠢᠭᠦᠯᠬᠦ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠬᠠᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃   ᠬᠤᠷᠠᠯ ᠠᠴᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠶᠢᠷᠢᠰᠢᠯ ᠤᠨ ᠲᠣᠬᠢᠷᠠᠭᠤᠯᠤᠯᠲᠠ᠂ ᠪᠦᠲᠦᠴᠡ ᠶᠢᠨ ᠰᠢᠯᠢᠳᠡᠭᠵᠢᠭᠦᠯᠦᠯᠲᠡ ᠶᠢ ᠲᠦᠷᠭᠡᠳᠬᠡᠵᠦ᠂ ᠠᠷᠠᠳ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠣᠬᠢᠷᠠᠭᠤᠯᠤᠨ ᠡᠵᠡᠮᠳᠡᠵᠦ᠂ ᠠᠯᠪᠠᠨ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠢᠳᠡᠪᠬᠢᠲᠡᠶ ᠥᠷᠭᠡᠳᠬᠡᠵᠦ᠂ ᠰᠤᠷᠭᠠᠭᠤᠯᠢ ᠡᠷᠭᠢᠯᠡᠬᠦ ᠶᠠᠰᠤ ᠴᠢᠨᠠᠷ ᠪᠠ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠭᠠᠩ ᠬᠠᠭᠰᠠᠷᠠᠭᠠᠨ ᠤ ᠪᠠᠶᠢᠳᠠᠯ ᠤᠨ ᠬᠥᠭᠵᠢᠯᠲᠡ ᠪᠣᠯᠤᠨ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠭᠠᠮᠰᠢᠭ ᠠᠴᠠ ᠠᠪᠤᠷᠠᠬᠤ ᠡᠳ᠋ ᠪᠣᠳᠠᠰ ᠪᠣᠯᠤᠨ ᠪᠡᠯᠡ ᠮᠥᠩᠭᠦ ᠶᠢ ᠢᠳᠡᠪᠬᠢᠲᠡᠢ ᠪᠠᠷ ᠴᠤᠭᠯᠠᠭᠤᠯᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠯᠲᠡ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠣᠷᠴᠢᠨ ᠲᠣᠭᠤᠷᠢᠨ᠂ ᠥᠷᠢᠰᠥᠯᠳᠦᠭᠡᠨ ᠤ ᠣᠷᠴᠢᠨ ᠲᠣᠭᠤᠷᠢᠨ᠂ ᠬᠡᠷᠡᠭᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠦᠢᠯᠡᠳᠦᠯ ᠴᠢᠳᠠᠪᠤᠷᠢ ᠪᠠ ᠣᠳᠣᠬᠢᠴᠢᠯᠠᠯᠲᠠ ᠶᠢᠨ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ︽ᠤᠯᠠᠭᠠᠨᠴᠠᠪ ᠬᠤᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ  ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠲᠤᠬᠠᠶ ᠰᠠᠨᠠᠯ︾ ︽ᠤᠯᠠᠭᠠᠨᠴᠠᠪ ᠬᠤᠲᠠ ᠶᠢᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶︾ ᠪᠠ ︽ᠤᠯᠠᠭᠠᠨᠴᠠᠪ ᠬᠤᠲᠠ ᠶᠢᠨ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠡᠶ᠃                                                          ᠣᠷᠴᠢᠭᠤᠯᠤᠭᠴᠢ᠄ ᠭᠤᠸ᠎ᠠ                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2