ᠤᠯᠠᠭᠠᠨᠴᠠᠪ ᠬᠤᠲᠠ ᠶᠢᠨ ᠢᠯᠴᠢ ᠬᠠᠩᠭᠠᠬᠤ ᠬᠡᠮᠵᠢᠯᠲᠡ ᠶᠢᠨ ᠰᠦᠶᠳᠬᠡᠯ ᠬᠤᠷᠢᠶᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2022/7/8
ᠨᠢᠭᠡᠳᠦᠭᠡᠷ ᠪᠦᠯᠦᠭ   ᠶᠡᠷᠦᠩᠬᠡᠶ ᠳᠦᠷᠢᠮ    ᠨᠢᠭᠡᠳᠦᠭᠡᠷ ᠵᠦᠶᠯ   ᠪᠥᠬᠦ ᠬᠤᠲᠠ ᠶᠢᠨ ᠢᠯᠴᠢ ᠬᠠᠩᠭᠠᠬᠤ ᠶᠢ ᠢᠯᠴᠢ ᠶᠢᠨ ᠬᠡᠮᠵᠢᠶ᠎ᠡ ᠪᠠᠷ ᠦᠨ᠎ᠡ ᠪᠣᠳᠣᠵᠤ     ᠰᠦᠶᠳᠬᠡᠯ ᠬᠤᠷᠢᠶᠠᠬᠤ ᠳᠦᠷᠢᠮ ᠢ ᠬᠡᠷᠡᠭᠵᠢᠭᠦᠯᠵᠦ᠂ ᠢᠯᠴᠢ ᠬᠠᠩᠭᠠᠬᠤ ᠶᠢ ᠬᠡᠮᠵᠢᠬᠦ ᠦᠨ᠎ᠡ ᠬᠠᠩᠰᠢ ᠪᠠ ᠰᠦᠶᠳᠬᠡᠯ ᠬᠤᠷᠢᠶᠠᠬᠤ ᠠᠷᠭ᠎ᠠ ᠶᠢ ᠪᠠᠶᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠢᠯᠴᠢ ᠬᠠᠩᠭᠠᠬᠤ ᠶᠢ ᠬᠡᠮᠵᠢᠬᠦ ᠦᠨ᠎ᠡ ᠬᠠᠩᠰᠢ ᠶᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ﹀ ᠢ ᠳᠠᠬᠢᠨ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠦᠨ᠎ᠡ ᠦᠰᠦᠭ ︹ 2018 ︺ 322 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ ᠮᠡᠲᠦ ᠬᠠᠮᠢᠶᠠᠷᠤᠯᠲᠠ ᠶᠢᠨ ᠠᠷᠭ᠎ᠠ ᠶᠢ ᠳᠤᠷᠠᠳᠪᠠ᠃   ᠬᠤᠶᠠᠳᠤᠭᠠᠷ ᠵᠦᠶᠯ   ᠤᠯᠠᠭᠠᠨᠴᠠᠪ ᠬᠤᠲᠠ ᠶᠢᠨ ᠬᠤᠲᠠ‌‍ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ     ᠣᠷᠣᠨ ᠪᠦᠰᠡ ᠳᠤ ᠢᠯᠴᠢ ᠬᠠᠩᠭᠠᠬᠤ ᠶᠢ ᠬᠡᠮᠵᠢᠬᠦ ᠪᠠ ᠳᠤᠯᠠᠭᠠᠨ ᠢ ᠡᠵᠡᠮᠳᠡᠬᠦ ᠲᠣᠨᠣᠭᠯᠠᠯ ᠪᠡᠯᠡᠳᠬᠡᠮᠵᠢ ᠶᠢ ᠨᠢᠭᠡᠨᠲᠡ ᠤᠭᠰᠠᠷᠠᠵᠤ᠂ ᠢᠯᠴᠢ ᠶᠢᠨ ᠬᠡᠮᠵᠢᠶ᠎ᠡ ᠶᠢ ᠣᠨᠣᠪᠴᠢᠲᠠᠶ ᠪᠠᠷ ᠡᠷᠦᠬᠡ ᠬᠤᠪᠢᠶᠠᠨ ᠬᠡᠮᠵᠢᠨ ᠪᠣᠳᠣᠵᠤ ᠰᠦᠶᠳᠬᠡᠯ ᠬᠤᠷᠢᠶᠠᠬᠤ ᠨᠥᠬᠦᠴᠡᠯ ᠢ ᠪᠦᠷᠢᠯᠳᠦᠭᠦᠯᠦᠭᠰᠡᠨ ᠡᠨᠧᠷᠭᠢ ᠠᠷᠪᠢᠯᠠᠬᠤ ᠠᠷᠠᠳ ᠤᠨ ᠬᠡᠷᠡᠭᠯᠡᠭᠡᠨ ᠤ ᠪᠠᠷᠢᠯᠭ᠎ᠠ ᠪᠣᠯᠤᠨ ᠣᠯᠠᠨ ᠨᠡᠶᠢᠲᠡ ᠶᠢᠨ ᠪᠠᠷᠢᠯᠭ᠎ᠠ ᠶᠢᠨ ᠬᠡᠷᠡᠭᠯᠡᠭᠴᠢ ᠳᠤ ᠲᠣᠰ ᠠᠷᠭ᠎ᠠ ᠲᠣᠬᠢᠷᠠᠨ᠎ᠠ᠃   ᠲᠣᠰ ᠠᠷᠭ᠎ᠠ ᠶᠢᠨ ᠢᠯᠴᠢ ᠬᠠᠩᠭᠠᠬᠤ ᠨᠢᠭᠡᠴᠢ ᠭᠡᠳᠡᠭ ᠨᠢ ᠢᠯᠴᠢ ᠡᠭᠦᠰᠭᠡᠭᠴᠢ ᠶᠢᠨ ᠨᠢᠭᠡᠴᠢ ᠶᠢᠨ ᠬᠠᠩᠭᠠᠭᠰᠠᠨ ᠪᠤᠶᠤ ᠲᠣᠰ ᠨᠢᠭᠡᠴᠢ ᠶᠢᠨ ᠦᠶᠯᠡᠳᠪᠦᠷᠢᠯᠡᠭᠰᠡᠨ ᠢᠯᠴᠢ ᠶᠢᠨ ᠡᠨᠧᠷᠭᠢ ᠶᠢ ᠠᠰᠢᠭᠯᠠᠨ᠂ ᠢᠯᠴᠢ ᠬᠠᠩᠭᠠᠬᠤ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ ᠶᠢ ᠵᠢᠭᠠᠵᠤ ᠪᠤᠢ᠃   ᠲᠣᠰ ᠠᠷᠭ᠎ᠠ ᠶᠢᠨ ᠢᠯᠴᠢ ᠬᠡᠷᠡᠭᠯᠡᠭᠴᠢ ᠭᠡᠳᠡᠭ ᠨᠢ ᠢᠯᠴᠢ ᠬᠠᠩᠭᠠᠬᠤ ᠨᠢᠭᠡᠴᠢ ᠶᠢᠨ ᠢᠯᠴᠢ ᠬᠠᠩᠭᠠᠬᠤ ᠡᠨᠧᠷᠭᠢ ᠶᠢ ᠲᠥᠯᠥᠪᠦᠷᠢ ᠲᠠᠢ ᠬᠡᠷᠡᠭᠯᠡᠬᠦ ᠨᠢᠭᠡᠴᠢ ᠪᠤᠶᠤ ᠬᠤᠪᠢ ᠬᠥᠮᠦᠨ ᠢ ᠵᠢᠭᠠᠵᠤ ᠪᠤᠢ᠃   ᠭᠤᠷᠪᠠᠳᠤᠭᠠᠷ ᠵᠦᠶᠯ    ᠲᠣᠰ ᠠᠷᠭ᠎ᠠ ᠪᠣᠯ ᠢᠯᠴᠢ ᠬᠠᠩᠭᠠᠬᠤ ᠶᠢ ᠬᠡᠮᠵᠢᠵᠦ ᠰᠦᠶᠳᠬᠡᠯ ᠬᠤᠷᠢᠶᠠᠬᠤ ᠠᠷᠭ᠎ᠠ ᠪᠣᠯᠤᠨ᠎ᠠ᠂ ᠢᠯᠴᠢ ᠶᠢᠨ ᠬᠡᠮᠵᠢᠶ᠎ᠡ ᠶᠢ ᠬᠢᠨᠠᠨ ᠲᠣᠭᠲᠠᠭᠠᠬᠤ ᠳᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠠᠰᠲᠠᠭᠠᠨ ᠨᠡᠶᠢᠲᠡᠯᠡᠭᠰᠡᠨ ᠢᠯᠴᠢ ᠶᠢᠨ ᠬᠡᠮᠵᠢᠶ᠎ᠡ ᠶᠢ ᠬᠢᠨᠠᠨ ᠲᠣᠭᠲᠠᠭᠠᠬᠤ ᠠᠷᠭ᠎ᠠ ᠪᠠᠷ ᠯᠠᠪᠯᠠᠯᠲᠠ ᠪᠣᠯᠭᠠᠨ᠎ᠠ᠃             ᠬᠤᠶᠠᠳᠤᠭᠠᠷ ᠪᠦᠯᠦᠭ    ᠢᠯᠴᠢ  ᠬᠠᠩᠭᠠᠬᠤ ᠬᠡᠮᠵᠢᠯᠲᠡ ᠶᠢᠨ ᠦᠨ᠎ᠡ ᠶᠢ ᠲᠣᠭᠲᠠᠭᠠᠬᠤ   ᠳᠥᠷᠪᠡᠳᠦᠭᠡᠷ ᠵᠦᠶᠯ   ᠢᠯᠴᠢ ᠬᠠᠩᠭᠠᠬᠤ ᠬᠡᠮᠵᠢᠯᠲᠡ ᠶᠢᠨ ᠦᠨ᠎ᠡ ᠬᠠᠩᠰᠢ ᠨᠢ ︽ᠥᠪᠡᠷ ᠤᠨ ᠥᠷᠲᠡᠭ ᠢ ᠵᠦᠶ ᠵᠣᠬᠢᠰᠲᠠᠶ ᠨᠥᠬᠦᠪᠥᠷᠢᠯᠡᠬᠦ᠂ ᠢᠯᠴᠢ ᠠᠷᠪᠢᠯᠠᠨ ᠬᠡᠷᠡᠭᠯᠡᠬᠦ ᠶᠢ ᠠᠬᠢᠭᠤᠯᠬᠤ᠂ ᠲᠥᠪ ᠭᠤᠤᠯᠴᠢ ᠪᠠᠷ ᠡᠭᠦᠷᠭᠡᠯᠡᠬᠦ ᠶᠢ ᠪᠠᠷᠢᠮᠲᠠᠯᠠᠬᠤ︾ ᠵᠠᠷᠴᠢᠮ ᠢ ᠵᠢᠷᠤᠮᠯᠠᠬᠤ ᠬᠡᠷᠡᠭᠲᠡᠶ᠃   ᠲᠠᠪᠤᠳᠤᠭᠠᠷ ᠵᠦᠶᠯ   ᠢᠯᠴᠢ ᠬᠠᠩᠭᠠᠬᠤ ᠦᠨ᠎ᠡ ᠶᠢ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠶᠢ ᠬᠡᠷᠡᠭᠵᠢᠭᠦᠯᠦᠨ᠎ᠡ᠃ ᠢᠯᠴᠢ ᠬᠠᠩᠭᠠᠬᠤ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠥᠪᠡᠷ ᠤᠨ ᠥᠷᠲᠡᠭ ᠵᠡᠷᠭᠡ ᠬᠤᠪᠢᠷᠠᠯᠲᠠ ᠶᠢᠨ ᠬᠦᠴᠦᠨ ᠵᠦᠶᠯ ᠢ ᠦᠨᠳᠦᠰᠦᠯᠡᠨ᠂ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠡᠷᠬᠡ ᠮᠡᠳᠡᠯ ᠪᠣᠯᠤᠨ ᠬᠠᠤᠯᠢ ᠪᠠᠷ ᠲᠣᠭᠲᠠᠭᠠᠭᠰᠠᠨ ᠶᠠᠪᠤᠴᠠ ᠶᠢᠨ ᠶᠣᠰᠣᠭᠠᠷ ᠬᠢᠨᠠᠨ ᠵᠥᠪᠰᠢᠶᠡᠷᠡᠵᠦ᠂ ᠴᠠᠭ ᠲᠤᠬᠠᠢ ᠳᠤᠨᠢ ᠲᠣᠬᠢᠷᠠᠭᠤᠯᠤᠯᠲᠠ ᠬᠢᠨ᠎ᠡ᠃   ᠵᠢᠷᠭᠤᠳᠤᠭᠠᠷ ᠵᠦᠶᠯ   ᠢᠯᠴᠢ ᠬᠠᠩᠭᠠᠬᠤ ᠬᠡᠮᠵᠢᠯᠲᠡ ᠶᠢᠨ ᠦᠨ᠎ᠡ ᠬᠠᠩᠰᠢ ᠳᠤ ᠦᠨᠳᠦᠰᠦᠨ ᠢᠯᠴᠢ ᠶᠢᠨ ᠦᠨ᠎ᠡ ᠪᠣᠯᠤᠨ ᠬᠡᠮᠵᠢᠯᠲᠡ ᠶᠢᠨ ᠢᠯᠴᠢ ᠶᠢᠨ ᠦᠨ᠎ᠡ ᠶᠢ ᠬᠠᠷᠢᠯᠴᠠᠨ ᠤᠶᠠᠯᠳᠤᠭᠤᠯᠤᠭᠰᠠᠨ ᠬᠤᠶᠠᠷ ᠬᠡᠰᠡᠭ ᠠᠴᠠ ᠲᠣᠭᠲᠠᠭᠠᠭᠰᠠᠨ ᠢᠯᠴᠢ ᠶᠢᠨ ᠦᠨ᠎ᠡ ᠶᠢ ᠬᠡᠷᠡᠭᠵᠢᠭᠦᠯᠬᠦ ᠶᠢᠨ ᠬᠠᠮᠲᠤ ᠬᠡᠷᠡᠭᠯᠡᠭᠴᠢ ᠶᠢᠨ ᠰᠢᠨᠵᠢ ᠴᠢᠨᠠᠷ ᠢᠶᠠᠷ ᠨᠢ ᠰᠠᠭᠤᠭᠠᠯᠢ ᠠᠷᠠᠳ ᠤᠨ ᠢᠯᠴᠢ ᠬᠡᠷᠡᠭᠯᠡᠬᠦ ᠦᠨ᠎ᠡ ᠬᠠᠩᠰᠢ ᠪᠣᠯᠤᠨ ᠰᠠᠭᠤᠭᠠᠯᠢ ᠠᠷᠠᠳ ᠤᠨ ᠪᠤᠰᠤ ᠢᠯᠴᠢ ᠬᠡᠷᠡᠭᠯᠡᠬᠦ ᠦᠨ᠎ᠡ ᠬᠠᠩᠰᠢ ᠭᠡᠵᠦ ᠬᠤᠪᠢᠶᠠᠨ᠎ᠠ᠃ ᠦᠨᠳᠦᠰᠦᠨ ᠢᠯᠴᠢ ᠶᠢᠨ ᠦᠨ᠎ᠡ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠲᠠᠯᠠᠪᠠᠢ ᠶᠢᠨ ᠢᠯᠴᠢ ᠶᠢᠨ ᠦᠨ᠎ᠡ ᠶᠢᠨ 30 % ᠶᠢ ᠦᠨᠳᠦᠰᠦᠯᠡᠨ ᠲᠣᠭᠲᠠᠭᠠᠵᠤ᠂ ᠬᠡᠮᠵᠢᠯᠲᠡ ᠶᠢᠨ ᠢᠯᠴᠢ ᠶᠢᠨ ᠦᠨ᠎ᠡ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠲᠠᠯᠠᠪᠠᠢ ᠶᠢᠨ ᠢᠯᠴᠢ ᠶᠢᠨ ᠦᠨ᠎ᠡ᠂ ᠦᠨᠳᠦᠰᠦᠨ ᠢᠯᠴᠢ ᠶᠢᠨ ᠦᠨ᠎ᠡ᠂ ᠲᠤᠬᠠᠶ ᠶᠢᠨ ᠭᠠᠵᠠᠷ ᠤᠨ ᠳᠤᠯᠠᠭᠠᠯᠠᠭ᠎ᠠ ᠶᠢᠨ ᠬᠤᠭᠤᠴᠠᠭᠠᠨ ᠳᠤ ᠲᠡᠭᠰᠢ ᠳᠥᠷᠪᠡᠯᠵᠢᠨ ᠮᠧᠲᠷ ᠪᠦᠷᠢ ᠳᠤ ᠢᠯᠴᠢ ᠶᠢᠨ ᠬᠡᠮᠵᠢᠶ᠎ᠡ ᠵᠡᠷᠭᠡ ᠭᠦᠶᠴᠡᠳᠬᠡᠬᠦ ᠲᠤᠭ᠎ᠠ ᠶᠢ ᠦᠨᠳᠦᠰᠦᠯᠡᠨ ᠵᠢᠱᠢᠨ ᠪᠣᠳᠣᠵᠤ ᠲᠣᠭᠲᠠᠭᠠᠨ᠎ᠠ  ᠃    ᠦᠨᠳᠦᠰᠦᠨ ᠢᠯᠴᠢ ᠶᠢᠨ ᠰᠦᠶᠳᠬᠡᠯ ᠭᠡᠳᠡᠭ ᠨᠢ ᠢᠯᠴᠢ ᠬᠡᠷᠡᠭᠯᠡᠭᠴᠢ ᠦᠨᠳᠦᠰᠦᠨ ᠢᠯᠴᠢ ᠶᠢᠨ ᠦᠨ᠎ᠡ ᠪᠠ ᠰᠦᠶᠳᠬᠡᠯ ᠬᠤᠷᠢᠶᠠᠬᠤ ᠲᠠᠯᠠᠪᠠᠢ ᠪᠠᠷ ᠲᠤᠰᠢᠶᠠᠬᠤ ᠰᠦᠶᠳᠬᠡᠯ ᠢ ᠵᠢᠭᠠᠵᠤ ᠪᠠᠶᠢᠨ᠎ᠠ᠂ ᠢᠯᠴᠢ ᠬᠡᠷᠡᠭᠯᠡᠬᠦ ᠡᠰᠡᠬᠦ ᠶᠢ ᠬᠠᠮᠢᠶᠠᠷᠬᠤ ᠦᠭᠡᠢ ᠪᠦᠷ ᠲᠤᠰᠢᠶᠠᠬᠤ ᠬᠡᠷᠡᠭᠲᠡᠶ  ᠃    ᠬᠡᠮᠵᠢᠯᠲᠡ ᠶᠢᠨ ᠢᠯᠴᠢ ᠶᠢᠨ ᠰᠦᠶᠳᠬᠡᠯ ᠭᠡᠳᠡᠭ ᠨᠢ ᠢᠯᠴᠢ ᠬᠡᠷᠡᠭᠯᠡᠭᠴᠢᠳ ᠤᠨ ᠢᠯᠴᠢ ᠶᠢᠨ ᠬᠡᠮᠵᠢᠶ᠎ᠡ ᠶᠢ ᠬᠡᠮᠵᠢᠬᠦ ᠦᠨ᠎ᠡ ᠪᠠ ᠢᠯᠴᠢ ᠶᠢᠨ ᠬᠡᠮᠵᠢᠶ᠎ᠡ ᠪᠠᠷ ᠲᠤᠰᠢᠶᠠᠬᠤ ᠰᠦᠶᠳᠬᠡᠯ ᠢ ᠵᠢᠭᠠᠵᠤ ᠪᠠᠶᠢᠨ᠎ᠠ᠃   ᠢᠯᠴᠢ ᠡᠭᠦᠰᠭᠡᠬᠦ ᠬᠤᠶᠠᠷ ᠵᠦᠶᠯ ᠤᠨ ᠦᠨ᠎ᠡ ᠶᠢ ᠪᠤᠳᠤᠬᠤ ᠲᠣᠮᠢᠶ᠎ᠠ ᠨᠢ᠄   ᠶᠡᠷᠦᠩᠬᠡᠶ ᠢᠯᠴᠢ ᠶᠢᠨ ᠰᠦᠢᠳᠬᠡᠯ = ᠦᠨᠳᠦᠰᠦᠨ ᠢᠯᠴᠢ ᠶᠢᠨ ᠰᠦᠢᠳᠬᠡᠯ + ᠬᠡᠮᠵᠢᠯᠲᠡ ᠶᠢᠨ ᠢᠯᠴᠢ ᠶᠢᠨ ᠰᠦᠢᠳᠬᠡᠯ   ᠦᠨᠳᠦᠰᠦᠨ ᠢᠯᠴᠢ ᠶᠢᠨ ᠰᠦᠢᠳᠬᠡᠯ = ᠦᠨᠳᠦᠰᠦᠨ ᠢᠯᠴᠢ ᠶᠢᠨ ᠦᠨ᠎ᠡ ×  ᠰᠦᠢᠳᠬᠡᠯ ᠪᠣᠳᠣᠬᠤ ᠲᠠᠯᠠᠪᠠᠢ ᠬᠡᠮᠵᠢᠯᠲᠡ ᠶᠢᠨ ᠢᠯᠴᠢ ᠶᠢᠨ ᠰᠦᠢᠳᠬᠡᠯ =  ᠬᠡᠮᠵᠢᠯᠲᠡ ᠶᠢᠨ ᠢᠯᠴᠢ ᠶᠢᠨ ᠦᠨ᠎ᠡ × ᠢᠯᠴᠢ ᠵᠠᠷᠤᠴᠠᠭᠤᠯᠬᠤ ᠬᠡᠮᠵᠢᠶ᠎ᠡ ︵ᠲᠣᠰ ᠬᠤᠭᠤᠴᠠᠭᠠᠨ ᠤ ᠢᠯᠴᠢ ᠶᠢᠨ ᠬᠡᠮᠵᠢᠭᠦᠷ ᠢ ᠤᠩᠰᠢᠬᠤ ᠲᠤᠭ᠎ᠠ︶   ᠦᠨᠳᠦᠰᠦᠨ ᠢᠯᠴᠢ ᠶᠢᠨ ᠦᠨ᠎ᠡ = ᠣᠳᠣ ᠶᠢᠨ ᠬᠡᠷᠡᠭᠵᠢᠭᠦᠯᠵᠦ ᠪᠠᠶᠢᠭ᠎ᠠ ᠲᠠᠯᠠᠪᠠᠢ ᠶᠢᠨ ᠢᠯᠴᠢ ᠶᠢᠨ ᠦᠨ᠎ᠡ × 30 % ᠶᠢᠨ ᠬᠠᠷᠢᠴᠠᠯ ᠬᠡᠮᠵᠢᠯᠲᠡ ᠶᠢᠨ ᠢᠯᠴᠢ ᠶᠢᠨ ᠦᠨ᠎ᠡ = ︵ᠲᠠᠯᠠᠪᠠᠢ ᠶᠢᠨ ᠢᠯᠴᠢ ᠶᠢᠨ ᠦᠨ᠎ᠡ — ᠦᠨᠳᠦᠰᠦᠨ ᠢᠯᠴᠢ ᠶᠢᠨ ᠦᠨ᠎ᠡ︶ ÷ ᠢᠯᠴᠢ ᠬᠡᠷᠡᠭᠯᠡᠬᠦ ᠡᠷᠦᠬᠡ ᠶᠢᠨ ᠳᠤᠯᠠᠭᠠᠯᠠᠬᠤ  ᠬᠤᠭᠤᠴᠠᠭᠠᠨ ᠳᠠᠬᠢ ᠲᠡᠭᠰᠢ ᠳᠥᠷᠪᠡᠯᠵᠢᠨ ᠮᠧᠲᠷ ᠪᠦᠷᠢ ᠳᠤ ᠬᠡᠷᠡᠭᠯᠡᠬᠦ ᠢᠯᠴᠢ(GJ/ M2)                   ᠭᠤᠷᠪᠠᠳᠤᠭᠠᠷ ᠪᠦᠯᠦᠭ    ᠰᠦᠶᠳᠬᠡᠯ ᠬᠤᠷᠢᠶᠠᠬᠤ ᠶᠢᠨ ᠬᠠᠮᠢᠶᠠᠷᠤᠯᠲᠠ ᠶᠢᠨ ᠠᠷᠭ᠎ᠠ   ᠳᠣᠯᠣᠳᠤᠭᠠᠷ ᠵᠦᠶᠯ   ᠢᠯᠴᠢ ᠶᠢᠨ ᠰᠦᠶᠳᠬᠡᠯ ᠢ ᠤᠷᠢᠳᠴᠢᠯᠠᠨ ᠥᠭᠬᠦ ᠬᠡᠯᠪᠡᠷᠢ ᠪᠠᠷ ᠲᠤᠰᠢᠶᠠᠨ᠎ᠠ᠃ ᠢᠯᠴᠢ ᠬᠡᠷᠡᠭᠯᠡᠭᠴᠢᠳ ᠵᠢᠯ ᠪᠦᠷᠢ ᠶᠢᠨ ᠳᠤᠯᠠᠭᠠᠯᠠᠬᠤ ᠬᠤᠭᠤᠴᠠᠭ᠎ᠠ ᠡᠬᠢᠯᠡᠬᠦ ᠠᠴᠠ ᠠᠷᠪᠠᠨ ᠡᠳᠦᠷ ᠤᠨ ᠡᠮᠦᠨ᠎ᠡ ᠲᠣᠰ ᠳᠤᠯᠠᠭᠠᠯᠠᠬᠤ ᠬᠤᠭᠤᠴᠠᠭᠠᠨ ᠤ ᠢᠯᠴᠢ ᠶᠢᠨ ᠰᠦᠶᠳᠬᠡᠯ ᠢᠶᠠᠨ ᠲᠤᠰᠢᠶᠠᠵᠤ᠂ ᠲᠠᠯᠠᠪᠠᠢ ᠶᠣᠰᠣᠭᠠᠷ ᠨᠢ ᠪᠦᠬᠦ ᠢᠯᠴᠢ ᠶᠢᠨ ᠰᠦᠶᠳᠬᠡᠯ ᠢ ᠬᠤᠷᠢᠶᠠᠨ᠎ᠠ᠃ ᠢᠯᠴᠢ ᠬᠡᠷᠡᠭᠯᠡᠬᠦ ᠡᠷᠦᠬᠡ ᠨᠢᠭᠡ ᠯᠡ ᠤᠳᠠᠭ᠎ᠠ ᠳᠡᠭᠡᠷ᠎ᠡ ᠢᠯᠴᠢ ᠶᠢᠨ ᠰᠦᠶᠳᠬᠡᠯ ᠲᠤᠰᠢᠶᠠᠬᠤ ᠳᠤ ᠦᠨᠡᠬᠡᠷ ᠬᠦᠴᠢᠷᠲᠡᠶ ᠪᠠᠶᠢᠪᠠᠯ᠂ ᠢᠯᠴᠢ ᠬᠠᠩᠭᠠᠬᠤ ᠨᠢᠭᠡᠴᠢ ᠲᠠᠢ ᠵᠥᠪᠳᠡᠯᠴᠡᠵᠦ᠂ ᠲᠤᠰ ᠢᠯᠴᠢ ᠬᠠᠩᠭᠠᠬᠤ ᠬᠤᠭᠤᠴᠠᠭᠠᠨ ᠳᠤ ᠬᠤᠭᠤᠴᠠᠭ᠎ᠠ ᠬᠤᠪᠢᠶᠠᠨ ᠲᠤᠰᠢᠶᠠᠵᠤ ᠪᠣᠯᠤᠨ᠎ᠠ᠃ ᠢᠯᠴᠢ ᠬᠠᠩᠭᠠᠬᠤ ᠨᠢᠭᠡᠴᠢ ᠡᠷᠬᠡᠪᠰᠢ ᠰᠠᠷ᠎ᠠ ᠬᠤᠪᠢᠶᠠᠨ ᠬᠡᠮᠵᠢᠭᠦᠷ  ᠪᠠᠶᠢᠴᠠᠭᠠᠵᠤ᠂ ᠢᠯᠴᠢ ᠬᠤᠷᠣᠭᠳᠠᠭᠤᠯᠬᠤ ᠬᠡᠮᠵᠢᠶ᠎ᠡ ᠶᠢ ᠴᠠᠭ ᠲᠤᠬᠠᠶ ᠳᠤᠨᠢ ᠢᠯᠴᠢ ᠬᠡᠷᠡᠭᠯᠡᠭᠴᠢ ᠳᠤ ᠮᠡᠳᠡᠭᠳᠡᠵᠦ᠂ ᠳᠤᠯᠠᠭᠠᠨ ᠬᠠᠩᠭᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠲᠣᠭᠠᠴᠠᠭ᠎ᠠ ᠬᠢᠬᠦ ᠬᠡᠷᠡᠭᠲᠡᠶ  ᠃    ᠨᠠᠢᠮᠠᠳᠤᠭᠠᠷ ᠵᠦᠶᠯ   ᠢᠯᠴᠢ ᠬᠠᠩᠭᠠᠯᠲᠠ ᠶᠢᠨ ᠬᠡᠮᠵᠢᠯᠲᠡ ᠶᠢᠨ ᠰᠦᠶᠳᠬᠡᠯ ᠬᠤᠷᠢᠶᠠᠬᠤ ᠡᠬᠢᠯᠡᠯᠲᠡ ᠶᠢᠨ ᠱᠠᠲᠤ ᠦᠶ᠎ᠡ  ᠳᠤ᠂ ᠬᠡᠷᠡᠭᠯᠡᠭᠴᠢ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠠᠪᠴᠤ᠂ ᠢᠯᠴᠢ ᠬᠠᠩᠭᠠᠯᠲᠠ ᠶᠢᠨ ᠬᠡᠮᠵᠢᠯᠲᠡ ᠶᠢ ᠬᠡᠷᠡᠭᠵᠢᠭᠦᠯᠦᠭᠰᠡᠨ ᠭᠤᠷᠪᠠᠨ ᠵᠢᠯ ᠤᠨ ᠳᠣᠲᠣᠷ᠎ᠠ᠂ ᠢᠯᠴᠢ ᠬᠠᠩᠭᠠᠬᠤ ᠠᠵᠤ ᠠᠬᠤᠶᠢᠯᠠᠯ ᠤᠨ ᠢᠯᠴᠢ ᠶᠢᠨ ᠰᠦᠶᠳᠬᠡᠯ ᠢ ᠳ᠋ᠦᠩᠨᠡᠨ ᠪᠣᠳᠣᠬᠤ ᠦᠶ᠎ᠡ ᠳᠤ᠂ ᠬᠡᠮᠵᠢᠯᠲᠡ ᠪᠠᠷ ᠬᠤᠷᠢᠶᠠᠬᠤ ᠢᠯᠴᠢ ᠶᠢᠨ ᠰᠦᠶᠳᠬᠡᠯ ᠨᠢ ᠬᠠᠷᠠᠭᠠᠯᠵᠠᠭᠰᠠᠨ ᠲᠠᠯᠠᠪᠠᠢ ᠪᠠᠷ ᠬᠤᠷᠢᠶᠠᠬᠤ ᠲᠤᠭ᠎ᠠ ᠬᠡᠮᠵᠢᠶ᠎ᠡ ᠠᠴᠠ ᠥᠨᠳᠥᠷ ᠪᠠᠶᠢᠪᠠᠯ᠂ ᠲᠠᠯᠠᠪᠠᠢ ᠶᠢᠨ ᠰᠦᠶᠳᠬᠡᠯ ᠬᠤᠷᠢᠶᠠᠬᠤ ᠲᠤᠭ᠎ᠠ ᠪᠠᠷ ᠬᠤᠷᠢᠶᠠᠬᠤ ᠬᠡᠷᠡᠭᠲᠡᠶ᠃ ᠲᠣᠬᠢᠷᠠᠬᠤ ᠲᠠᠯᠠᠪᠠᠢ ᠠᠴᠠ ᠳᠣᠤᠷ᠎ᠠ ᠦᠨ᠎ᠡ ᠪᠠᠷ ᠰᠦᠶᠳᠬᠡᠯ ᠬᠤᠷᠢᠶᠠᠬᠤ ᠦᠶ᠎ᠡ ᠳᠤ᠂ ᠬᠡᠮᠵᠢᠭᠦᠷ ᠤᠨ ᠰᠦᠶᠳᠬᠡᠯ ᠬᠤᠷᠢᠶᠠᠬᠤ ᠲᠤᠭ᠎ᠠ ᠪᠠᠷ ᠬᠤᠷᠢᠶᠠᠵᠤ᠂ ᠢᠯᠡᠭᠦᠦ ᠬᠤᠷᠢᠶᠠᠭᠰᠠᠨ ᠢᠯᠴᠢ ᠶᠢᠨ ᠰᠦᠶᠳᠬᠡᠯ ᠢ ᠢᠯᠴᠢ  ᠬᠡᠷᠡᠭᠯᠡᠭᠴᠢ ᠳᠤ ᠪᠤᠴᠠᠭᠠᠬᠤ ᠬᠡᠷᠡᠭᠲᠡᠶ᠃ ᠢᠯᠴᠢ ᠬᠠᠩᠭᠠᠬᠤ ᠬᠡᠮᠵᠢᠯᠲᠡ ᠶᠢᠨ ᠵᠠᠷᠤᠳᠠᠯ ᠤᠨ ᠲᠠᠰᠤᠷᠠᠯᠲᠠ ᠦᠭᠡᠢ ᠠᠬᠢᠬᠤ ᠶᠢ ᠳᠠᠭᠠᠯᠳᠤᠨ᠂ ᠭᠤᠷᠪᠠᠨ ᠵᠢᠯ ᠤᠨ ᠳᠠᠷᠠᠭ᠎ᠠ ᠠᠯᠬᠤᠮ ᠠᠯᠬᠤᠮ ᠢᠶᠠᠷ ᠬᠡᠳᠦᠶ ᠢᠯᠴᠢ  ᠬᠡᠷᠡᠭᠯᠡᠪᠡᠯ᠂  ᠲᠡᠳᠦᠢ ᠵᠣᠭᠤᠰ ᠲᠤᠰᠢᠶᠠᠬᠤ ᠰᠢᠯᠵᠢᠯᠲᠠ ᠶᠢ ᠪᠡᠶᠡᠯᠡᠭᠦᠯᠦᠨ᠎ᠡ᠃    ᠶᠢᠰᠦᠳᠦᠭᠡᠷ ᠵᠦᠶᠯ   ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠰᠦᠶᠳᠬᠡᠯ ᠬᠤᠷᠢᠶᠠᠬᠤ ᠶᠢ ᠬᠡᠷᠡᠭᠵᠢᠭᠦᠯᠵᠦ ᠪᠠᠶᠢᠭ᠎ᠠ ᠬᠡᠷᠡᠭᠯᠡᠭᠴᠢ᠂ ᠢᠯᠴᠢ ᠬᠡᠮᠵᠢᠯᠲᠡ ᠶᠢᠨ ᠬᠡᠮᠵᠢᠭᠦᠷ ᠤᠨ ᠡᠪᠳᠡᠷᠡᠯ ᠵᠢᠴᠢ ᠶᠠᠰᠤ ᠴᠢᠨᠠᠷ ᠵᠡᠷᠭᠡ ᠰᠢᠯᠲᠠᠭᠠᠨ ᠠᠴᠠ ᠪᠣᠯᠵᠤ ᠬᠡᠮᠵᠢᠯᠲᠡ ᠶᠢᠨ ᠲᠤᠭ᠎ᠠ ᠪᠠᠷᠢᠮᠲᠠ ᠨᠢ ᠦᠨᠡᠨ ᠪᠤᠰᠤ ᠪᠣᠯᠤᠭᠰᠠᠨ ᠪᠠᠶᠢᠪᠠᠯ᠂ ᠲᠠᠯᠠᠪᠠᠢ ᠶᠣᠰᠣᠭᠠᠷ ᠰᠦᠶᠳᠬᠡᠯ ᠬᠤᠷᠢᠶᠠᠵᠤ ᠲᠠᠰᠤᠯᠤᠨ ᠪᠣᠳᠣᠨ᠎ᠠ᠃   ᠠᠷᠪᠠᠳᠤᠭᠠᠷ ᠵᠦᠶᠯ   ᠢᠯᠴᠢ ᠬᠡᠷᠡᠭᠯᠡᠬᠦ ᠦᠭᠡᠢ ᠭᠡᠵᠦ ᠭᠤᠶᠤᠴᠢᠯᠠᠭᠰᠠᠨ ᠬᠡᠷᠡᠭᠯᠡᠭᠴᠢ ᠠᠴᠠ ᠡᠯ᠎ᠡ ᠭᠠᠵᠠᠷ ᠤᠨ ᠬᠢᠨ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠢᠯᠴᠢ ᠶᠢ ᠨᠡᠭᠡᠭᠡᠬᠦ ᠦᠭᠡᠢ ᠢᠯᠴᠢ ᠬᠠᠩᠭᠠᠬᠤ ᠦᠨᠳᠦᠰᠦᠨ ᠰᠦᠶᠳᠬᠡᠯ ᠢ ᠬᠤᠷᠢᠶᠠᠨ ᠠᠪᠴᠤ᠂ ᠬᠠᠮᠤᠭ ᠤᠨ ᠥᠨᠳᠥᠷ ᠲᠡᠭᠡᠨ 30 % ᠠᠴᠠ ᠬᠡᠲᠦᠷᠡᠭᠦᠯᠵᠦ ᠪᠣᠯᠬᠤ ᠦᠭᠡᠢ᠂ ᠡᠭᠦᠨ ᠢᠶᠠᠷ ᠢᠯᠴᠢ ᠬᠠᠩᠭᠠᠬᠤ ᠨᠢᠭᠡᠴᠢ ᠶᠢᠨ ᠬᠡᠷᠡᠭᠯᠡᠭᠴᠢ ᠶᠢᠨ ᠪᠠᠭᠲᠠᠭᠠᠮᠵᠢ ᠶᠢᠨ ᠥᠪᠡᠷ ᠤᠨ ᠥᠷᠲᠡᠭ ᠤᠨ ᠵᠠᠷᠤᠯᠭ᠎ᠠ ᠵᠢᠴᠢ ᠢᠯᠴᠢ ᠳᠠᠮᠵᠢᠯᠲᠠ ᠶᠢᠨ ᠬᠤᠷᠣᠭᠳᠠᠯ ᠵᠡᠷᠭᠡ ᠶᠢ ᠨᠥᠬᠦᠪᠥᠷᠢᠯᠡᠵᠦ ᠪᠣᠯᠤᠨ᠎ᠠ᠂ ᠪᠣᠳᠠᠲᠠᠶ ᠪᠠᠷᠢᠮᠵᠢᠶ᠎ᠠ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃   ᠠᠷᠪᠠᠨ ᠨᠢᠭᠡᠳᠦᠭᠡᠷ ᠵᠦᠶᠯ   ᠢᠯᠴᠢ ᠬᠠᠩᠭᠠᠬᠤ ᠬᠤᠭᠤᠴᠠᠭᠠᠨ ᠳᠤ ᠶᠠᠮᠠᠷ ᠨᠢᠭᠡᠨ ᠰᠢᠯᠲᠠᠭᠠᠨ ᠠᠴᠠ ᠪᠣᠯᠣᠭᠠᠳ ᠢᠯᠴᠢ ᠬᠠᠩᠭᠠᠭᠰᠠᠨ ᠦᠭᠡᠢ ᠪᠣᠯ ᠢᠯᠴᠢ ᠬᠠᠩᠭᠠᠬᠤ ᠨᠢᠭᠡᠴᠢ ᠨᠢ ᠪᠣᠳᠠᠲᠠᠶ ᠬᠠᠩᠭᠠᠭᠰᠠᠨ ᠦᠭᠡᠢ ᠡᠳᠦᠷ ᠤᠨ ᠲᠤᠭ᠎ᠠ ᠪᠠᠷ ᠢᠯᠴᠢ ᠬᠡᠷᠡᠭᠯᠡᠭᠰᠡᠨ ᠡᠷᠦᠬᠡ ᠶᠢᠨ ᠦᠨᠳᠦᠰᠦᠨ ᠢᠯᠴᠢ ᠶᠢᠨ ᠰᠦᠶᠳᠬᠡᠯ ᠤᠨ ᠬᠡᠰᠡᠭ ᠢ ᠬᠠᠰᠤᠵᠤ ᠬᠤᠷᠢᠶᠠᠨ᠎ᠠ᠃                     ᠳᠥᠷᠪᠡᠳᠦᠭᠡᠷ ᠪᠦᠯᠦᠭ   ᠢᠯᠴᠢ ᠶᠢᠨ ᠦᠨ᠎ᠡ ᠶᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ   ᠠᠷᠪᠠᠨ ᠬᠤᠶᠠᠳᠤᠭᠠᠷ ᠵᠦᠶᠯ   ᠢᠯᠴᠢ ᠬᠠᠩᠭᠠᠬᠤ ᠨᠢᠭᠡᠴᠢ ᠵᠠᠰᠠᠭ ᠤᠨ ᠣᠷᠳᠣᠨ ᠤ ᠲᠣᠭᠲᠠᠭᠠᠭᠰᠠᠨ ᠢᠯᠴᠢ ᠬᠠᠩᠭᠠᠬᠤ ᠦᠨ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠢᠯᠴᠢ ᠶᠢᠨ ᠦᠨ᠎ᠡ ᠶᠢ ᠳᠤᠷ᠎ᠠ ᠪᠠᠷ ᠢᠶᠠᠨ ᠥᠰᠬᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠡᠮᠡᠭᠳᠡᠭᠦᠯᠵᠦ ᠪᠣᠯᠬᠤ ᠦᠭᠡᠢ  ᠃    ᠠᠷᠪᠠᠨ ᠭᠤᠷᠪᠠᠳᠤᠭᠠᠷ ᠵᠦᠶᠯ   ᠢᠯᠴᠢ ᠬᠡᠷᠡᠭᠯᠡᠬᠦ ᠡᠷᠦᠬᠡ ᠲᠣᠭᠲᠠᠭᠠᠭᠰᠠᠨ ᠢᠯᠴᠢ ᠶᠢᠨ ᠦᠨ᠎ᠡ ᠶᠣᠰᠣᠭᠠᠷ ᠢᠯᠴᠢ ᠬᠠᠩᠭᠠᠬᠤ ᠰᠦᠶᠳᠬᠡᠯ ᠢ ᠴᠠᠭ ᠲᠤᠬᠠᠶ ᠳᠤᠨᠢ ᠲᠤᠰᠢᠶᠠᠬᠤ ᠬᠡᠷᠡᠭᠲᠡᠶ᠃ ᠵᠦᠶ ᠶᠣᠰᠣᠨ ᠤ ᠰᠢᠯᠲᠠᠭᠠᠨ ᠦᠭᠡᠢ ᠪᠠᠷ ᠢᠯᠴᠢ ᠬᠠᠩᠭᠠᠬᠤ ᠵᠠᠷᠤᠳᠠᠯ ᠲᠤᠰᠢᠶᠠᠬᠤ ᠶᠢ ᠲᠡᠪᠴᠢᠭᠰᠡᠨ ᠬᠡᠷᠡᠭᠯᠡᠭᠴᠢᠳ ᠲᠤ᠂ ᠢᠯᠴᠢ ᠬᠠᠩᠭᠠᠬᠤ  ᠨᠢᠭᠡᠴᠢ ᠨᠢ ᠢᠯᠴᠢ ᠬᠡᠷᠡᠭᠯᠡᠬᠦ ᠡᠷᠦᠬᠡ ᠶᠢᠨ ᠪᠦᠬᠦ ᠲᠣᠭᠠᠨ ᠤ ᠢᠯᠴᠢ ᠶᠢᠨ ᠵᠠᠷᠤᠳᠠᠯ ᠤᠨ ᠵᠣᠭᠤᠰ ᠤᠨ ᠲᠤᠭ᠎ᠠ ᠶᠢᠨ 1‰  ᠪᠠᠷ ᠡᠳᠦᠷ ᠪᠦᠷᠢ ᠲᠣᠷᠭᠠᠭᠤᠯᠢ ᠶᠢᠨ ᠮᠥᠩᠭᠦ ᠬᠤᠷᠢᠶᠠᠵᠤ ᠪᠣᠯᠤᠨ᠎ᠠ᠃   ᠠᠷᠪᠠᠨ ᠳᠥᠷᠪᠡᠳᠦᠭᠡᠷ ᠵᠦᠶᠯ   ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠢᠯᠴᠢ ᠬᠠᠩᠭᠠᠬᠤ ᠥᠪᠡᠷ ᠤᠨ ᠥᠷᠲᠡᠭ ᠢ ᠬᠢᠨᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠢᠯᠴᠢ ᠬᠠᠩᠭᠠᠬᠤ ᠨᠢᠭᠡᠴᠢ ᠶᠢᠨ ᠪᠦᠲᠦᠮᠵᠢᠲᠡᠶ ᠥᠪᠡᠷ ᠤᠨ ᠥᠷᠲᠡᠭ ᠢ ᠬᠢᠵᠠᠭᠠᠷᠯᠠᠬᠤ ᠲᠣᠭᠲᠠᠴᠠ ᠪᠠᠶᠢᠭᠤᠯᠬᠤ ᠶᠢ ᠠᠬᠢᠭᠤᠯᠬᠤ ᠬᠡᠷᠡᠭᠲᠡᠶ᠃   ᠠᠷᠪᠠᠨ ᠲᠠᠪᠤᠳᠤᠭᠠᠷ ᠵᠦᠶᠯ   ᠬᠤᠲᠠ ᠶᠢᠨ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠯᠴᠢ ᠬᠠᠩᠭᠠᠬᠤ ᠦᠨ᠎ᠡ ᠬᠠᠩᠰᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠪᠠ ᠪᠠᠶᠢᠴᠠᠭᠠᠬᠤ ᠠᠵᠢᠯ ᠢᠶᠠᠨ ᠴᠢᠩᠭᠠᠳᠬᠠᠬᠤ ᠬᠡᠷᠡᠭᠲᠡᠶ᠃   ᠠᠷᠪᠠᠨ ᠵᠢᠷᠭᠤᠳᠤᠭᠠᠷ ᠵᠦᠢᠯ   ᠬᠤᠲᠠ ᠶᠢᠨ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠᠨ ᠴᠢᠩᠭᠠᠳᠬᠠᠵᠤ᠂ ᠣᠯᠠᠨ ᠲᠦᠮᠡᠨ ᠤ ᠢᠯᠴᠢ ᠬᠠᠩᠭᠠᠬᠤ ᠦᠨ᠎ᠡ ᠬᠠᠩᠰᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ᠎ᠠ᠃                   ᠲᠠᠪᠤᠳᠤᠭᠠᠷ ᠪᠦᠯᠦᠭ    ᠳᠠᠭᠠᠯᠳᠤᠭᠤᠯᠤᠭᠰᠠᠨ ᠳᠦᠷᠢᠮ   ᠠᠷᠪᠠᠨ ᠳᠣᠯᠣᠳᠤᠭᠠᠷ ᠵᠦᠶᠯ   ᠬᠤᠶᠠᠷ ᠵᠦᠢᠯ ᠤᠨ ᠪᠤᠳᠤᠬᠤ ᠠᠷᠭ᠎ᠠ ᠪᠠᠷ ᠢᠯᠴᠢ ᠶᠢᠨ ᠰᠦᠢᠳᠬᠡᠯ ᠪᠣᠳᠣᠬᠤ ᠨᠥᠬᠦᠴᠡᠯ ᠢ ᠲᠦᠷ ᠪᠦᠷᠢᠯᠳᠦᠭᠦᠯᠦᠭᠡᠳᠦᠶ ᠪᠠᠷᠢᠯᠭ᠎ᠠ ᠳᠤ ᠪᠣᠯ ᠰᠢᠯᠵᠢᠯᠲᠡ ᠶᠢᠨ ᠬᠤᠭᠤᠴᠠᠭᠠᠨ ᠳᠤ ᠪᠠᠷᠢᠯᠭ᠎ᠠ ᠶᠢᠨ ᠲᠠᠯᠠᠪᠠᠢ ᠪᠠᠷ ᠢᠯᠴᠢ ᠶᠢᠨ ᠰᠦᠢᠳᠬᠡᠯ ᠢ ᠪᠣᠳᠣᠵᠤ ᠬᠤᠷᠢᠶᠠᠬᠤ ᠶᠢ ᠬᠡᠷᠡᠭᠵᠢᠭᠦᠯᠵᠦ᠂ ᠰᠦᠢᠳᠬᠡᠯ ᠪᠣᠳᠣᠬᠤ ᠨᠥᠬᠦᠴᠡᠯ ᠪᠦᠷᠢᠯᠳᠦᠭᠰᠡᠨ ᠤ ᠳᠠᠷᠠᠭ᠎ᠠ ᠠᠯᠬᠤᠮ ᠠᠯᠬᠤᠮ ᠢᠶᠠᠷ ᠢᠯᠴᠢ ᠬᠠᠩᠭᠠᠬᠤ ᠬᠡᠮᠵᠢᠯᠲᠡ ᠶᠢᠨ ᠰᠦᠢᠳᠬᠡᠯ ᠬᠤᠷᠢᠶᠠᠬᠤ ᠶᠢ ᠬᠡᠷᠡᠭᠵᠢᠭᠦᠯᠵᠦ ᠪᠣᠯᠤᠨ᠎ᠠ᠃   ᠠᠷᠪᠠᠨ ᠨᠠᠢᠮᠠᠳᠤᠭᠠᠷ ᠵᠦᠶᠯ   ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠦᠨ᠎ᠡ ᠂ ᠲᠤᠷᠰᠢᠨ ᠶᠠᠪᠤᠭᠤᠯᠬᠤ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠃   ᠠᠷᠪᠠ ᠶᠢᠰᠦᠳᠦᠭᠡᠷ ᠵᠦᠢᠯ   ᠲᠤᠷᠰᠢᠨ ᠬᠡᠷᠡᠭᠵᠢᠭᠦᠯᠬᠦ ᠬᠤᠭᠤᠴᠠᠭᠠᠨ ᠤ ᠳᠠᠷᠠᠭ᠎ᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠰ ᠠᠷᠭ᠎ᠠ ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠨ᠎ᠡ᠃                                                     ᠣᠷᠴᠢᠭᠤᠯᠤᠭᠴᠢ᠄ ᠭᠤᠸ᠎ᠠ                                                      ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2