ᠤᠯᠠᠭᠠᠨᠴᠠᠪ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ᠣᠶ  ᠰᠢᠭᠤᠢ ᠶᠢᠨ ᠬᠠᠮᠠᠭᠠᠯᠠᠯᠲᠠ ᠶᠢᠨ ᠥᠷᠲᠡᠭᠡ ᠶᠢᠨ ᠵᠠᠩ ᡁᠢ ᠯᠢᠨ᠄ ᠨᠤᠮᠢᠨ ᠨᠤᠭᠤᠭᠠᠨ ᠤᠢ ᠰᠢᠭᠤᠢ ᠪᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2022/7/7
     ᠵᠤᠨ ᠤ 6 ᠰᠠᠷ᠎ᠠ ᠳᠤ ᠢᠳᠡ ᠬᠠᠯᠠᠭᠤᠨ ᠵᠤᠯᠠᠢ ᠲᠦᠭᠡᠨᠡᠨ᠎ᠠ᠃ ᠵᠦᠸᠧᠽᠢ ᠰᠢᠶᠠᠨ ᠤ ᠳᠡᠭᠡᠷ᠎ᠡ ᠭᠤᠭᠤᠳᠳᠠᠢ ᠣᠶ ᠰᠢᠭᠤᠢ ᠶᠢᠨ ᠲᠠᠯᠠᠪᠠᠶ ᠶᠢᠨ ᠵᠢᠤᠢ ᠪᠦᠦ ᠵᠤᠸᠠᠩ ᠰᠢᠭᠤᠶᠢᠳᠤ ᠣᠷᠣᠨ ᠤ ᠨᠢᠭᠡᠨ ᠬᠡᠰᠡᠭ ᠴᠠᠭᠠᠨ ᠬᠤᠰᠤ ᠶᠢᠨ ᠤᠢ ᠶᠢᠨ ᠲᠤᠳᠤᠷ᠎ᠠ᠂ ᠵᠠᠩ ᡁᠢ ᠯᠢᠨ ᠬᠡᠷᠡᠯ ᠵᠢᠷᠤᠭ ᠤᠨ ᠮᠠᠰᠢᠨ ᠢᠶᠠᠨ ᠪᠠᠷᠢᠨ ᠮᠤᠳᠤᠨ ᠨᠠᠪᠴᠢ ᠰᠡᠭᠦᠳᠡᠷᠯᠡᠵᠦ᠂ ᠬᠦᠨᠦᠭᠡᠯᠳᠦ ᠰᠢᠪᠠᠵᠢ ᠪᠤᠯᠬᠤ ᠠᠯᠤᠰ ᠳᠣᠷᠣᠨᠠᠲᠤ ᠶᠢᠨ ᠪᠠᠬᠢ ᠬᠤᠶᠠᠭᠳᠦ ᠶᠢ ᠰᠡᠷᠭᠡᠶᠢᠯᠡᠨ ᠵᠠᠰᠠᠭᠰᠠᠨ ᠪᠠᠶᠢᠳᠠᠯ ᠢ ᠲᠡᠮᠳᠡᠭᠯᠡᠵᠤ ᠪᠠᠶᠢᠪᠠ᠃     ︽ᠠᠯᠤᠰ ᠳᠣᠷᠣᠨᠠᠲᠤ ᠶᠢᠨ ᠪᠠᠬᠢ ᠬᠤᠶᠠᠭᠳᠦ ᠪᠣᠯ 2016 ᠣᠨ ᠳᠤ ᠢᠯᠡᠷᠡᠬᠦᠯᠦᠭᠰᠡᠨ ᠰᠢᠨ᠎ᠡ ᠲᠦᠷᠦᠯ ᠤᠨ ᠰᠢᠪᠠᠵᠢ ᠮᠦᠨ᠂ ᠲᠡᠷᠡ ᠨᠢ ᠴᠠᠭᠠᠨ ᠬᠤᠰᠤᠨ ᠮᠣᠳᠣ ᠶᠢ ᠬᠦᠨᠳᠦ ᠨᠣᠴᠢᠲᠠᠢ ᠬᠥᠨᠥᠭᠡᠵᠦ᠂ ᠪᠦᠬᠦᠶᠢᠯᠡ ᠮᠣᠳᠣᠨ ᠤ ᠨᠠᠪᠴᠢ ᠶᠢ ᠴᠦᠮ ᠬᠤᠪᠠᠭ᠋ᠠᠶᠢᠷᠠᠭᠤᠯᠴᠢᠬᠠᠳᠠᠭ᠃ ᠡᠶᠢᠮᠦ ᠪᠤᠯᠬᠤᠷ ᠡᠨᠡ ᠨᠢ ᠮᠠᠨ ᠤ ᠤᠢᠢᠷ᠎ᠠ ᠶᠢᠨ ᠵᠢᠯ ᠤᠨ ᠰᠡᠷᠭᠡᠶᠢᠯᠡᠨ ᠵᠠᠰᠠᠬᠤ ᠠᠵᠢᠯ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠭᠤᠣᠯᠳᠠᠯᠭ᠎ᠠ ᠪᠤᠯᠵᠤ ᠪᠠᠶᠢᠨ᠎ᠠ︾ ᠭᠡᠵᠤ ᠵᠤᠭᠤᠭ ᠡᠬᠢᠯᠡᠬᠦᠯᠦᠭᠰᠡᠨ ᠤᠯᠠᠭᠠᠨᠴᠠᠪ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠣᠶ ᠰᠢᠭᠤᠢ ᠶᠢᠨ ᠬᠠᠮᠠᠭᠠᠯᠠᠯᠲᠠ ᠶᠢᠨ ᠥᠷᠲᠡᠭᠡ ᠶᠢᠨ ᠳᠠᠷᠤᠭ᠎ᠠ ᠵᠠᠩ ᡁᠢ ᠯᠢᠨ ᠣᠶ ᠰᠢᠭᠤᠢ ᠶᠢᠨ ᠬᠤᠤᠷᠲᠤ  ᠰᠢᠪᠡᠵᠢ ᠶᠢᠨ ᠲᠤᠬᠠᠶ ᠶᠠᠷᠢᠭᠠᠳ ᠪᠠᠷᠠᠰᠢ ᠥᠬᠡᠶ ᠤᠯᠠᠨ ᠦᠭᠡ ᠲᠠᠢ ᠪᠠᠶᠢᠯ᠎ᠠ᠃     1986 ᠣᠨ ᠳᠤ᠂ ᠵᠠᠩ ᡁᠢ ᠯᠢᠨ ᠤᠯᠠᠭᠠᠨᠴᠠᠪ ᠠᠶᠢᠮᠠᠭ ᠤᠨ ᠲᠠᠷᠢᠶᠠᠯᠠᠩ ᠮᠠᠯᠵᠢᠯ ᠤᠨ ᠰᠤᠷᠭᠠᠭᠤᠯᠢ ᠠᠴᠠ ᠲᠡᠭᠦᠰᠴᠦ᠂ ᠠᠶᠢᠮᠠᠭ ᠤᠨ ᠢᠶᠠᠨ ᠣᠶᠢᠵᠢᠭᠤᠯᠤᠯᠲᠠ ᠶᠢᠨ ᠦᠷᠳᠡᠭᠡ ᠳᠤ ᠬᠤᠪᠢᠶᠠᠭᠳᠠᠨ ᠠᠵᠢᠯᠯᠠᠪᠠ᠃ ᠣᠶᠢᠵᠢᠭᠤᠯᠬᠤ ᠦᠷᠳᠡᠭᠡ ᠳᠤ᠂ ᠲᠡᠷᠡ ᠴᠢᠬᠢ ᠮᠣᠳᠣ ᠶᠢ ᠰᠢᠨᠵᠢᠯᠡᠬᠦ ᠤᠬᠠᠭᠠᠨᠴᠢ ᠪᠠᠷ ᠰᠤᠩᠭᠤᠨ᠂ ᠵᠦᠢ ᠵᠣᠬᠢᠰᠲᠠᠢ ᠪᠠᠷ ᠲᠠᠷᠢᠵᠦ᠂ ᠨᠢᠮᠪᠠᠢ ᠠᠷᠠᠴᠢᠯᠠᠨ᠂ ᠥᠪᠡᠷ ᠤᠨ ᠰᠤᠷᠤᠭᠰᠠᠨ ᠮᠡᠳᠡᠯᠭᠡ ᠪᠣᠯᠤᠨ ᠦᠢᠯᠡᠳᠦᠯᠭᠡ ᠪᠠᠷ ᠢᠶᠠᠨ ᠨᠤᠲᠤᠭ ᠤᠰᠤᠨ ᠤ ᠪᠠᠨ ᠤᠶᠢᠵᠢᠭᠤᠯᠤᠯᠳᠠ ᠨᠣᠭᠤᠭᠠᠷᠠᠭᠤᠯᠤᠯᠲᠠ ᠪᠤᠯᠤᠨ ᠪᠠᠶᠠᠵᠢᠯ ᠴᠢᠨᠡᠭᠡᠯᠢᠭᠵᠢᠯ ᠳᠤ ᠠᠷᠭ᠎ᠠ ᠤᠬᠠᠭᠠᠨ ᠡᠷᠬᠦᠵᠤ ᠶᠠᠪᠤᠵᠠᠢ᠃ ᠲᠡᠷᠡ 22 ᠵᠢᠯ ᠤᠨ ᠣᠶᠢᠵᠢᠭᠤᠯᠤᠯᠳᠠ ᠬᠠᠮᠠᠭᠠᠯᠠᠯᠳᠠ᠂ 22 ᠵᠢᠯ ᠤᠨ ᠬᠦᠴᠦ ᠬᠥᠯᠥᠰᠥ ᠪᠠᠷ ᠢᠶᠠᠨ ᠨᠤᠲᠤᠭ ᠤᠰᠤᠨ ᠤ ᠪᠠᠨ ᠡᠯᠦᠢ ᠬᠤᠯᠤᠢ ᠪᠠᠶᠢᠳᠠᠯ ᠢ ᠬᠤᠪᠢᠷᠠᠭᠤᠯᠵᠤ᠂ ᠨᠤᠲᠤᠭ ᠤᠨ ᠠᠬ᠎ᠠ ᠳᠡᠬᠦᠦ ᠨᠡᠷ ᠤᠨ ᠠᠮᠢᠳᠤᠷᠠᠯ ᠢ  ᠴᠤ ᠰᠠᠶᠢᠵᠢᠷᠠᠭᠤᠯᠤᠭᠰᠠᠨ ᠪᠠᠶᠢᠨ᠎ᠠ᠃     ᠵᠠᠩ ᡁᠢ ᠯᠢᠨ ᠤᠢ ᠮᠣᠳᠣᠨ ᠤ ᠬᠡᠮ ᠬᠤᠷᠣᠬᠠᠢ ᠶᠢᠨ ᠭᠠᠮᠰᠢᠭ ᠲᠠᠢ ᠲᠡᠮᠡᠴᠡᠵᠦ ᠶᠠᠪᠤᠬᠤ ᠳᠠᠭᠠᠨ ᠤᠨᠳᠠᠬᠤ ᠨᠤᠶᠢᠷ ᠢᠶᠠᠨ ᠤᠮᠠᠷᠳᠠᠵᠦ ᠪᠠᠶᠢᠵᠠᠢ᠃ ᠵᠠᠷᠢᠮ ᠵᠠᠩᠭᠢᠯᠠᠭ᠎ᠠ ᠶᠢᠨ ᠮᠡᠷᠭᠡᠵᠢᠯ ᠢ ᠰᠤᠳᠤᠯᠬᠤ ᠶᠢᠨ ᠲᠥᠯᠥᠭᠡ᠂ ᠲᠡᠷᠡ ᠪᠠᠶᠢᠩᠭᠤ ᠣᠶ ᠰᠢᠭᠤᠢ ᠶᠢᠨ ᠲᠠᠯᠠᠪᠠᠶ᠂ ᠰᠢᠶᠠᠩ ᠪᠠᠯᠭᠠᠰᠤ᠂ ᠣᠶ ᠶᠢᠨ ᠴᠤᠭᠤᠷᠬᠠᠢ ᠪᠠᠷ ᠬᠦᠶᠦᠵᠦ᠂ ᠬᠡᠮ ᠬᠤᠷᠣᠬᠠᠶ ᠶᠢᠨ ᠬᠥᠨᠥᠭᠡᠯ ᠳᠤ ᠤᠴᠠᠷᠠᠭᠰᠠᠨ ᠭᠠᠵᠠᠷ ᠢᠶᠠᠷ ᠬᠡᠳᠦᠨ ᠰᠠᠷ᠎ᠠ ᠲᠠᠷᠠᠭᠠᠯᠠᠨ ᠰᠠᠭᠤᠵᠤ᠂ ᠬᠦᠨᠦᠭᠡᠯᠳᠦ ᠰᠢᠪᠠᠵᠢ ᠶᠢᠨ ᠰᠢᠨᠵᠢ ᠪᠠᠶᠢᠳᠠᠯ᠂ ᠣᠨᠴᠠᠯᠢᠭ ᠵᠢᠴᠢ ᠠᠮᠢᠳᠤᠷᠠᠯ ᠤᠨ ᠪᠠᠶᠢᠳᠠᠯ ᠢ ᠨᠢ ᠨᠠᠷᠢᠨ ᠠᠵᠢᠭᠯᠠᠳᠠᠭ᠃ ᠶᠠᠭ ᠯᠡ ᠡᠶᠢᠮᠦᠷᠬᠦᠦ ᠬᠠᠶᠢᠨ ᠰᠤᠳᠤᠯᠭᠠᠨ᠂ ᠵᠢᠳᠬᠦᠯ ᠪᠠᠷᠢᠮᠳᠠᠯᠠᠯ᠂ ᠰᠠᠬᠢᠨ ᠬᠠᠮᠠᠭᠠᠯᠠᠯᠳᠠ ᠪᠠᠶᠢᠭᠰᠠᠨ ᠠᠴᠠ ᠲᠡᠬᠦᠨ ᠤ ᠤᠢ ᠰᠢᠭᠤᠢ ᠶᠢᠨ ᠬᠠᠮᠠᠭᠠᠯᠠᠯᠳᠠ ᠶᠢᠨ ᠦᠷ᠎ᠠ ᠪᠦᠳᠦᠮᠵᠢ ᠤᠯᠠᠨ ᠠᠴᠠ ᠲᠤᠪᠤᠶᠢᠮ᠎ᠠ ᠪᠤᠯᠤᠭᠰᠠᠨ ᠪᠠᠶᠢᠯ᠎ᠠ᠃     ᠤᠶᠢᠷ᠎ᠠ ᠶᠢᠨ 10 ᠭᠠᠷᠤᠶ ᠵᠢᠯ ᠤᠨ ᠲᠤᠷᠰᠢ᠂ ᠲᠡᠷᠡ ᠤᠷᠢᠳ ᠬᠤᠵᠢᠳ ︽ᠤᠯᠠᠭᠠᠨᠴᠠᠪ ᠬᠤᠲᠠ ᠶᠢᠨ ᠨᠠᠪᠴᠢ ᠵᠤᠯᠭᠠᠷᠠᠬᠤ ᠨᠠᠷᠠᠰᠤᠨ ᠤ ᠰᠠᠬᠤᠯᠢᠭ ᠬᠤᠷᠣᠬᠠᠶ ᠶᠢ ᠪᠤᠬᠢᠷᠳᠤᠯ ᠦᠬᠡᠢ ᠪᠠᠷ ᠰᠡᠷᠭᠡᠶᠢᠯᠡᠨ ᠵᠠᠰᠠᠬᠤ ᠮᠡᠷᠭᠡᠵᠢᠯ  ᠤᠨ ᠬᠡᠷᠡᠭᠯᠡᠬᠡᠨ ᠤ ᠰᠤᠳᠤᠯᠭᠠᠨ︾᠂ ︽ᠥᠪᠥᠷ ᠮᠣᠩᠭᠤᠯ ᠤᠨ ᠣᠶ ᠰᠢᠭᠤᠢ ᠶᠢᠨ ᠬᠤᠤᠷᠲᠤ ᠠᠮᠢᠳᠤ ᠪᠣᠳᠠᠰ ᠢ ᠰᠡᠷᠭᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ︾ ᠵᠡᠷᠭᠡ 10 ᠭᠠᠷᠤᠶ ᠵᠦᠶᠯ ᠤᠨ ᠬᠡᠷᠡᠭᠯᠡᠬᠡᠨ ᠤ ᠮᠡᠷᠭᠡᠵᠢᠯ ᠤᠨ ᠰᠤᠳᠤᠯᠭᠠᠨ ᠢ ᠡᠷᠭᠢᠯᠡᠵᠦ ᠬᠢᠭᠰᠡᠨ ᠪᠥᠭᠡᠳ ᠠᠩᠬ᠎ᠠ ᠤᠳᠠᠭ᠎ᠠ ᠥᠪᠥᠷ ᠮᠣᠩᠭᠤᠯ ᠳᠤ ᠪᠠᠶᠢᠭᠰᠠᠨ ᠤᠮᠠᠷᠠᠲᠤ ᠣᠷᠣᠨ ᠤ ᠠᠯᠳᠠᠨ ᠳᠠᠯᠠᠪᠴᠢᠲᠤ ᠢᠳᠤᠬᠠᠨ ᠡᠷᠪᠡᠬᠡᠶ᠂ ᠠᠯᠠᠭ ᠢᠷᠣᠬᠠᠶ ᠪᠠ ᠤᠳᠬᠤᠨ ᠢᠷᠣᠬᠠᠶ ᠭᠤᠷᠪᠠᠨ ᠰᠢᠨ᠎ᠡ ᠲᠦᠷᠦᠯ ᠤᠨ ᠰᠢᠪᠠᠵᠢ ᠶᠢ ᠢᠯᠡᠷᠡᠬᠦᠯᠵᠦ᠂ ᠤᠯᠤᠰ ᠤᠨ ᠳᠣᠲᠣᠭᠠᠳᠤ ᠶᠢᠨ ᠰᠢᠨ᠎ᠡ ᠲᠦᠷᠦᠯ ᠤᠨ ᠰᠢᠪᠠᠵᠢ — ᠠᠯᠤᠰ ᠳᠣᠷᠣᠨᠠᠲᠤ ᠶᠢᠨ ᠪᠠᠬᠢ ᠬᠤᠶᠠᠭᠳᠦ ᠪᠠ ᠭᠤᠷᠪᠠᠨ ᠵᠦᠶᠯ ᠤᠨ ᠰᠢᠪᠠᠵᠢ ᠶᠢᠨ ᠸᠢᠷᠦ᠋ᠰ ᠢ ᠰᠢᠨ᠎ᠡ ᠪᠠᠷ ᠲᠡᠮᠳᠡᠭᠯᠡᠭᠰᠡᠨ ᠪᠠᠶᠢᠨ᠎ᠠ᠃ ᠲᠡᠷᠡ ᠤᠯᠤᠰ ᠤᠨ ᠤᠢ  ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠪᠠᠭᠳᠠᠭᠠᠭᠰᠠᠨ ᠬᠤᠶᠠᠳᠤᠭᠠᠷ ᠪᠦᠯᠦᠭ ᠤᠨ ︽ᠬᠠᠮᠤᠭ ᠤᠨ ᠭᠤᠶᠤ ᠤᠢ ᠰᠢᠭᠤᠢ ᠪᠠ ᠨᠤᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠯᠭᠡᠷᠡᠭᠦᠯᠦᠭᠴᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠪᠤᠶᠢᠮ᠎ᠡ ᠬᠤᠪᠢ ᠨᠡᠮᠡᠷᠢ ᠦᠵᠡᠭᠦᠯᠦᠭᠰᠡᠨ ᠳᠤᠰᠬᠠᠢ ᠮᠡᠷᠭᠡᠵᠢᠯᠲᠡᠨ︾ ᠵᠡᠷᠭᠡ ᠤᠯᠠᠨ ᠲᠦᠷᠦᠯ ᠤᠨ ᠢᠷᠠᠭᠤ ᠠᠯᠳᠠᠷ ᠢ ᠬᠦᠷᠳᠡᠪᠡ᠃     ᠵᠠᠩ ᡁᠢ ᠯᠢᠨ᠄ ︽ᠪᠢ ᠰᠣᠷᠣᠭᠰᠠᠨ ᠮᠡᠳᠡᠯᠭᠡ ᠪᠠᠨ ᠠᠰᠢᠭᠯᠠᠨ᠂ ᠣᠨᠣᠯ ᠪᠣᠯᠤᠨ ᠦᠢᠯᠡᠳᠦᠯᠬᠡ ᠶᠢ ᠤᠶᠠᠯᠳᠤᠭᠤᠯᠤᠭᠰᠠᠨ ᠳᠡᠭᠡᠳᠦ ᠲᠠᠰ ᠤᠨ ᠣᠶ ᠰᠢᠭᠤᠢ ᠶᠢᠨ ᠰᠡᠷᠭᠡᠶᠢᠯᠡᠯᠲᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠦᠷᠭᠦᠯᠵᠢᠯᠡᠨ ᠬᠥᠮᠦᠵᠢᠭᠦᠯᠵᠦ᠂ ᠵᠠᠯᠠᠭᠤ ᠨᠢᠭᠡ ᠦᠶ᠎ᠡ ᠶᠢᠨ ᠬᠢᠨ ᠢ ᠣᠶ ᠰᠢᠭᠤᠢ ᠶᠢ ᠨᠠᠩ ᠰᠠᠶᠢᠨ ᠬᠠᠮᠠᠭᠠᠯᠠᠭᠤᠯᠵᠤ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠢ ᠶᠢᠨ ᠠᠮᠵᠢᠯᠳᠠ ᠶᠢ ᠨᠡᠩ ᠰᠠᠶᠢᠨ ᠬᠠᠮᠠᠭᠠᠯᠠᠭᠤᠯᠤᠨ᠎ᠠ ︾ ᠭᠡᠵᠦ ᠶᠠᠷᠢᠵᠦ ᠪᠠᠶᠢᠯ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2