︵2017 ᠤᠨ ᠤ 12 ᠰᠠᠷ᠎ᠠ ᠶᠢᠨ 29 ᠤ ᠡᠳᠦᠷ ᠤᠯᠠᠭᠠᠨᠴᠠᠪ ᠬᠤᠳᠠ ᠶᠢᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠭᠤᠴᠢᠨ ᠳᠠᠪᠤᠳᠤᠭᠠᠷ ᠤᠳᠠᠭᠠᠨ ᠤ ᠬᠤᠷᠠᠯᠳᠤᠭᠠᠨ ᠢᠶᠠᠷ ᠪᠠᠳᠤᠯᠠᠪᠠ 2018 ᠤᠨ ᠤ 12 ᠰᠠᠷ᠎ᠠ ᠶᠢᠨ 6 ᠤ | ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠤᠳᠠᠭᠠᠨ ᠤ | ᠬᠤᠷᠠᠯᠳᠤᠭᠠᠨ ᠢᠶᠠᠷ ᠵᠦᠪᠰᠢᠶᠡᠷᠡᠬᠦᠯᠪᠡ︶ | | | ᠨᠢᠭᠡᠳᠦᠭᠡᠷ ᠵᠦᠢᠯ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠶᠢ ᠳᠦᠷᠢᠮᠵᠢᠬᠦᠯᠵᠦ᠂ | ᠦᠮᠴᠢᠳᠡᠨ ᠪᠤᠯᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠤᠯᠢ ᠶᠤᠰᠤᠨ ᠤ ᠡᠷᠭᠡ ᠠᠰᠢᠭ | ᠢ ᠬᠠᠮᠠᠭᠠᠯᠠᠵᠤ᠂ ᠠᠮᠢᠳᠤᠷᠠᠯ ᠪᠠ ᠠᠵᠢᠯ ᠤᠨ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠬᠤ ᠶᠢᠨ | ᠳᠤᠰᠠᠳᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠤᠳᠠᠰ ᠤᠨ ᠡᠷᠭᠡ ᠶᠢᠨ ᠬᠠᠤᠯᠢ︾ ᠪᠤᠯᠤᠨ | ᠲᠦᠷᠦ ᠶᠢᠨ ᠶᠠᠪᠤᠳᠠᠯ ᠤᠨ ᠬᠤᠷᠢᠶᠠᠨ ᠤ ︽ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ︾ ︽ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠳᠦᠷᠢᠮ︾ ᠵᠡᠷᠭᠡ ᠬᠠᠤᠯᠢ | ᠴᠠᠭᠠᠵᠠ᠂ ᠬᠠᠤᠯᠢ ᠳᠤᠭᠳᠠᠭᠠᠯ ᠤᠨ ᠳᠤᠭᠳᠠᠭᠠᠯ ᠢ ᠦᠨᠳᠦᠰᠦᠯᠡᠵᠦ᠂ ᠲᠤᠰ ᠬᠤᠳᠠ ᠶᠢᠨ ᠢᠶᠠᠨ ᠪᠤᠳᠠᠳᠤ ᠪᠠᠶᠢᠳᠠᠯ | ᠲᠠᠢ ᠪᠠᠨ ᠤᠶᠠᠯᠳᠤᠭᠤᠯᠤᠨ᠂ ᠲᠤᠰ ᠲᠦᠷᠢᠮ ᠢ ᠳᠤᠭᠳᠠᠭᠠᠪᠠ᠃ | ᠬᠤᠶᠠᠳᠤᠭᠠᠷ ᠵᠦᠢᠯ ᠲᠤᠰ ᠬᠤᠳᠠ ᠶᠢᠨ ᠵᠠᠰᠠᠭ ᠵᠠᠬᠢᠷᠭᠠᠨ ᠤ ᠤᠷᠤᠨ ᠳᠤᠳᠤᠷᠠᠬᠢ ᠠᠳᠠᠯ ᠠᠬᠤᠢ ᠶᠢᠨ | ᠬᠡᠷᠡᠭᠯᠡᠯᠳᠡ᠂ ᠬᠠᠮᠠᠭᠠᠯᠠᠯᠳᠠ᠂ ᠦᠢᠯᠡᠴᠢᠯᠡᠭᠡ ᠵᠢᠴᠢ ᠬᠠᠮᠢᠶ᠎ᠠ ᠪᠦᠬᠦᠢ ᠬᠢᠨᠠᠨ ᠬᠠᠮᠢᠶᠠᠷᠤᠯᠳᠠ ᠶᠢᠨ ᠠᠵᠢᠯᠯᠠᠭ᠎ᠠ ᠳᠤ | ᠲᠤᠰ ᠲᠦᠷᠢᠮ ᠢ ᠬᠡᠷᠡᠭᠯᠡᠨ᠎ᠡ᠃ | ᠭᠤᠷᠪᠠᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠳᠠ ᠳᠠᠭᠠᠨ ᠬᠠᠷᠢᠶ᠎ᠠ ᠭᠠᠵᠠᠷ ᠤᠨ ᠬᠠᠮᠢᠶᠠᠷᠤᠯᠳᠠ ᠶᠢᠨ | ᠵᠠᠷᠴᠢᠮ ᠢ ᠪᠠᠷᠢᠮᠳᠠᠯᠠᠵᠤ᠂ ᠠᠳᠠᠯ ᠠᠬᠤᠢ ᠶᠢᠨ ᠳᠤᠰᠬᠠᠢ ᠬᠠᠮᠢᠶᠠᠷᠤᠯᠳᠠ ᠶᠢ ᠬᠡᠷᠡᠭᠵᠢᠬᠦᠯᠬᠦ ᠪᠠᠷ ᠭᠤᠤᠯᠯᠠᠵᠤ᠂ | ᠦᠮᠴᠢᠳᠡᠨ ᠦᠪᠡᠷᠳᠡᠭᠡᠨ ᠬᠠᠮᠢᠶᠠᠷᠬᠤ ᠪᠠ ᠭᠠᠴᠠᠭ᠎ᠠ ᠲᠤᠰᠬᠤᠨ ᠤ ᠠᠷᠠᠳ ᠤᠨ ᠵᠦᠪᠯᠡᠯ᠂ ᠨᠡᠶᠢᠭᠡᠮ ᠳᠤᠭᠤᠷᠢᠭ ᠤᠨ | ᠰᠠᠭᠤᠭᠠᠯᠢ ᠠᠷᠠᠳ ᠤᠨ ᠵᠦᠪᠯᠡᠯ ᠤᠨ ᠬᠠᠮᠢᠶᠠᠷᠤᠯᠳᠠ ᠪᠠᠷ ᠬᠠᠪᠰᠤᠷᠭᠠᠭᠰᠠᠨ ᠬᠠᠮᠢᠶᠠᠷᠤᠯᠳᠠ ᠶᠢᠨ ᠵᠠᠭᠪᠤᠷ ᠢ | ᠬᠡᠷᠡᠭᠵᠢᠬᠦᠯᠵᠦ᠂ ᠦᠮᠴᠢᠳᠡᠨ ᠦᠪᠡᠷᠳᠡᠭᠡᠨ ᠬᠠᠮᠢᠶᠠᠷᠬᠤ ᠪᠠ ᠭᠠᠴᠠᠭ᠎ᠠ ᠲᠤᠰᠬᠤᠨ ᠤ ᠠᠷᠠᠳ ᠤᠨ ᠵᠦᠪᠯᠡᠯ᠂ | ᠨᠡᠶᠢᠭᠡᠮ ᠳᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠬᠠᠮᠢᠶᠠᠷᠬᠤ ᠨᠢ ᠵᠦᠪᠭᠡᠨ ᠳᠠᠩ ᠴᠤᠭᠴᠠᠳᠤ ᠠᠰᠠᠷ | ᠪᠤᠶᠤ ᠪᠦᠲᠦᠭᠡᠨ ᠪᠠᠶᠢᠭᠤᠯᠤᠭᠰᠠᠨ ᠬᠡᠪᠴᠢᠶ᠎ᠠ ᠪᠠᠷ ᠮᠠᠰᠢ ᠵᠢᠵᠢᠭ ᠪᠤᠯᠬᠤ ᠬᠠᠭᠤᠴᠢᠨ ᠤᠷᠤᠨ ᠰᠠᠭᠤᠴᠠ ᠶᠢᠨ ᠵᠢᠵᠢᠭ | ᠲᠤᠭᠤᠷᠢᠭ ᠲᠤ ᠬᠢᠵᠠᠭᠠᠷᠯᠠᠭᠳᠠᠨ᠎ᠠ᠃ | ᠲᠦᠷᠪᠡᠳᠦᠭᠡᠷ ᠵᠦᠢᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠳᠠᠯ ᠠᠬᠤᠢ ᠶᠢᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠪᠦᠬᠦ ᠬᠤᠳᠠ ᠶᠢᠨ ᠠᠳᠠᠯ ᠠᠬᠤᠢ ᠶᠢᠨ | ᠬᠠᠮᠢᠶᠠᠷᠤᠯᠳᠠ ᠶᠢᠨ ᠠᠵᠢᠯᠯᠠᠭᠠᠨ ᠤ ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠷᠢᠶᠠᠯᠠᠭᠳᠠᠬᠤ ᠤᠷᠤᠨ ᠤ ᠳᠤᠳᠤᠷᠠᠬᠢ ᠠᠳᠠᠯ ᠠᠬᠤᠢ ᠶᠢᠨ | ᠬᠠᠮᠢᠶᠠᠷᠤᠯᠳᠠ ᠶᠢᠨ ᠠᠵᠢᠯᠯᠠᠭᠠᠨ ᠤ ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠤ᠂ ᠬᠤᠳᠠ ᠶᠢᠨ ᠠᠷᠠᠳ | ᠤᠨ ᠵᠠᠰᠠᠭ ᠤᠨ ᠤᠷᠳᠤᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ | ᠤᠨ ᠲᠤᠬᠠᠶᠢᠯᠠᠭᠰᠠᠨ ᠠᠵᠢᠯ ᠤᠨ ᠬᠢᠨᠠᠨ ᠵᠢᠯᠤᠭᠤᠳᠤᠯᠭ᠎ᠠ ᠪᠠ ᠬᠢᠨᠠᠯᠳᠠ ᠶᠢ ᠬᠦᠯᠢᠶᠡᠨ᠎ᠡ᠃ | ᠬᠦᠭᠵᠢᠬᠦᠯᠦᠯᠳᠡ ᠪᠠ ᠦᠭᠡᠷᠡᠴᠢᠯᠡᠯᠳᠡ᠂ ᠲᠦᠯᠦᠪᠵᠢᠬᠦᠯᠭᠡ᠂ ᠡᠳ᠋ ᠤᠨ ᠵᠠᠰᠠᠭ᠂ ᠠᠮᠢ ᠠᠬᠤᠢ ᠶᠢᠨ | ᠤᠷᠴᠢᠨ ᠲᠤᠭᠤᠷᠢᠨ᠂ ᠬᠤᠳᠠ ᠶᠢᠨ ᠬᠠᠮᠢᠶᠠᠷᠤᠯᠳᠠ᠂ ᠳᠤᠳᠤᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ | ᠡᠷᠡᠬᠦᠯ ᠬᠠᠮᠠᠭᠠᠯᠠᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ᠂ ᠭᠠᠯ ᠤᠨᠳᠠᠷᠠᠭᠠᠬᠤ᠂ ᠪᠠᠶᠢᠭᠠᠯᠢ ᠶᠢᠨ ᠡᠬᠢ | ᠪᠠᠶᠠᠯᠢᠭ᠂ ᠠᠷᠠᠳ ᠤᠨ ᠠᠭᠠᠷ ᠤᠨ ᠰᠡᠷᠭᠡᠶᠢᠯᠡᠯᠳᠡ ᠵᠡᠷᠭᠡ ᠰᠠᠯᠠᠭ᠎ᠠ ᠮᠦᠴᠢᠷ ᠵᠢᠴᠢ ᠤᠰᠤ ᠬᠠᠩᠭᠠᠯᠳᠠ᠂ ᠴᠠᠬᠢᠯᠭᠠᠨ | ᠬᠠᠩᠭᠠᠯᠳᠠ᠂ ᠢᠯᠴᠢ ᠬᠠᠩᠭᠠᠯᠳᠠ᠂ ᠭᠡᠢ ᠬᠠᠩᠭᠠᠯᠳᠠ᠂ ᠴᠢᠮᠡᠭᠡ ᠬᠤᠯᠪᠤᠭ᠎ᠠ ᠵᠡᠷᠭᠡ ᠲᠤᠰᠬᠠᠢ ᠡᠵᠡᠩᠨᠡᠯᠳᠡ ᠶᠢᠨ | ᠨᠢᠭᠡᠴᠢ᠂ ᠦᠪᠡᠷᠰᠡᠳ ᠤᠨ ᠲᠤᠰᠢᠶᠠᠯ ᠬᠠᠷᠢᠭᠤᠴᠠᠯᠭ᠎ᠠ ᠶᠤᠰᠤᠭᠠᠷ ᠠᠳᠠᠯ ᠠᠬᠤᠢ ᠶᠢᠨ ᠬᠠᠮᠢᠶᠠᠷᠤᠯᠳᠠ ᠶᠢᠨ | ᠠᠵᠢᠯᠯᠠᠭ᠎ᠠ ᠯᠤᠭ᠎ᠠ ᠶᠢᠨ ᠬᠠᠮᠢᠶ᠎ᠠ ᠪᠦᠬᠦᠢ ᠠᠵᠢᠯ ᠢ ᠰᠠᠶᠢᠳᠤᠷ ᠬᠢᠨ᠎ᠡ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤᠰ ᠬᠠᠷᠢᠶᠠᠯᠠᠭᠳᠠᠬᠤ ᠲᠤᠭᠤᠷᠢᠭ ᠤᠨ ᠳᠤᠳᠤᠷᠠᠬᠢ ᠠᠳᠠᠯ ᠠᠬᠤᠢ ᠶᠢᠨ ᠦᠢᠯᠡᠴᠢᠯᠡᠭᠡᠨ ᠤ ᠤᠷᠤᠨ | ᠲᠤᠭᠤᠷᠢᠭ ᠤᠨ ᠦᠮᠴᠢᠳᠡᠨ ᠤ ᠶᠡᠭᠡ ᠬᠤᠷᠠᠯ ᠢ ᠵᠤᠬᠢᠶᠠᠨ ᠪᠠᠶᠢᠭᠤᠯᠬᠤ᠂ ᠵᠢᠭᠠᠨ ᠵᠢᠯᠤᠭᠤᠳᠬᠤ᠂ ᠵᠤᠬᠢᠴᠠᠭᠤᠯᠬᠤ | ᠠᠵᠢᠯ ᠢ ᠬᠠᠷᠢᠭᠤᠴᠠᠵᠤ᠂ ᠦᠮᠴᠢᠳᠡᠨ ᠤ ᠶᠡᠭᠡ ᠬᠤᠷᠠᠯ ᠤᠨ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠭᠡᠬᠦ ᠶᠢ ᠨᠢ ᠰᠢᠮᠳᠠᠭᠤᠯᠵᠤ᠂ ᠨᠡᠶᠢᠭᠡᠮ ᠲᠤᠭᠤᠷᠢᠭ ᠤᠨ ᠪᠦᠲᠦᠭᠡᠨ ᠪᠠᠶᠢᠭᠤᠯᠤᠯᠳᠠ ᠪᠤᠯᠤᠨ ᠠᠳᠠᠯ ᠠᠬᠤᠢ | ᠶᠢᠨ ᠦᠢᠯᠡᠴᠢᠯᠡᠭᠡ ᠶᠢᠨ ᠬᠠᠷᠢᠴᠠᠭ᠎ᠠ ᠶᠢ ᠵᠤᠬᠢᠴᠠᠭᠤᠯᠵᠤ᠂ ᠠᠳᠠᠯ ᠠᠬᠤᠢ ᠶᠢᠨ ᠵᠢᠭᠤᠷᠠᠯᠳᠤᠭᠠᠨ ᠢ ᠰᠢᠢᠳᠪᠦᠷᠢᠯᠡᠨ᠎ᠡ᠃ | | ᠭᠠᠴᠠᠭ᠎ᠠ ᠲᠤᠰᠬᠤᠨ ᠤ ᠠᠷᠠᠳ ᠤᠨ ᠵᠦᠪᠯᠡᠯ᠂ ᠨᠡᠶᠢᠭᠡᠮ ᠳᠤᠭᠤᠷᠢᠭ ᠤᠨ ᠰᠠᠭᠤᠭᠠᠯᠢ ᠠᠷᠠᠳ ᠤᠨ ᠵᠦᠪᠯᠡᠯ | ᠨᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠢ ᠬᠠᠪᠰᠤᠷᠴᠤ ᠠᠳᠠᠯ ᠠᠬᠤᠢ ᠶᠢᠨ ᠬᠠᠮᠢᠶᠠᠷᠤᠯᠳᠠ ᠶᠢᠨ ᠬᠠᠮᠢᠶ᠎ᠠ ᠪᠦᠬᠦᠢ ᠠᠵᠢᠯ ᠢ ᠰᠠᠶᠢᠳᠤᠷ ᠬᠢᠨ᠎ᠠ᠃ | ᠳᠠᠪᠤᠳᠤᠭᠠᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠳᠠᠯ ᠠᠬᠤᠢ ᠶᠢᠨ | ᠬᠠᠮᠢᠶᠠᠷᠤᠯᠳᠠ ᠶᠢᠨ ᠠᠵᠢᠯ ᠢ ᠴᠢᠩᠭᠠᠳᠬᠠᠵᠤ᠂ ᠵᠤᠬᠢᠴᠠᠭᠰᠠᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ | ᠭᠠᠷᠭᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠰᠢᠯᠢᠳᠡᠭ ᠢ ᠡᠬᠦᠳᠴᠦ ᠳᠡᠷᠢᠬᠦᠨ ᠤ ᠬᠢ | ᠶᠢ ᠰᠢᠯᠭᠠᠷᠠᠭᠤᠯᠬᠤ᠂ ᠬᠦᠭᠵᠢᠬᠦᠯᠦᠨ ᠪᠤᠵᠠᠭᠠᠶᠢᠷᠠᠭᠤᠯᠬᠤ ᠶᠢ ᠨᠢ ᠳᠡᠮᠵᠢᠵᠤ᠂ ᠠᠳᠠᠯ ᠠᠬᠤᠢ ᠶᠢᠨ ᠳᠤᠰᠬᠠᠶᠢᠵᠢᠭᠰᠠᠨ | ᠂ ᠨᠡᠶᠢᠭᠡᠮᠴᠢᠯᠡᠭᠰᠡᠨ᠂ ᠵᠠᠬ᠎ᠠ ᠳᠡᠯᠭᠡᠭᠦᠷᠴᠢᠯᠡᠭᠰᠡᠨ ᠬᠠᠮᠢᠶᠠᠷᠤᠯᠳᠠ ᠶᠢᠨ ᠳᠤᠭᠳᠠᠴᠠ ᠪᠠᠶᠢᠭᠤᠯᠬᠤ ᠶᠢ ᠨᠢ ᠬᠦᠲᠦᠯᠦᠨ | ᠵᠢᠯᠤᠭᠤᠳᠴᠤ᠂ ᠴᠢᠯᠦᠭᠡᠳᠦ ᠮᠠᠶ᠋ᠢᠭ᠂ ᠵᠡᠭᠡᠯᠢ ᠲᠤᠭᠤᠷᠢᠭ ᠤᠨ ᠮᠠᠶ᠋ᠢᠭ ᠤᠨ ᠠᠳᠠᠯ ᠠᠬᠤᠢ ᠶᠢᠨ ᠦᠢᠯᠡᠴᠢᠯᠡᠭᠡᠨ ᠤ | ᠵᠠᠭᠪᠤᠷ ᠢ ᠰᠦᠪᠡᠭᠴᠢᠯᠡᠨ ᠶᠠᠪᠤᠭᠤᠯᠵᠤ᠂ ᠢᠳᠡᠭᠡᠮᠵᠢ ᠶᠢᠨ ᠳᠠᠪᠴᠠᠩ᠂ ︽ᠤᠯᠠᠭᠠᠨ ᠬᠠᠷ᠎ᠠ ᠰᠠᠮᠪᠠᠷ᠎ᠠ︾ ᠶᠢᠨ | ᠳᠦᠷᠢᠮ ᠵᠡᠷᠭᠡ ᠶᠢ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠵᠤ᠂ ᠠᠵᠢᠯ ᠲᠦᠷᠦᠯ ᠤᠨ ᠪᠡᠶ᠎ᠡ ᠪᠠᠨ ᠪᠠᠷᠢᠬᠤ ᠶᠢ | ᠨᠢ ᠲᠦᠯᠬᠢᠨ ᠠᠬᠢᠭᠤᠯᠵᠤ᠂ ᠶᠠᠪᠤᠳᠠᠯ ᠤᠨ ᠳᠤᠮᠳᠠᠬᠢ ᠶᠠᠪᠤᠳᠠᠯ ᠤᠨ ᠬᠤᠶᠢᠨᠠᠬᠢ ᠬᠢᠨᠠᠨ ᠬᠠᠮᠢᠶᠠᠷᠤᠯᠳᠠ ᠶᠢ | ᠴᠢᠩᠭᠠᠳᠬᠠᠵᠤ᠂ ᠠᠵᠢᠯ ᠲᠦᠷᠦᠯ ᠤᠨ ᠡᠷᠡᠬᠦᠯ ᠬᠦᠭᠵᠢᠯᠳᠡ ᠶᠢ ᠠᠬᠢᠭᠤᠯᠬᠤ ᠬᠡᠷᠡᠭᠳᠡᠢ᠃ | ᠵᠢᠷᠭᠤᠳᠤᠭᠠᠷ ᠵᠦᠢᠯ ᠦᠮᠴᠢᠳᠡᠨ ᠪᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠡᠷᠭᠡ | ᠠᠰᠢᠭ ᠪᠠ ᠡᠬᠦᠷᠭᠡ᠂ ᠦᠮᠴᠢᠳᠡᠳ ᠤᠨ ᠶᠡᠭᠡ ᠬᠤᠷᠠᠯ ᠪᠤᠯᠤᠨ ᠦᠮᠴᠢᠳᠡᠨ ᠤ ᠺᠤᠮᠢᠰ ᠤᠨ ᠲᠤᠰᠢᠶᠠᠯ | ᠬᠠᠷᠢᠭᠤᠴᠠᠯᠭ᠎ᠠ᠂ ᠠᠳᠠᠯ ᠠᠬᠤᠢ ᠶᠢᠨ ᠲᠤᠰᠬᠠᠢ ᠰᠡᠯᠪᠢᠨ ᠵᠠᠰᠠᠯᠳᠠ ᠶᠢᠨ ᠪᠡᠯᠡ ᠮᠦᠩᠬᠦᠨ ᠤ ᠬᠠᠮᠢᠶᠠᠷᠤᠯᠳᠠ ᠪᠤᠯᠤᠨ | ᠬᠡᠷᠡᠭᠯᠡᠯᠳᠡ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠨ ᠠᠪᠬᠤ ᠪᠠᠷᠢᠮᠵᠢᠶ᠎ᠠ ᠵᠡᠷᠭᠡ ᠬᠠᠮᠢᠶ᠎ᠠ | ᠪᠦᠬᠦᠢ ᠳᠤᠭᠳᠠᠭᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ ︽ᠠᠳᠠᠯ ᠠᠬᠤᠢ ᠶᠢᠨ ᠬᠠᠮᠢᠶᠠᠷᠤᠯᠳᠠ ᠶᠢᠨ | ᠲᠦᠷᠢᠮ︾ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠳᠠᠯ ᠠᠬᠤᠢ ᠶᠢᠨ ᠬᠠᠮᠢᠶᠠᠷᠤᠯᠳᠠ ᠶᠢᠨ | ᠲᠦᠷᠢᠮ︾ ᠢ ᠵᠢᠷᠤᠮᠯᠠᠬᠤ ᠠᠴᠠ ᠪᠤᠰᠤᠳ᠂ ᠪᠠᠰᠠ ᠲᠤᠰ ᠲᠦᠷᠢᠮ ᠤᠨ ᠳᠤᠭᠳᠠᠭᠠᠯ ᠶᠤᠰᠤᠭᠠᠷ ᠬᠡᠷᠡᠭᠵᠢᠬᠦᠯᠬᠦ | ᠬᠡᠷᠡᠭᠳᠡᠢ᠃ | ᠳᠤᠯᠤᠳᠤᠭᠠᠷ ᠵᠦᠢᠯ ᠨᠢᠭᠡ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠤᠭᠤᠷᠢᠭ ᠳᠤᠳᠤᠷ᠎ᠠ᠂ | ᠨᠢᠭᠡᠨᠳᠡ ᠲᠤᠰᠢᠶᠠᠨ ᠬᠡᠷᠡᠭᠯᠡᠬᠦᠯᠬᠦ ᠠᠳᠠᠯ ᠠᠬᠤᠢ ᠶᠢᠨ ᠪᠠᠷᠢᠯᠭ᠎ᠠ ᠶᠢᠨ ᠳᠠᠯᠠᠪᠠᠢ ᠨᠢ ᠵᠠᠭᠤᠨ ᠤ ᠳᠠᠪᠢ ᠠᠴᠠ | ᠳᠡᠭᠡᠭᠰᠢ ᠳᠤ ᠬᠦᠷᠦᠭᠰᠡᠨ ᠪᠤᠶᠤ ᠨᠢᠭᠡᠨᠳᠡ ᠲᠤᠰᠢᠶᠠᠨ ᠬᠡᠷᠡᠭᠯᠡᠬᠦᠯᠬᠦ ᠠᠳᠠᠯ ᠠᠬᠤᠢ ᠶᠢᠨ ᠪᠠᠷᠢᠯᠭ᠎ᠠ ᠶᠢᠨ ᠳᠠᠯᠠᠪᠠᠢ ᠨᠢ | ᠵᠠᠭᠤᠨ ᠤ ᠭᠤᠴᠢ ᠳᠤ ᠬᠦᠷᠦᠭᠰᠡᠨ ᠮᠦᠷᠳᠡᠭᠡᠨ ᠲᠤᠰᠢᠶᠠᠵᠤ ᠬᠡᠷᠡᠭᠯᠡᠬᠦᠯᠬᠦ ᠨᠢ ᠨᠢᠭᠡᠨᠳᠡ ᠬᠤᠶᠠᠷ ᠵᠢᠯ ᠠᠴᠠ | ᠬᠡᠲᠦᠷᠡᠭᠰᠡᠨ ᠪᠣᠯ᠂ ᠦᠮᠴᠢᠳᠡᠳ ᠤᠨ ᠶᠡᠭᠡ ᠬᠤᠷᠠᠯ ᠪᠠᠶᠢᠭᠤᠯᠬᠤ ᠪᠠᠷ ᠪᠡᠯᠡᠳᠭᠡᠬᠦ ᠬᠡᠷᠡᠭᠳᠡᠢ᠃ | ᠡᠮᠦᠨᠡᠬᠢ ᠵᠦᠢᠯ ᠤᠨ ᠳᠤᠭᠳᠠᠭᠠᠯ ᠳᠤ ᠨᠡᠶᠢᠴᠡᠭᠰᠡᠨ ᠪᠣᠯ᠂ ᠪᠦᠲᠦᠭᠡᠨ ᠪᠠᠶᠢᠭᠤᠯᠤᠯᠳᠠ ᠶᠢᠨ ᠨᠢᠭᠡᠴᠢ ᠨᠢ | ᠭᠤᠴᠢᠨ ᠡᠳᠦᠷ ᠤᠨ ᠳᠤᠳᠤᠷ᠎ᠠ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤ ᠠᠳᠠᠯ ᠠᠬᠤᠢ ᠶᠢᠨ | ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠪᠢᠴᠢᠭ ᠢᠶᠠᠷ ᠮᠡᠳᠡᠭᠳᠡᠬᠦ | ᠬᠡᠷᠡᠭᠳᠡᠢ︔ ᠦᠮᠴᠢᠳᠡᠨ ᠤ ᠲᠦᠯᠦᠭᠡᠯᠡᠭᠴᠢ ᠨᠡᠷ᠎ᠡ ᠬᠤᠯᠪᠤᠭᠠᠯᠠᠵᠤ᠂ ᠪᠠᠰᠠ ᠰᠤᠮᠤ ᠰᠢᠶᠠᠩ ᠪᠠᠯᠭᠠᠰᠤᠨ ᠤ ᠠᠷᠠᠳ | ᠤᠨ ᠵᠠᠰᠠᠭ ᠤᠨ ᠤᠷᠳᠤᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠦᠮᠴᠢᠳᠡᠨ ᠤ ᠶᠡᠭᠡ ᠬᠤᠷᠠᠯ | ᠪᠠᠶᠢᠭᠤᠯᠬᠤ ᠭᠤᠶᠤᠴᠢᠯᠠᠯ ᠳᠤᠷᠠᠳᠴᠤ ᠪᠤᠯᠤᠨ᠎ᠠ᠃ | ᠨᠠᠢᠮᠠᠳᠤᠭᠠᠷ ᠵᠦᠢᠯ ᠬᠤᠰᠢᠭᠤ ᠰᠢᠶᠠᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠳᠠᠯ ᠠᠬᠤᠢ | ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠮᠡᠳᠡᠭᠳᠡᠯ ᠪᠤᠶᠤ ᠭᠤᠶᠤᠴᠢᠯᠠᠯ ᠳᠤᠰᠴᠤ | ᠠᠪᠤᠭᠰᠠᠨ ᠤ ᠳᠠᠷᠠᠭ᠎ᠠ ᠭᠤᠴᠢᠨ ᠡᠳᠦᠷ ᠤᠨ ᠳᠤᠳᠤᠷ᠎ᠠ᠂ ᠦᠮᠴᠢᠳᠡᠳ ᠤᠨ ᠶᠡᠭᠡ ᠬᠤᠷᠠᠯ ᠪᠠᠶᠢᠭᠤᠯᠬᠤ | ᠬᠤᠷᠠᠯᠳᠤᠭᠠᠨ ᠤ ᠪᠡᠯᠡᠳᠭᠡᠯ ᠳᠤᠭᠤᠶᠢᠯᠠᠩ ᠢ ᠵᠤᠬᠢᠶᠠᠨ ᠪᠠᠶᠢᠭᠤᠯᠬᠤ ᠬᠡᠷᠡᠭᠳᠡᠢ᠃ | ᠶᠢᠰᠦᠳᠦᠭᠡᠷ ᠵᠦᠢᠯ ᠦᠮᠴᠢᠳᠡᠳ ᠤᠨ ᠶᠡᠭᠡ ᠬᠤᠷᠠᠯ ᠤᠨ ᠬᠤᠷᠠᠯᠳᠤᠭᠠᠨ ᠤ ᠪᠡᠯᠡᠳᠭᠡᠬᠦ ᠳᠤᠭᠤᠶᠢᠯᠠᠩ ᠨᠢ | ᠳᠤᠤᠷ᠎ᠠ ᠵᠢᠭᠰᠠᠭᠠᠭᠰᠠᠨ ᠪᠡᠯᠡᠳᠭᠡᠬᠦ ᠠᠵᠢᠯ ᠢ ᠰᠠᠶᠢᠳᠤᠷ ᠬᠢᠬᠦ ᠬᠡᠷᠡᠭᠳᠡᠢ᠄ | ︵ᠨᠢᠭᠡ︶ ᠦᠮᠴᠢᠳᠡᠳ ᠤᠨ ᠶᠡᠭᠡ ᠬᠤᠷᠠᠯ ᠤᠨ ᠬᠤᠷᠠᠯᠳᠤᠭᠠᠨ ᠢ ᠬᠤᠷᠠᠯᠳᠤᠭᠤᠯᠬᠤ ᠴᠠᠭ᠂ ᠭᠠᠵᠠᠷ᠂ | ᠬᠡᠯᠪᠡᠷᠢ ᠪᠠ ᠠᠭᠤᠯᠭ᠎ᠠ ᠶᠢ ᠳᠤᠭᠳᠠᠭᠠᠬᠤ ᠬᠡᠷᠡᠭᠳᠡᠢ︔ | ︵ᠬᠤᠶᠠᠷ︶ ᠦᠮᠴᠢᠳᠡᠳ ᠤᠨ ᠶᠡᠭᠡ ᠬᠤᠷᠠᠯ ᠤᠨ ᠬᠤᠷᠠᠯᠳᠤᠭᠠᠨ ᠤ ᠬᠡᠷᠡᠭ ᠢ ᠵᠦᠪᠯᠡᠬᠦ ᠲᠦᠷᠢᠮ ᠪᠠ | ᠬᠠᠮᠢᠶᠠᠷᠤᠯᠳᠠ ᠶᠢᠨ ᠨᠡᠶᠢᠳᠡ ᠶᠢᠨ ᠬᠡᠷ᠎ᠡ ᠶᠢ ᠡᠬᠡ ᠨᠤᠤᠷᠠᠭᠯᠠᠨ᠎ᠠ︔ | ︵ᠭᠤᠷᠪᠠ︶ ᠦᠮᠴᠢᠳᠡᠨ ᠤ ᠨᠡᠷᠡᠰ᠂ ᠦᠮᠴᠢᠳᠡᠨ ᠤ ᠳᠤᠭ᠎ᠠ᠂ ᠬᠡᠷᠡᠭᠯᠡᠭᠡᠨ ᠲᠠᠢ ᠲᠤᠰᠬᠠᠢ ᠪᠠᠶᠢᠭ᠎ᠠ ᠬᠡᠰᠡᠭ | ᠤᠨ ᠳᠠᠯᠠᠪᠠᠢ ᠵᠢᠴᠢ ᠰᠠᠨᠠᠯ ᠦᠭᠭᠦ ᠨᠦᠯᠦᠭᠡᠳᠦ ᠳᠤᠭ᠎ᠠ ᠶᠢ ᠨᠤᠳ᠋ᠯᠠᠬᠤ ᠪᠠ ᠨᠡᠶᠢᠳᠡᠯᠡᠨ᠎ᠡ᠃ | ︵ᠲᠦᠷᠪᠡ︶ ᠦᠮᠴᠢᠳᠡᠨ ᠤ ᠶᠡᠭᠡ ᠬᠤᠷᠠᠯ ᠤᠨ ᠬᠤᠷᠠᠯᠳᠤᠭᠠᠨ ᠤ ᠪᠠᠳᠤᠯᠠᠬᠤ ᠳᠦᠷᠢᠮ ᠢ ᠬᠠᠤᠯᠢ ᠶᠤᠰᠤᠭᠠᠷ | ᠲᠤᠭᠤᠷᠪᠢᠨ ᠳᠤᠭᠳᠠᠭᠠᠨ᠎ᠠ᠃ | ︵ᠳᠠᠪᠤ︶ ᠦᠮᠴᠢᠳᠡᠨ ᠤ ᠺᠤᠮᠢᠰ ᠤᠨ ᠪᠦᠷᠢᠯᠳᠦᠬᠦᠨ ᠤ ᠵᠢᠱᠢᠭᠳᠡᠭᠴᠢ ᠪᠤᠢ ᠪᠤᠯᠬᠤ ᠠᠷᠭ᠎ᠠ ᠠᠪᠴᠠᠯ ᠢ | ᠳᠤᠭᠳᠠᠭᠠᠵᠤ᠂ ᠵᠢᠱᠢᠭᠳᠡᠭᠴᠢ ᠶᠢᠨ ᠨᠡᠷ᠎ᠡ ᠶᠢ ᠳᠤᠭᠳᠠᠭᠠᠨ᠎ᠠ︔ | ︵ᠵᠢᠷᠭᠤᠭ᠎ᠠ︶ ᠦᠮᠴᠢᠳᠡᠳ ᠤᠨ ᠶᠡᠭᠡ ᠬᠤᠷᠠᠯ ᠤᠨ ᠬᠤᠷᠠᠯᠳᠤᠭᠠᠨ ᠢ ᠬᠤᠷᠠᠯᠳᠤᠬᠤ ᠪᠠ ᠪᠤᠰᠤᠳ | ᠪᠡᠯᠡᠳᠭᠡᠯ ᠠᠵᠢᠯ᠃ | ᠡᠮᠦᠨᠡᠬᠢ ᠵᠦᠢᠯ ᠤᠨ ᠨᠢᠭᠡᠳᠦᠭᠡᠷ ᠵᠤᠷᠪᠤᠰ ᠠᠴᠠ ᠲᠦᠷᠪᠡᠳᠦᠭᠡᠷ ᠵᠤᠷᠪᠤᠰ ᠤᠨ ᠠᠭᠤᠯᠭ᠎ᠠ ᠶᠢ ᠦᠮᠴᠢᠳᠡᠳ | ᠤᠨ ᠶᠡᠭᠡ ᠬᠤᠷᠠᠯ ᠤᠨ ᠬᠤᠷᠠᠯᠳᠤᠭᠠᠨ ᠢ ᠬᠤᠷᠠᠯᠳᠤᠬᠤ ᠠᠴᠠ ᠠᠷᠪᠠᠨ ᠳᠠᠪᠤᠨ ᠡᠳᠦᠷ ᠤᠨ ᠡᠮᠦᠨ᠎ᠡ ᠠᠳᠠᠯ ᠠᠬᠤᠢ | ᠶᠢᠨ ᠬᠠᠮᠢᠶᠠᠷᠤᠯᠳᠠ ᠶᠢᠨ ᠤᠷᠤᠨ ᠳᠤᠭᠤᠷᠢᠭ ᠳᠤᠳᠤᠷ᠎ᠠ ᠨᠡᠶᠢᠳᠡᠯᠡᠬᠦ ᠬᠡᠷᠡᠭᠳᠡᠢ᠃ | ᠠᠷᠪᠠᠳᠤᠭᠠᠷ ᠵᠦᠢᠯ ᠦᠮᠴᠢᠳᠡᠳ ᠤᠨ ᠶᠡᠭᠡ ᠬᠤᠷᠠᠯ ᠤᠨ ᠬᠤᠷᠠᠯᠳᠤᠭᠠᠨ ᠢ ᠦᠮᠴᠢᠳᠡᠨ ᠤ ᠶᠡᠭᠡ ᠬᠤᠷᠠᠯ | ᠤᠨ ᠤᠴᠢᠷ ᠶᠠᠪᠤᠳᠠᠯ ᠢ ᠵᠦᠪᠯᠡᠬᠦ ᠲᠦᠷᠢᠮ ᠤᠨ ᠳᠤᠭᠳᠠᠭᠠᠯ ᠶᠤᠰᠤᠭᠠᠷ ᠬᠤᠷᠠᠯᠳᠤᠵᠤ᠂ ᠵᠢᠯ ᠪᠦᠷᠢ ᠨᠢᠭᠡ ᠤᠳᠠᠭ᠎ᠠ | ᠠᠴᠠ ᠴᠦᠭᠡᠨ ᠪᠠᠶᠢᠯᠭᠠᠬᠤ ᠦᠭᠡᠢ᠃ | ᠠᠷᠪᠠᠨ ᠨᠢᠭᠡᠳᠦᠭᠡᠷ ᠵᠦᠢᠯ ᠦᠮᠴᠢᠳᠡᠳ ᠤᠨ ᠶᠡᠭᠡ ᠬᠤᠷᠠᠯ ᠤᠨ ᠬᠤᠷᠠᠯᠳᠤᠭᠠᠨ ᠳᠤ ᠬᠠᠮᠳᠤ ᠪᠠᠷ | ᠶᠠᠷᠢᠯᠴᠠᠬᠤ ᠬᠡᠯᠪᠡᠷᠢ ᠶᠢ ᠠᠪᠴᠤ ᠪᠤᠯᠤᠨ᠎ᠠ᠂ ᠪᠠᠰᠠ ᠪᠢᠴᠢᠭ ᠢᠶᠠᠷ ᠰᠠᠨᠠᠯ ᠬᠤᠷᠢᠶᠠᠬᠤ ᠬᠡᠯᠪᠡᠷᠢ ᠶᠢ ᠠᠪᠴᠤ ᠪᠤᠯᠤᠨ᠎ᠠ | ᠃ | ᠬᠠᠮᠳᠤ ᠪᠠᠷ ᠶᠠᠷᠢᠯᠴᠠᠬᠤ ᠬᠡᠯᠪᠡᠷᠢ ᠶᠢ ᠠᠪᠤᠪᠠᠯ᠂ ᠬᠤᠷᠠᠯ ᠬᠤᠷᠠᠯᠳᠤᠬᠤ ᠠᠴᠠ ᠠᠷᠪᠠᠨ ᠳᠠᠪᠤᠨ ᠡᠳᠦᠷ ᠤᠨ | ᠡᠮᠦᠨ᠎ᠡ ᠪᠦᠬᠦ ᠦᠮᠴᠢᠳᠡᠨ ᠳᠤ ᠮᠡᠳᠡᠭᠳᠡᠵᠦ᠂ ᠡᠬᠦᠨ ᠤ ᠳᠠᠭᠠᠤ ᠠᠳᠠᠯ ᠠᠬᠤᠢ ᠶᠢᠨ ᠪᠠᠶᠢᠭ᠎ᠠ ᠭᠠᠴᠠᠭ᠎ᠠ ᠲᠤᠰᠬᠤᠨ ᠤ | ᠠᠷᠠᠳ ᠤᠨ ᠵᠦᠪᠯᠡᠯ᠂ ᠨᠡᠶᠢᠭᠡᠮ ᠳᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠳᠤ ᠮᠡᠳᠡᠭᠳᠡᠬᠦ ᠬᠡᠷᠡᠭᠳᠡᠢ᠃ | ᠪᠢᠴᠢᠭ ᠢᠶᠠᠷ ᠰᠠᠨᠠᠯ ᠬᠤᠷᠢᠶᠠᠬᠤ ᠬᠡᠯᠪᠡᠷᠢ ᠶᠢ ᠠᠪᠤᠪᠠᠯ᠂ ᠰᠠᠨᠠᠯ ᠬᠤᠷᠢᠶᠠᠭᠰᠠᠨ ᠪᠢᠴᠢᠭ ᠢ ᠦᠮᠴᠢᠳᠡᠨ | ᠨᠢᠭᠡᠪᠦᠷᠢ ᠳᠤ ᠬᠦᠷᠭᠡᠨ ᠲᠤᠰᠢᠶᠠᠬᠤ ᠬᠡᠷᠡᠭᠳᠡᠢ︔ ᠬᠦᠷᠭᠡᠵᠦ ᠦᠭᠭᠦ ᠶᠢᠨ ᠠᠷᠭ᠎ᠠ ᠦᠭᠡᠢ ᠪᠣᠯ᠂ ᠠᠳᠠᠯ ᠠᠬᠤᠢ ᠶᠢᠨ | ᠬᠠᠮᠢᠶᠠᠷᠤᠯᠳᠠ ᠶᠢᠨ ᠤᠷᠤᠨ ᠳᠤᠭᠤᠷᠢᠭ ᠳᠤᠳᠤᠷ᠎ᠠ ᠵᠠᠷ ᠢᠶᠠᠷ ᠨᠡᠶᠢᠳᠡᠯᠡᠨ᠎ᠡ᠃ ᠰᠠᠨᠠᠯ ᠦᠭᠴᠦ ᠪᠠᠳᠤᠯᠠᠭᠤᠯᠬᠤ | ᠴᠢᠬᠤᠯᠠ ᠦᠭᠡᠢ ᠪᠣᠯ᠂ ᠪᠠᠳᠤᠯᠠᠬᠤ ᠰᠠᠨᠠᠯ ᠳᠤ ᠦᠮᠴᠢᠳᠡᠨ ᠲᠤᠰ ᠬᠦᠮᠦᠨ ᠪᠤᠶᠤ ᠨᠠᠶᠢᠳᠠᠭᠰᠠᠨ ᠤᠷᠤᠯᠠᠬᠤ ᠬᠦᠮᠦᠨ | ᠭᠠᠷ ᠤᠨ ᠦᠰᠦᠭ ᠵᠢᠷᠤᠨ᠎ᠠ᠃ ᠦᠮᠴᠢᠳᠡᠨ ᠨᠢ ᠳᠤᠭᠳᠠᠭᠰᠠᠨ ᠬᠢᠵᠠᠭᠠᠷᠯᠠᠭᠰᠠᠨ ᠬᠤᠭᠤᠴᠠᠭᠠᠨ ᠳᠤᠳᠤᠷ᠎ᠠ ᠰᠠᠨᠠᠯ | ᠢᠶᠠᠨ ᠦᠭᠭᠦᠭᠰᠡᠨ ᠦᠭᠡᠢ ᠪᠣᠯ ᠡᠷᠭᠡ ᠪᠠᠨ ᠬᠠᠶᠠᠭᠰᠠᠨ ᠢᠶᠠᠷ ᠦᠵᠡᠨ᠎ᠡ᠃ | ᠠᠷᠪᠠᠨ ᠬᠤᠶᠠᠳᠤᠭᠠᠷ ᠵᠦᠢᠯ ᠨᠢᠭᠡᠨᠳᠡ ᠦᠮᠴᠢᠳᠡᠳ ᠤᠨ ᠶᠡᠭᠡ ᠬᠤᠷᠠᠯ ᠢ ᠪᠠᠶᠢᠭᠤᠯᠤᠭᠰᠠᠨ ᠪᠤᠯᠪᠠᠴᠤ | ᠪᠤᠰᠤᠳ ᠰᠢᠯᠳᠠᠭᠠᠨ ᠠᠴᠠ ᠪᠤᠯᠵᠤ ᠬᠤᠷᠠᠯ ᠬᠤᠷᠠᠯᠳᠤᠭᠤᠯᠬᠤ ᠶᠢᠨ ᠠᠷᠭ᠎ᠠ ᠦᠭᠡᠢ ᠪᠣᠯ᠂ ᠮᠦᠷ᠂ ᠤᠷᠦᠴᠡ ᠪᠠᠷ | ᠨᠢᠭᠡᠴᠢ ᠪᠤᠯᠭᠠᠵᠤ ᠦᠮᠴᠢᠳᠡᠨ ᠤ ᠲᠦᠯᠦᠭᠡᠯᠡᠭᠴᠢ ᠶᠢ ᠰᠤᠩᠭᠤᠵᠤ ᠦᠮᠴᠢᠳᠡᠨ ᠤ ᠲᠦᠯᠦᠭᠡᠯᠡᠭᠴᠢᠳ ᠤᠨ ᠶᠡᠭᠡ | ᠬᠤᠷᠠᠯ ᠢ ᠬᠤᠷᠠᠯᠳᠤᠵᠤ᠂ ᠦᠮᠴᠢᠳᠡᠨ ᠤ ᠲᠦᠯᠦᠭᠡᠯᠡᠭᠴᠢ ᠶᠢ ᠰᠤᠩᠭᠤᠬᠤ ᠠᠷᠭ᠎ᠠ ᠶᠢ ᠦᠮᠴᠢᠳᠡᠨ ᠤ ᠶᠡᠭᠡ ᠬᠤᠷᠠᠯ | ᠤᠨ ᠬᠡᠷᠡᠭ ᠵᠦᠪᠯᠡᠬᠦ ᠲᠦᠷᠢᠮ ᠳᠡᠭᠡᠨ ᠳᠤᠭᠳᠠᠭᠠᠵᠤ ᠪᠤᠯᠤᠨ᠎ᠠ᠃ | ᠦᠮᠴᠢᠳᠡᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠳᠤᠭᠳᠠᠭᠠᠯ ᠨᠢ ᠪᠦᠬᠦ ᠦᠮᠴᠢᠳᠡᠨ ᠳᠤ | ᠬᠢᠵᠠᠭᠠᠷᠯᠠᠬᠤ ᠬᠦᠴᠦᠨ ᠲᠠᠢ᠃ | ᠠᠷᠪᠠᠨ ᠭᠤᠷᠪᠠᠳᠤᠭᠠᠷ ᠵᠦᠢᠯ ᠦᠮᠴᠢᠳᠡᠨ ᠤ ᠺᠤᠮᠢᠰ ᠨᠢ ᠠᠳᠠᠯ ᠠᠬᠤᠢ ᠶᠢᠨ ᠬᠠᠮᠢᠶᠠᠷᠤᠯᠳᠠ ᠶᠢᠨ ᠵᠦᠢᠯ | ᠤᠳ ᠢ ᠶᠠᠷᠢᠯᠴᠠᠬᠤ᠂ ᠳᠤᠭᠳᠠᠭᠠᠬᠤ ᠳᠠᠭᠠᠨ᠂ ᠺᠤᠮᠢᠰ ᠤᠨ ᠬᠤᠷᠠᠯ ᠬᠤᠷᠠᠯᠳᠤᠭᠤᠯᠬᠤ ᠮᠦᠷᠳᠡᠭᠡᠨ ᠬᠤᠷᠠᠯ ᠢ | ᠬᠤᠷᠠᠯᠳᠤᠭᠤᠯᠬᠤ ᠠᠴᠠ ᠪᠠᠨ ᠳᠤᠯᠤᠭᠠᠨ ᠡᠳᠦᠷ ᠤᠨ ᠡᠮᠦᠨ᠎ᠡ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ | ᠳᠤᠭᠤᠷᠢᠭ ᠳᠤᠳᠤᠷ᠎ᠠ ᠪᠢᠴᠢᠭ ᠤᠨ ᠬᠡᠯᠪᠡᠷᠢ ᠪᠠᠷ ᠬᠤᠷᠠᠯ ᠢᠶᠠᠷ ᠰᠤᠳᠤᠯᠬᠤ ᠵᠦᠢᠯ ᠤᠳ ᠢ ᠵᠠᠷ ᠢᠶᠠᠷ ᠨᠡᠶᠢᠳᠡᠯᠡᠬᠦ | ᠬᠡᠷᠡᠭᠳᠡᠢ᠃ | ᠦᠮᠴᠢᠳᠡᠨ ᠤ ᠺᠤᠮᠢᠰ ᠤᠨ ᠳᠤᠭᠳᠠᠭᠠᠬᠤ ᠵᠦᠢᠯ ᠤᠳ ᠢ ᠪᠦᠬᠦ ᠪᠦᠷᠢᠯᠳᠦᠬᠦᠨ ᠤ ᠬᠠᠭᠠᠰ ᠳᠤᠭ᠎ᠠ ᠠᠴᠠ | ᠳᠠᠪᠠᠭᠤᠯᠵᠤ ᠵᠦᠪᠰᠢᠶᠡᠷᠡᠬᠦᠯᠬᠦ ᠴᠢᠬᠤᠯᠠ ᠲᠠᠢ᠃ | ᠠᠷᠪᠠᠨ ᠳᠦᠷᠪᠡᠳᠦᠭᠡᠷ ᠵᠦᠢᠯ ᠦᠮᠴᠢᠳᠡᠨ ᠤ ᠺᠤᠮᠢᠰ ᠨᠢ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ | ᠳᠤᠭᠤᠷᠢᠭ ᠳᠤᠳᠤᠷ᠎ᠠ ᠴᠠᠭ ᠳᠤᠬᠠᠢ ᠳᠤ ᠨᠢ ᠳᠤᠤᠷ᠎ᠠ ᠵᠢᠭᠰᠠᠭᠠᠭᠰᠠᠨ ᠪᠠᠶᠢᠳᠠᠯ ᠪᠤᠯᠤᠨ ᠮᠠᠲ᠋ᠧᠷᠢᠶᠠᠯ ᠢ ᠨᠡᠶᠢᠳᠡᠯᠡᠬᠦ | ᠬᠡᠷᠡᠭᠳᠡᠢ᠄ | ︵ᠨᠢᠭᠡ︶ ᠦᠮᠴᠢᠳᠡᠨ ᠤ ᠺᠤᠮᠢᠰ ᠤᠨ ᠨᠡᠶᠢᠷᠡᠶᠢᠳᠦᠯ ᠪᠠ ᠪᠦᠷᠢᠯᠳᠦᠬᠦᠨ ᠤ ᠨᠡᠷᠡᠰ︔ | ︵ᠬᠤᠶᠠᠷ︶ ᠬᠠᠮᠢᠶᠠᠷᠤᠯᠳᠠ ᠶᠢᠨ ᠨᠡᠶᠢᠳᠡ ᠶᠢᠨ ᠬᠡᠷ᠎ᠡ᠂ ᠦᠮᠴᠢᠳᠡᠨ ᠤ ᠶᠡᠭᠡ ᠬᠤᠷᠠᠯ ᠤᠨ ᠤᠴᠢᠷ ᠶᠠᠪᠤᠳᠠᠯ | ᠵᠦᠪᠯᠡᠬᠦ ᠲᠦᠷᠢᠮ︔ | ︵ᠭᠤᠷᠪᠠ︶ ᠦᠮᠴᠢᠳᠡᠨ ᠤ ᠶᠡᠭᠡ ᠬᠤᠷᠠᠯ᠂ ᠦᠮᠴᠢᠳᠡᠨ ᠤ ᠲᠦᠯᠦᠭᠡᠯᠡᠭᠴᠢᠳ ᠤᠨ ᠶᠡᠭᠡ ᠬᠤᠷᠠᠯ ᠪᠤᠯᠤᠨ | ᠦᠮᠴᠢᠳᠡᠨ ᠤ ᠺᠤᠮᠢᠰ ᠤᠨ ᠳᠤᠭᠳᠠᠭᠠᠯ︔ | ︵ᠲᠦᠷᠪᠡ︶ ᠠᠳᠠᠯ ᠠᠬᠤᠢ ᠶᠢᠨ ᠦᠢᠯᠡᠴᠢᠯᠡᠭᠡᠨ ᠤ ᠬᠡᠷ᠎ᠡ︔ | ︵ᠳᠠᠪᠤ︶ ᠠᠳᠠᠯ ᠠᠬᠤᠢ ᠶᠢᠨ ᠬᠠᠮᠳᠤ ᠶᠢᠨ ᠬᠡᠰᠡᠭ ᠤᠨ ᠬᠡᠷᠡᠭᠯᠡᠯᠳᠡ ᠪᠤᠯᠤᠨ ᠡᠵᠡᠩᠨᠡᠯᠳᠡ ᠶᠢᠨ ᠠᠰᠢᠭ | ᠤᠷᠤᠯᠭ᠎ᠠ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ︔ | ︵ᠵᠢᠷᠭᠤᠭ᠎ᠠ︶ ᠦᠮᠴᠢᠳᠡᠳ ᠤᠨ ᠶᠡᠭᠡ ᠬᠤᠷᠠᠯ᠂ ᠦᠮᠴᠢᠳᠡᠨ ᠤ ᠲᠦᠯᠦᠭᠡᠯᠡᠭᠴᠢᠳ ᠤᠨ ᠶᠡᠭᠡ ᠬᠤᠷᠠᠯ | ᠪᠤᠯᠤᠨ ᠦᠮᠴᠢᠳᠡᠨ ᠤ ᠺᠤᠮᠢᠰ ᠤᠨ ᠠᠵᠢᠯ ᠤᠨ ᠵᠠᠷᠤᠳᠠᠯ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ︔ | ︵ᠳᠤᠯᠤᠭ᠎ᠠ︶ ᠦᠮᠴᠢᠳᠡᠨ ᠳᠤ ᠨᠡᠶᠢᠳᠡᠯᠡᠬᠦ ᠶᠤᠰᠤᠳᠠᠢ ᠪᠤᠰᠤᠳ ᠪᠠᠶᠢᠳᠠᠯ ᠪᠠ ᠮᠠᠲ᠋ᠧᠷᠢᠶᠠᠯ᠃ | ᠠᠷᠪᠠᠨ ᠳᠠᠪᠤᠳᠤᠭᠠᠷ ᠵᠦᠢᠯ ᠦᠮᠴᠢᠳᠡᠳ ᠤᠨ ᠶᠡᠭᠡ ᠬᠤᠷᠠᠯ᠂ ᠦᠮᠴᠢᠳᠡᠨ ᠤ ᠲᠦᠯᠦᠭᠡᠯᠡᠭᠴᠢᠳ ᠤᠨ | ᠶᠡᠭᠡ ᠬᠤᠷᠠᠯ ᠪᠤᠯᠤᠨ ᠦᠮᠴᠢᠳᠡᠨ ᠤ ᠺᠤᠮᠢᠰ ᠤᠨ ᠭᠠᠷᠭᠠᠭᠰᠠᠨ ᠲᠤᠭᠳᠠᠭᠠᠯ ᠳᠤ ᠳᠤᠤᠷ᠎ᠠ ᠵᠢᠭᠰᠠᠭᠠᠭᠰᠠᠨ ᠪᠠᠶᠢᠳᠠᠯ | ᠤᠨ ᠠᠯᠢ ᠨᠢᠭᠡ ᠨᠢ ᠪᠠᠶᠢᠪᠠᠯ᠂ ᠬᠤᠰᠢᠭᠤ ᠰᠢᠶᠠᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠳᠠᠯ ᠠᠬᠤᠢ | ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ | ᠬᠢᠵᠠᠭᠠᠷᠯᠠᠨ ᠵᠠᠯᠠᠷᠠᠭᠤᠯᠬᠤ ᠪᠤᠶᠤ ᠬᠦᠴᠦᠨ ᠦᠭᠡᠢ ᠪᠤᠯᠭᠠᠬᠤ ᠶᠢ ᠨᠢ ᠵᠠᠷᠯᠢᠭᠳᠠᠬᠤ ᠮᠦᠷᠳᠡᠭᠡᠨ ᠪᠦᠬᠦ ᠦᠮᠴᠢᠳᠡᠨ | ᠳᠤ ᠮᠡᠳᠡᠭᠳᠡᠬᠦ ᠬᠡᠷᠡᠭᠳᠡᠢ᠄ | ︵ᠨᠢᠭᠡ︶ ᠦᠮᠴᠢᠳᠡᠨ ᠤ ᠬᠠᠤᠯᠢ ᠶᠤᠰᠤᠨ ᠤ ᠡᠷᠭᠡ ᠠᠰᠢᠭ ᠲᠤ ᠬᠠᠯᠳᠠᠭᠰᠠᠨ︔ | ︵ᠬᠤᠶᠠᠷ︶ ᠨᠡᠶᠢᠭᠡᠮ ᠳᠤᠭᠤᠷᠢᠭ ᠤᠨ ᠠᠮᠤᠷ ᠳᠤᠭᠳᠠᠭᠤᠨ ᠢ ᠡᠪᠳᠡᠭᠰᠡᠨ᠂ ᠨᠡᠶᠢᠭᠡᠮ ᠨᠡᠶᠢᠳᠡ ᠶᠢᠨ ᠠᠰᠢᠭ | ᠳᠤᠰᠠ ᠶᠢ ᠬᠦᠨᠦᠭᠡᠭᠰᠡᠨ︔ | ︵ᠭᠤᠷᠪᠠ︶ ᠬᠠᠤᠯᠢ ᠴᠠᠭᠠᠵᠠ᠂ ᠬᠠᠤᠯᠢ ᠳᠤᠭᠳᠠᠭᠠᠯ ᠪᠤᠯᠤᠨ ᠲᠦᠷᠦ ᠶᠢᠨ ᠪᠤᠳᠤᠯᠭ᠎ᠠ ᠶᠢ ᠵᠦᠷᠢᠴᠡᠭᠰᠡᠨ᠃ | ᠠᠷᠪᠠᠨ ᠵᠢᠷᠭᠤᠳᠤᠭᠠᠷ ᠵᠦᠢᠯ ᠰᠢᠨ᠎ᠡ ᠪᠠᠶᠢᠭᠤᠯᠤᠭᠰᠠᠨ ᠠᠳᠠᠯ ᠠᠬᠤᠢ ᠶᠢ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠳᠤ ᠲᠤᠰᠢᠶᠠᠨ ᠦᠭᠴᠦ ᠠᠳᠠᠯ ᠠᠬᠤᠢ ᠶᠢᠨ ᠬᠠᠮᠢᠶᠠᠷᠤᠯᠳᠠ ᠶᠢ ᠶᠠᠪᠤᠭᠤᠯᠬᠤ | ᠦᠶᠡᠰ᠂ ᠳᠤᠤᠷ᠎ᠠ ᠵᠢᠭᠰᠠᠭᠠᠭᠰᠠᠨ ᠨᠦᠬᠦᠴᠡᠯ ᠳᠤ ᠨᠡᠶᠢᠴᠡᠬᠦ ᠬᠡᠷᠡᠭᠳᠡᠢ᠄ | ︵ᠨᠢᠭᠡ︶ ᠪᠤᠢ ᠪᠦᠬᠦᠢ ᠪᠦᠲᠦᠭᠡᠨ ᠪᠠᠶᠢᠭᠤᠯᠬᠤ ᠲᠦᠷᠦᠯ ᠵᠦᠢᠯ ᠢ ᠵᠦᠪᠰᠢᠶᠡᠷᠡᠭᠰᠡᠨ ᠲᠦᠯᠦᠪᠵᠢᠬᠦᠯᠭᠡ | ᠪᠤᠯᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠬᠠᠮᠢᠶᠠᠷᠤᠯᠳᠠ ᠶᠢᠨ ᠵᠢᠷᠤᠭ ᠲᠦᠯᠦᠪᠯᠡᠭᠡ ᠶᠢᠨ ᠱᠠᠭᠠᠷᠳᠠᠯᠭ᠎ᠠ ᠪᠠᠷ | ᠪᠦᠬᠦᠨ ᠢ ᠪᠠᠶᠢᠭᠤᠯᠤᠭᠰᠠᠨ ᠪᠠᠶᠢᠵᠤ᠂ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠬᠤᠷᠢᠶᠠᠵᠤ ᠬᠢᠷᠢ ᠳᠤ | ᠳᠡᠩᠴᠡᠬᠦᠯᠦᠨᠡ︔ | ︵ᠬᠤᠶᠠᠷ︶ ᠤᠰᠤ ᠬᠠᠩᠭᠠᠯᠳᠠ᠂ ᠴᠠᠬᠢᠯᠭᠠᠨ ᠬᠠᠩᠭᠠᠯᠳᠠ᠂ ᠢᠯᠴᠢ ᠬᠠᠩᠭᠠᠯᠳᠠ᠂ ᠬᠡᠢ ᠬᠠᠩᠭᠠᠯᠳᠠ᠂ | ᠤᠰᠤ ᠳᠠᠳᠠᠷᠠᠭᠤᠯᠤᠯᠳᠠ᠂ ᠴᠠᠬᠢᠯᠭᠠᠨ ᠱᠠᠳᠤ᠂ ᠭᠠᠯ ᠤᠨᠳᠠᠷᠠᠭᠠᠬᠤ ᠵᠡᠷᠭᠡ ᠶᠢᠨ ᠳᠤᠨᠤᠭ ᠲᠦᠬᠦᠭᠡᠷᠦᠮᠵᠢ ᠪᠠ ᠵᠠᠮ | ᠭᠤᠳᠤᠮᠵᠢ᠂ ᠨᠤᠭᠤᠭᠠᠷᠠᠭᠤᠯᠤᠯᠳᠠ᠂ ᠠᠳᠠᠯ ᠠᠬᠤᠢ ᠶᠢᠨ ᠬᠠᠮᠢᠶᠠᠷᠤᠯᠳᠠ ᠶᠢᠨ ᠬᠡᠷᠡᠭᠯᠡᠭᠡᠨ ᠤ ᠭᠡᠷ ᠵᠡᠷᠭᠡ ᠶᠢᠨ ᠤᠯᠠᠨ | ᠨᠡᠶᠢᠳᠡ ᠶᠢᠨ ᠢᠵᠢ ᠪᠦᠷᠢᠳᠦᠭᠰᠡᠨ ᠲᠦᠬᠦᠭᠡᠷᠦᠮᠵᠢ ᠶᠢ ᠲᠦᠯᠦᠪᠵᠢᠬᠦᠯᠭᠡ ᠵᠢᠷᠤᠭ ᠲᠦᠯᠦᠪᠯᠡᠭᠡ ᠶᠢᠨ ᠱᠠᠭᠠᠷᠳᠠᠯᠭ᠎ᠠ | ᠶᠤᠰᠤᠭᠠᠷ ᠪᠠᠶᠢᠭᠤᠯᠤᠭᠰᠠᠨ ᠪᠠᠶᠢᠬᠤ ᠮᠦᠷᠳᠡᠭᠡᠨ ᠪᠦᠲᠦᠭᠡᠨ ᠪᠠᠶᠢᠭᠤᠯᠤᠯᠳᠠ ᠶᠢᠨ ᠬᠠᠮᠢᠶ᠎ᠠ ᠪᠦᠬᠦᠢ ᠪᠠᠷᠢᠮᠵᠢᠶᠠᠨ ᠳᠤ | ᠬᠦᠷᠦᠭᠦᠯᠵᠦ᠂ ᠬᠡᠷᠡᠭᠯᠡᠬᠦ ᠨᠦᠬᠦᠴᠡᠯ ᠢ ᠪᠦᠷᠢᠯᠳᠦᠬᠦᠯᠵᠦ᠂ ᠡᠬᠦᠨ ᠳᠤ ᠨᠤᠭᠤᠭᠠᠷᠠᠭᠤᠯᠤᠯᠳᠠ ᠨᠢ ᠠᠳᠠᠯ ᠠᠬᠤᠢ ᠶᠢᠨ | ᠰᠢᠯᠭᠠᠨ ᠬᠤᠷᠢᠶᠠᠯᠳᠠ ᠳᠤ ᠬᠢᠷᠢ ᠳᠤ ᠳᠡᠩᠴᠡᠭᠰᠡᠨ ᠤ ᠳᠠᠷᠠᠭ᠎ᠠ ᠨᠤᠭᠤᠭᠠᠷᠠᠭᠤᠯᠤᠯᠳᠠ ᠶᠢᠨ ᠨᠢᠭᠡᠳᠦᠭᠡᠷ ᠤᠯᠠᠷᠢᠯ | ᠳᠤᠳᠤᠷ᠎ᠠ ᠪᠠᠷᠠᠭᠠᠵᠤ ᠪᠤᠯᠤᠨ᠎ᠠ︔ | ︵ᠭᠤᠷᠪᠠ︶ ᠪᠠᠷᠢᠯᠭ᠎ᠠ ᠶᠢᠨ ᠠᠵᠢᠯ ᠤᠨ ᠮᠠᠰᠢᠨ ᠬᠡᠷᠡᠭᠰᠡᠯ᠂ ᠲᠦᠷ ᠴᠠᠭ ᠤᠨ ᠲᠦᠬᠦᠭᠡᠷᠦᠮᠵᠢ᠂ ᠪᠠᠷᠢᠯᠭ᠎ᠠ | ᠶᠢᠨ ᠬᠤᠭ ᠨᠤᠪᠰᠢ᠂ ᠦᠯᠡᠳᠡᠭᠰᠡᠨ ᠳᠤᠨᠤᠭᠯᠠᠭᠠᠰᠤ ᠵᠡᠷᠭᠡ ᠪᠦᠬᠦᠨ ᠢ ᠴᠡᠪᠡᠷᠯᠡᠨ ᠵᠦᠭᠡᠭᠡᠪᠦᠷᠢᠯᠡᠵᠦ ᠪᠠᠷᠠᠭᠠᠨ᠎ᠠ︔ | ︵ᠲᠦᠷᠪᠡ︶ ᠠᠳᠠᠯ ᠠᠬᠤᠢ ᠶᠢᠨ ᠬᠠᠮᠢᠶᠠᠷᠤᠯᠳᠠ ᠳᠤ ᠪᠦᠷᠢᠯᠳᠦᠬᠦᠯᠬᠦ ᠪᠤᠰᠤᠳ ᠨᠦᠬᠦᠴᠡᠯ᠃ | ᠠᠷᠪᠠᠨ ᠳᠤᠯᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠢᠯᠯᠠᠭ᠎ᠠ ᠶᠢ ᠬᠢᠵᠦ ᠪᠠᠶᠢᠭ᠎ᠠ | ᠠᠵᠤ ᠠᠬᠤᠶᠢᠯᠠᠯ ᠨᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠪᠠᠶᠢᠭᠤᠯᠬᠤ | ᠳᠠᠩᠰᠠᠯᠠᠯᠳᠠ ᠶᠢᠨ ᠭᠠᠷᠳᠠᠮ ᠬᠦᠢᠴᠡᠳᠭᠡᠵᠦ᠂ ᠠᠵᠤ ᠠᠬᠤᠶᠢᠯᠠᠯ ᠤᠨ ᠬᠠᠤᠯᠢ ᠶᠢᠨ ᠡᠷᠭᠡᠳᠡᠨ ᠤ ᠠᠵᠢᠯᠯᠠᠬᠤ | ᠦᠨᠡᠮᠯᠡᠯ ᠢ ᠭᠠᠷᠳᠠᠨ ᠠᠪᠬᠤ ᠬᠡᠷᠡᠭᠳᠡᠢ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠠᠵᠤ ᠠᠬᠤᠶᠢᠯᠠᠯ ᠤᠨ ᠬᠠᠤᠯᠢ ᠶᠢᠨ ᠡᠷᠭᠡᠳᠡᠨ | ᠤ ᠠᠵᠢᠯᠯᠠᠬᠤ ᠦᠨᠡᠮᠯᠡᠯ ᠢ ᠭᠠᠷᠳᠠᠨ ᠠᠪᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠤᠳᠤᠷ᠎ᠠ᠂ ᠠᠳᠠᠯ | ᠠᠬᠤᠢ ᠶᠢᠨ ᠲᠦᠷᠦᠯ ᠵᠦᠢᠯ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠳᠤᠨ ᠤ ᠠᠳᠠᠯ ᠠᠬᠤᠢ ᠶᠢᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠳᠠᠩᠰᠠᠯᠠᠭᠤᠯᠬᠤ ᠬᠡᠷᠡᠭᠳᠡᠢ᠃ | ᠠᠷᠪᠠᠨ ᠨᠠᠢᠮᠠᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠳᠠᠯ ᠠᠬᠤᠢ ᠶᠢᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠪᠦᠲᠦᠭᠡᠨ ᠪᠠᠶᠢᠭᠤᠯᠤᠯᠳᠠ ᠶᠢᠨ ᠨᠢᠭᠡᠴᠢ ᠪᠤᠶᠤ | ᠦᠮᠴᠢᠯᠡᠯ ᠤᠨ ᠡᠷᠭᠡ ᠶᠢᠨ ᠨᠢᠭᠡᠴᠢ ᠶᠢᠨ ᠬᠤᠳᠠ ᠶᠢᠨ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ | ᠳᠠᠪᠴᠠᠩ ᠠᠰᠢᠭᠯᠠᠬᠤ ᠶᠢ ᠨᠢ ᠵᠢᠭᠠᠨ ᠵᠢᠯᠤᠭᠤᠳᠴᠤ᠂ ᠬᠢᠨᠠᠯᠳᠠ ᠳᠠᠯᠪᠢᠵᠤ᠂ ᠳᠠᠭᠠᠭᠠᠴᠢᠯᠠᠯᠳᠠ ᠵᠠᠷᠯᠠᠬᠤ | ᠳᠠᠭᠠᠭᠠᠴᠢᠯᠠᠯᠳᠠ ᠬᠦᠯᠢᠶᠡᠬᠦ ᠠᠷᠭ᠎ᠠ ᠠᠪᠴᠠᠯ ᠢᠶᠠᠷ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ | ᠰᠢᠯᠢᠨ ᠤᠷᠢᠬᠤ ᠬᠡᠷᠡᠭᠳᠡᠢ︔ ᠳᠠᠭᠠᠭᠠᠴᠢᠯᠠᠯᠳᠠ ᠬᠦᠯᠢᠶᠡᠭᠴᠢ ᠨᠢ ᠭᠤᠷᠪᠠᠨ ᠬᠦᠮᠦᠨ ᠠᠴᠠ ᠴᠦᠭᠡᠨ ᠪᠤᠶᠤ | ᠪᠦᠲᠦᠭᠡᠨ ᠪᠠᠶᠢᠭᠤᠯᠤᠯᠳᠠ ᠶᠢᠨ ᠬᠦᠷᠢᠶ᠎ᠡ ᠬᠡᠪᠴᠢᠶ᠎ᠡ ᠨᠢ 2 ᠲᠦᠮᠡᠨ ᠳᠡᠭᠰᠢ ᠳᠦᠷᠪᠡᠯᠵᠢᠨ ᠮᠧᠲᠷ ᠠᠴᠠ ᠪᠠᠭ᠎ᠠ ᠪᠣᠯ᠂ | ᠠᠳᠠᠯ ᠠᠬᠤᠢ ᠶᠢᠨ ᠲᠦᠷᠦᠯ ᠵᠦᠢᠯ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠵᠦᠪᠰᠢᠶᠡᠷᠡᠬᠦᠯᠵᠦ᠂ ᠵᠦᠪᠯᠡᠯᠴᠡᠭᠡᠷ ᠤᠨ ᠠᠷᠭ᠎ᠠ ᠠᠪᠴᠠᠯ ᠢ ᠠᠪᠴᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠢ ᠰᠢᠯᠢᠨ ᠤᠷᠢᠵᠤ ᠪᠤᠯᠤᠨ᠎ᠠ᠃ | ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠠᠳᠠᠯ ᠠᠬᠤᠢ ᠶᠢᠨ ᠬᠠᠮᠢᠶᠠᠷᠤᠯᠳᠠ ᠶᠢᠨ ᠳᠠᠭᠠᠭᠠᠴᠢᠯᠠᠯᠳᠠ ᠳᠤᠭᠳᠠᠭᠠᠬᠤ ᠲᠤᠰᠬᠠᠢ | ᠮᠡᠷᠭᠡᠵᠢᠯᠳᠡᠨ ᠤ ᠰᠠᠩ ᠢ ᠪᠠᠶᠢᠭᠤᠯᠬᠤ ᠪᠦᠭᠡᠳ ᠳᠤᠭᠳᠠᠭᠰᠠᠨ ᠬᠤᠭᠤᠴᠠᠭ᠎ᠠ ᠲᠠᠢ ᠪᠤᠯᠪᠠᠰᠤᠷᠠᠭᠤᠯᠤᠯ ᠪᠠ ᠬᠢᠨᠠᠨ | ᠰᠢᠯᠭᠠᠯᠳᠠ ᠶᠢ ᠵᠤᠬᠢᠶᠠᠨ ᠪᠠᠶᠢᠭᠤᠯᠵᠤ᠂ ᠬᠦᠳᠡᠯᠦᠩᠬᠦᠢ ᠬᠠᠮᠢᠶᠠᠷᠤᠯᠳᠠ ᠶᠢᠨ ᠲᠦᠷᠢᠮ ᠢ ᠬᠡᠷᠡᠭᠵᠢᠬᠦᠯᠬᠦ ᠬᠡᠷᠡᠭᠳᠡᠢ᠃ | ᠦᠮᠴᠢᠳᠡᠨ ᠤ ᠺᠤᠮᠢᠰ ᠨᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠢᠯᠢᠨ ᠤᠷᠢᠬᠤ | ᠳᠠᠭᠠᠨ᠂ ᠬᠤᠳᠠ ᠶᠢᠨ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠠᠪᠴᠠᠩ ᠢ ᠠᠰᠢᠭᠯᠠᠬᠤ ᠶᠢ | ᠡᠷᠬᠢᠮᠯᠡᠵᠦ᠂ ᠳᠠᠭᠠᠭᠠᠴᠢᠯᠠᠯᠳᠠ ᠵᠠᠷᠯᠠᠬᠤ ᠳᠠᠭᠠᠭᠠᠴᠢᠯᠠᠯᠳᠠ ᠬᠦᠯᠢᠶᠡᠬᠦ ᠠᠷᠭ᠎ᠠ ᠠᠪᠴᠠᠯ ᠢᠶᠠᠷ ᠰᠢᠯᠢᠨ ᠤᠷᠢᠨ᠎ᠠ᠃ | ᠠᠷᠪᠠ ᠶᠢᠰᠦᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠠᠳᠠᠯ ᠠᠬᠤᠢ | ᠶᠢᠨ ᠳᠤᠰᠴᠤ ᠠᠪᠴᠤ ᠬᠠᠮᠢᠶᠠᠷᠬᠤ ᠪᠠᠳᠤᠯᠠᠭᠠᠨ ᠤ ᠮᠦᠩᠬᠦ ᠶᠢᠨ ᠲᠦᠷᠢᠮ ᠢ ᠬᠡᠷᠡᠭᠵᠢᠬᠦᠯᠦᠨ᠎ᠡ᠃ ᠳᠠᠭᠠᠭᠠᠴᠢᠯᠠᠯᠳᠠ | ᠤᠯᠤᠭᠰᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠬᠤᠳᠠ ᠶᠢᠨ ᠤᠯᠠᠨ ᠨᠡᠶᠢᠳᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠦᠪ ᠠᠴᠠ ᠳᠠᠭᠠᠭᠠᠴᠢᠯᠠᠯᠳᠠ ᠤᠯᠤᠭᠰᠠᠨ ᠮᠡᠳᠡᠭᠳᠡᠯ ᠤᠨ ᠪᠢᠴᠢᠭ ᠢᠶᠠᠨ ᠭᠠᠷᠳᠠᠨ | ᠠᠪᠬᠤ ᠠᠴᠠ ᠡᠮᠦᠨ᠎ᠡ ᠲᠤᠰᠴᠤ ᠠᠪᠴᠤ ᠬᠠᠮᠢᠶᠠᠷᠬᠤ ᠠᠳᠠᠯ ᠠᠬᠤᠢ ᠶᠢᠨ ᠲᠦᠷᠦᠯ ᠵᠦᠢᠯ ᠲᠠᠢ ᠪᠠᠨ ᠠᠳᠠᠯ ᠠᠬᠤᠢ | ᠶᠢᠨ ᠦᠢᠯᠡᠴᠢᠯᠡᠭᠡᠨ ᠤ ᠭᠡᠷ᠎ᠡ ᠳᠤ ᠳᠠᠩᠰᠠᠯᠠᠭᠤᠯᠬᠤ ᠳᠠᠭᠠᠨ ᠴᠦᠮ ᠲᠦᠷᠦᠯ ᠵᠦᠢᠯ ᠪᠠᠶᠢᠭ᠎ᠠ ᠭᠠᠵᠠᠷ ᠤᠨ ᠬᠤᠰᠢᠭᠤ | ᠰᠢᠶᠠᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠲᠤ ᠲᠤᠰᠴᠤ ᠠᠪᠴᠤ ᠬᠠᠮᠢᠶᠠᠷᠬᠤ ᠪᠠᠳᠤᠯᠠᠭᠠᠨ ᠤ ᠮᠦᠩᠬᠦ ᠶᠢ ᠲᠤᠭ᠎ᠠ ᠶᠤᠰᠤᠭᠠᠷ | ᠳᠤᠰᠢᠶᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠠᠳᠠᠯ ᠠᠬᠤᠢ ᠶᠢᠨ ᠦᠢᠯᠡᠴᠢᠯᠡᠭᠡᠨ ᠤ | ᠬᠡᠷ᠎ᠡ ᠶᠢ ᠳᠤᠷ᠎ᠠ ᠵᠤᠷᠢᠭ ᠢᠶᠠᠷ ᠢᠶᠠᠨ ᠵᠤᠭᠰᠤᠭᠠᠭᠰᠠᠨ ᠤ ᠳᠠᠷᠠᠭᠠᠬᠢ ᠠᠳᠠᠯ ᠠᠬᠤᠢ ᠶᠢᠨ ᠬᠠᠮᠢᠶᠠᠷᠤᠯᠳᠠ ᠶᠢᠨ ᠬᠡᠪ | ᠤᠨ ᠡᠮᠬᠢ ᠵᠢᠷᠤᠮ ᠢ ᠬᠠᠮᠠᠭᠠᠯᠠᠬᠤ ᠵᠠᠷᠤᠳᠠᠯ ᠳᠤ ᠬᠡᠷᠡᠭᠯᠡᠨ᠎ᠡ᠃ ᠪᠤᠳᠠᠳᠠᠢ ᠪᠠᠷᠢᠮᠵᠢᠶ᠎ᠠ ᠳᠤᠤᠷᠠᠬᠢ ᠮᠡᠳᠦ᠄ | ︵ᠨᠢᠭᠡ︶ ᠤᠷᠤᠨ ᠰᠠᠭᠤᠴᠠ ᠶᠢᠨ ᠠᠳᠠᠯ ᠠᠬᠤᠢ᠄ ᠪᠠᠷᠢᠯᠭ᠎ᠠ ᠶᠢᠨ ᠳᠠᠯᠠᠪᠠᠢ ᠪᠠᠷ 5 ᠲᠦᠮᠡᠨ ᠳᠡᠭᠰᠢ | ᠲᠦᠷᠪᠡᠯᠵᠢᠨ ᠮᠧᠲᠷ ᠬᠦᠷᠬᠦ ᠦᠭᠡᠢ ᠪᠣᠯ 1 ᠠᠴᠠ 5 ᠲᠦᠮᠡᠨ ᠲᠦᠬᠦᠷᠢᠭ ᠳᠤᠰᠢᠶᠠᠨ᠎ᠠ︔ ᠪᠠᠷᠢᠯᠭ᠎ᠠ ᠶᠢᠨ ᠳᠠᠯᠠᠪᠠᠢ | ᠪᠠᠷ 5 ᠲᠦᠮᠡᠨ ᠳᠡᠭᠰᠢ ᠳᠦᠷᠪᠡᠯᠵᠢᠨ ᠮᠧᠲᠷ ᠠᠴᠠ ᠳᠡᠭᠡᠭᠰᠢ 30 ᠲᠦᠮᠡᠨ ᠳᠡᠭᠰᠢ ᠳᠦᠷᠪᠡᠯᠵᠢᠨ ᠮᠧᠲᠷ ᠬᠦᠷᠬᠦ | ᠦᠭᠡᠢ ᠪᠣᠯ 5 ᠠᠴᠠ 10 ᠲᠦᠮᠡᠨ ᠲᠦᠬᠦᠷᠢᠭ ᠲᠤᠰᠢᠶᠠᠨ᠎ᠠ︔ ᠪᠠᠷᠢᠯᠭ᠎ᠠ ᠶᠢᠨ ᠳᠠᠯᠠᠪᠠᠢ ᠪᠠᠷ 30 ᠲᠦᠮᠡᠨ ᠳᠡᠭᠰᠢ | ᠳᠦᠷᠪᠡᠯᠵᠢᠨ ᠮᠧᠲᠷ ᠠᠴᠠ ᠳᠡᠭᠡᠭᠰᠢ ᠪᠣᠯ 20 ᠲᠦᠮᠡᠨ ᠲᠦᠬᠦᠷᠢᠭ ᠳᠤᠰᠢᠶᠠᠨ᠎ᠠ᠃ | ︵ᠬᠤᠶᠠᠷ︶ ᠤᠷᠤᠨ ᠰᠠᠭᠤᠴᠠ ᠶᠢᠨ ᠪᠤᠰᠤ ᠠᠳᠠᠯ ᠠᠬᠤᠢ᠄ ᠪᠠᠷᠢᠯᠭ᠎ᠠ ᠶᠢᠨ ᠳᠠᠯᠠᠪᠠᠢ ᠪᠠᠷ 3 ᠲᠦᠮᠡᠨ | ᠳᠡᠭᠰᠢ ᠳᠦᠷᠪᠡᠯᠵᠢᠨ ᠮᠧᠲᠷ ᠬᠦᠷᠬᠦ ᠦᠭᠡᠢ ᠪᠣᠯ 5 ᠠᠴᠠ 8 ᠲᠦᠮᠡᠨ ᠲᠦᠬᠦᠷᠢᠭ ᠳᠤᠰᠢᠶᠠᠨ᠎ᠠ︔ ᠪᠠᠷᠢᠯᠭ᠎ᠠ ᠶᠢᠨ | ᠳᠠᠯᠠᠪᠠᠢ ᠪᠠᠷ 3 ᠲᠦᠮᠡᠨ ᠳᠡᠭᠰᠢ ᠳᠦᠷᠪᠡᠯᠵᠢᠨ ᠮᠧᠲᠷ ᠠᠴᠠ ᠳᠡᠭᠡᠭᠰᠢ 5 ᠲᠦᠮᠡᠨ ᠳᠡᠭᠰᠢ ᠳᠦᠷᠪᠡᠯᠵᠢᠨ ᠮᠧᠲᠷ | ᠬᠦᠷᠬᠦ ᠦᠭᠡᠢ ᠪᠣᠯ 10 ᠲᠦᠮᠡᠨ ᠲᠦᠬᠦᠷᠢᠭ ᠲᠤᠰᠢᠶᠠᠨ᠎ᠠ︔ ᠪᠠᠷᠢᠯᠭ᠎ᠠ ᠶᠢᠨ ᠳᠠᠯᠠᠪᠠᠢ ᠪᠠᠷ 5 ᠲᠦᠮᠡᠨ ᠳᠡᠭᠰᠢ | ᠳᠦᠷᠪᠡᠯᠵᠢᠨ ᠮᠧᠲᠷ ᠠᠴᠠ ᠳᠡᠭᠡᠭᠰᠢ ᠪᠣᠯ 20 ᠲᠦᠮᠡᠨ ᠳᠦᠬᠦᠷᠢᠭ ᠲᠤᠰᠢᠶᠠᠨ᠎ᠠ᠃ | ᠬᠤᠷᠢᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠠᠳᠠᠯ ᠠᠬᠤᠢ ᠶᠢᠨ | ᠲᠦᠷᠦᠯ ᠵᠦᠢᠯ ᠠᠴᠠ ᠤᠬᠤᠷᠢᠨ ᠭᠠᠷᠤᠭᠰᠠᠨ ᠮᠦᠷᠳᠡᠭᠡᠨ ᠪᠦᠲᠦᠭᠡᠨ ᠪᠠᠶᠢᠭᠤᠯᠤᠯᠳᠠ ᠶᠢᠨ ᠨᠢᠭᠡᠴᠢ᠂ ᠦᠮᠴᠢᠯᠡᠯ | ᠤᠨ ᠡᠷᠭᠡ ᠶᠢᠨ ᠨᠢᠭᠡᠴᠢ ᠪᠤᠶᠤ ᠦᠮᠴᠢᠳᠡᠨ ᠤ ᠺᠤᠮᠢᠰ ᠲᠠᠢ ᠠᠳᠠᠯ ᠠᠬᠤᠢ ᠶᠢᠨ ᠭᠠᠷᠳᠠᠮ ᠢ ᠬᠦᠢᠴᠡᠳᠭᠡᠵᠦ | ᠪᠠᠷᠠᠭᠰᠠᠨ ᠤ ᠳᠠᠷᠠᠭ᠎ᠠ ᠪᠠᠳᠤᠯᠠᠭᠠᠨ ᠤ ᠮᠦᠩᠬᠦ ᠶᠢ ᠬᠡᠷᠡᠭᠯᠡᠬᠦ ᠬᠠᠮᠢᠶᠠᠷᠤᠯᠳᠠ ᠶᠢᠨ ᠠᠷᠭ᠎ᠠ ᠶᠢᠨ ᠬᠠᠮᠢᠶ᠎ᠠ ᠪᠦᠬᠦᠢ | ᠳᠤᠭᠳᠠᠭᠠᠯ ᠶᠤᠰᠤᠭᠠᠷ ᠠᠳᠠᠯ ᠠᠬᠤᠢ ᠶᠢ ᠳᠤᠰᠴᠤ ᠠᠪᠴᠤ ᠬᠠᠮᠢᠶᠠᠷᠬᠤ ᠪᠠᠳᠤᠯᠠᠭᠠᠨ ᠤ ᠮᠦᠩᠬᠦ ᠶᠢ ᠡᠬᠡᠬᠦᠯᠦᠨ | ᠪᠤᠴᠠᠭᠠᠨ᠎ᠠ᠃ | ᠪᠠᠳᠤᠯᠠᠭᠠᠨ ᠤ ᠮᠦᠩᠬᠦ ᠶᠢ ᠬᠡᠷᠡᠭᠯᠡᠬᠦ ᠬᠠᠮᠢᠶᠠᠷᠤᠯᠳᠠ ᠶᠢᠨ ᠠᠷᠭ᠎ᠠ ᠶᠢ ᠬᠤᠳᠠ ᠶᠢᠨ ᠠᠷᠠᠳ ᠤᠨ ᠵᠠᠰᠠᠭ ᠤᠨ | ᠤᠷᠳᠤᠨ ᠠᠴᠠ ᠳᠤᠭᠳᠠᠭᠠᠨ᠎ᠠ᠃ | ᠬᠤᠷᠢᠨ ᠨᠢᠭᠡᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠪᠦᠲᠦᠭᠡᠨ | ᠪᠠᠶᠢᠭᠤᠯᠤᠯᠳᠠ ᠶᠢᠨ ᠨᠢᠭᠡᠴᠢ ᠠᠴᠠ ᠠᠳᠠᠯ ᠠᠬᠤᠢ ᠶᠢ ᠲᠤᠰᠴᠤ ᠠᠪᠬᠤ ᠳᠠᠭᠠᠨ ᠠᠳᠠᠯ ᠠᠬᠤᠢ ᠶᠢᠨ ᠨᠡᠶᠢᠳᠡ ᠶᠢᠨ | ᠬᠡᠷᠡᠭᠯᠡᠭᠡᠨ ᠤ ᠬᠡᠰᠡᠭ᠂ ᠨᠡᠶᠢᠳᠡ ᠶᠢᠨ ᠬᠡᠷᠡᠭᠯᠡᠭᠡᠨ ᠤ ᠲᠤᠨᠤᠭ ᠲᠦᠬᠦᠭᠡᠷᠦᠮᠵᠢ ᠶᠢ ᠪᠠᠶᠢᠴᠠᠭᠠᠨ ᠰᠢᠯᠭᠠᠵᠤ᠂ ᠠᠳᠠᠯ | ᠠᠬᠤᠢ ᠨᠢ ᠲᠤᠰ ᠲᠦᠷᠢᠮ ᠤᠨ ᠠᠷᠪᠠᠨ ᠵᠢᠷᠭᠤᠳᠤᠭᠠᠷ ᠵᠦᠢᠯ ᠤᠨ ᠲᠤᠭᠳᠠᠭᠠᠯ ᠤᠨ ᠲᠤᠰᠢᠶᠠᠵᠤ ᠦᠭᠭᠦ ᠨᠦᠬᠦᠴᠡᠯ | ᠳᠤ ᠨᠡᠶᠢᠴᠡᠭᠰᠡᠨ ᠢ ᠨᠤᠳᠠᠯᠠᠨ ᠵᠦᠪᠰᠢᠶᠡᠷᠡᠵᠦ᠂ ᠬᠤᠶᠠᠷ ᠳᠠᠯ᠎ᠠ ᠪᠠᠷ ᠢᠶᠠᠨ ᠭᠠᠷ ᠤᠨ ᠦᠰᠦᠭ ᠵᠢᠷᠤᠵᠤ ᠨᠤᠳᠠᠯᠠᠨ | ᠵᠦᠪᠰᠢᠶᠡᠷᠡᠬᠦ ᠮᠦᠷᠳᠡᠭᠡᠨ ᠲᠤᠰᠢᠶᠠᠬᠤ ᠲᠤᠰᠴᠤ ᠠᠪᠬᠤ ᠭᠠᠷᠳᠠᠮ ᠢ ᠬᠦᠢᠴᠡᠳᠭᠡᠬᠦ ᠬᠡᠷᠡᠭᠳᠡᠢ᠃ ᠠᠰᠠᠭᠤᠳᠠᠯ ᠢ | ᠤᠯᠵᠤ ᠮᠡᠳᠡᠪᠡᠯ ᠪᠦᠲᠦᠭᠡᠨ ᠪᠠᠶᠢᠭᠤᠯᠤᠯᠳᠠ ᠶᠢᠨ ᠨᠢᠭᠡᠴᠢ ᠳᠤ ᠪᠢᠴᠢᠭ ᠢᠶᠠᠷ ᠮᠡᠳᠡᠭᠳᠡᠨ᠎ᠡ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠪᠠᠶᠢᠴᠠᠭᠠᠨ ᠰᠢᠯᠭᠠᠭᠰᠠᠨ ᠦᠭᠡᠢ ᠪᠤᠶᠤ | ᠲᠤᠰᠢᠶᠠᠵᠤ ᠦᠭᠭᠦ ᠨᠦᠬᠦᠴᠡᠯ ᠳᠤ ᠨᠡᠶᠢᠴᠡᠭᠰᠡᠨ ᠦᠭᠡᠢ ᠠᠳᠠᠯ ᠠᠬᠤᠢ ᠶᠢ ᠲᠤᠰᠴᠤ ᠠᠪᠴᠤ ᠪᠤᠯᠬᠤ ᠦᠭᠡᠢ᠃ | ᠪᠦᠲᠦᠭᠡᠨ ᠪᠠᠶᠢᠭᠤᠯᠤᠯᠳᠠ ᠶᠢᠨ ᠨᠢᠭᠡᠴᠢ ᠨᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠱᠠᠭᠠᠷᠳᠠᠵᠤ | ᠪᠠᠶᠢᠴᠠᠭᠠᠨ ᠰᠢᠯᠭᠠᠭᠤᠯᠤᠭᠰᠠᠨ ᠦᠭᠡᠢ ᠪᠤᠶᠤ ᠲᠤᠰᠢᠶᠠᠵᠤ ᠦᠭᠭᠦ ᠨᠦᠬᠦᠴᠡᠯ ᠲᠠᠢ ᠨᠡᠶᠢᠴᠡᠭᠰᠡᠨ ᠦᠭᠡᠢ ᠠᠳᠠᠯ | ᠠᠬᠤᠢ ᠶᠢ ᠲᠤᠰᠴᠤ ᠠᠪᠤᠭᠤᠯᠤᠭᠰᠠᠨ ᠪᠠᠶᠢᠪᠠᠯ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠢ ᠪᠦᠲᠦᠭᠡᠨ | ᠪᠠᠶᠢᠭᠤᠯᠤᠯᠳᠠ ᠶᠢᠨ ᠨᠢᠭᠡᠴᠢ ᠠᠴᠠ ᠡᠬᠦᠷᠭᠡᠯᠡᠨ᠎ᠡ᠃ | ᠬᠤᠭᠤᠴᠠᠭ᠎ᠠ ᠬᠤᠪᠢᠶᠠᠨ ᠨᠡᠭᠡᠭᠡᠨ ᠬᠦᠭᠵᠢᠬᠦᠯᠵᠦ ᠪᠦᠲᠦᠭᠡᠨ ᠪᠠᠶᠢᠭᠤᠯᠤᠭᠰᠠᠨ ᠠᠳᠠᠯ ᠠᠬᠤᠢ ᠶᠢᠨ ᠨᠡᠭᠡᠭᠡᠨ | ᠬᠦᠭᠵᠢᠬᠦᠯᠵᠦ ᠪᠦᠲᠦᠭᠡᠨ ᠪᠠᠶᠢᠭᠤᠯᠤᠭᠰᠠᠨ ᠠᠬᠢᠴᠠ ᠶᠢ ᠨᠢ ᠦᠨᠳᠦᠰᠦᠯᠡᠵᠦ᠂ ᠳᠤᠰᠢᠶᠠᠨ ᠦᠭᠭᠦ ᠨᠦᠬᠦᠴᠡᠯ ᠳᠤ | ᠨᠡᠶᠢᠴᠡᠭᠰᠡᠨ ᠠᠳᠠᠯ ᠠᠬᠤᠢ ᠶᠢ ᠬᠤᠭᠤᠴᠠᠭ᠎ᠠ ᠬᠤᠪᠢᠶᠠᠨ ᠪᠠᠶᠢᠴᠠᠭᠠᠨ ᠰᠢᠯᠭᠠᠵᠤ ᠲᠤᠰᠴᠤ ᠠᠪᠴᠤ ᠪᠤᠯᠤᠨ᠎ᠠ᠃ | ᠪᠦᠲᠦᠭᠡᠨ ᠪᠠᠶᠢᠭᠤᠯᠤᠯᠳᠠ ᠶᠢᠨ ᠨᠢᠭᠡᠴᠢ ᠨᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠲᠠᠢ ᠠᠩᠬᠠᠨ | ᠤ ᠬᠤᠭᠤᠴᠠᠭᠠᠨ ᠤ ᠠᠳᠠᠯ ᠠᠬᠤᠢ ᠶᠢ ᠲᠤᠰᠴᠤ ᠠᠪᠬᠤ ᠦᠶᠠᠰ᠂ ᠠᠳᠠᠯ ᠠᠬᠤᠢ ᠶᠢᠨ ᠪᠦᠬᠦᠶᠢᠯᠡ ᠴᠤᠭᠴᠠ ᠪᠠᠷ | ᠲᠤᠰᠢᠶᠠᠨ ᠦᠭᠭᠦ ᠲᠤᠰᠴᠤ ᠠᠪᠬᠤ ᠭᠠᠷᠳᠠᠮ ᠢ ᠬᠦᠢᠴᠡᠳᠭᠡᠬᠦ ᠬᠡᠷᠡᠭᠳᠡᠢ᠃ | ᠬᠤᠷᠢᠨ ᠬᠤᠶᠠᠳᠤᠭᠠᠷ ᠵᠦᠢᠯ ᠪᠦᠲᠦᠭᠡᠨ ᠪᠠᠶᠢᠭᠤᠯᠤᠯᠳᠠ ᠶᠢᠨ ᠨᠢᠭᠡᠴᠢ ᠨᠢ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠲᠠᠢ ᠠᠳᠠᠯ ᠠᠬᠤᠢ ᠶᠢᠨ ᠬᠠᠮᠢᠶᠠᠷᠤᠯᠳᠠ ᠶᠢ ᠲᠤᠰᠴᠤ ᠠᠪᠬᠤ ᠭᠠᠷᠳᠠᠮ ᠢ | ᠬᠦᠢᠴᠡᠳᠭᠡᠬᠦ ᠠᠴᠠ ᠪᠠᠨ ᠬᠤᠷᠢᠨ ᠡᠳᠦᠷ ᠤᠨ ᠡᠮᠦᠨ᠎ᠡ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ | ᠳᠤ ᠳᠤᠤᠷ᠎ᠠ ᠵᠢᠭᠰᠠᠭᠠᠭᠰᠠᠨ ᠵᠦᠢᠯ ᠤᠳ ᠢ ᠰᠢᠯᠵᠢᠬᠦᠯᠦᠨ ᠲᠤᠰᠢᠶᠠᠬᠤ ᠪᠦᠭᠡᠳ ᠬᠤᠰᠢᠭᠤ ᠰᠢᠶᠠᠨ ᠱᠠᠲᠤᠨ ᠤ | ᠠᠷᠠᠳ ᠤᠨ ᠵᠠᠰᠠᠭ ᠤᠨ ᠤᠷᠳᠤᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠦᠴᠢᠷ ᠤᠨ ᠬᠢᠨᠠᠯᠳᠠ ᠳᠠᠯᠪᠢᠬᠤ ᠶᠢ ᠬᠦᠯᠢᠶᠡᠨ ᠠᠪᠬᠤ ᠬᠡᠷᠡᠭᠳᠡᠢ᠄ | ︵ᠨᠢᠭᠡ︶ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠳᠠᠭᠤᠰᠬᠠᠭᠰᠠᠨ ᠶᠡᠷᠦᠩᠭᠡᠢ ᠬᠠᠪᠳᠠᠭᠠᠢ ᠵᠢᠷᠤᠭ︔ | ︵ᠬᠤᠶᠠᠷ︶ ᠳᠠᠩ ᠴᠤᠭᠴᠠᠳᠤ ᠪᠠᠷᠢᠯᠭ᠎ᠠ᠂ ᠪᠦᠲᠦᠴᠡ᠂ ᠲᠦᠬᠦᠭᠡᠷᠦᠮᠵᠢ ᠶᠢᠨ ᠪᠠᠷᠢᠯᠭ᠎ᠠ ᠶᠢᠨ ᠠᠵᠢᠯ ᠢ | ᠳᠠᠭᠤᠰᠬᠠᠭᠰᠠᠨ ᠵᠢᠷᠤᠭ᠂ ᠢᠵᠢ ᠪᠦᠷᠢᠳᠦᠭᠰᠡᠨ ᠲᠦᠬᠦᠭᠡᠷᠦᠮᠵᠢ᠂ ᠭᠠᠵᠠᠷ ᠳᠤᠤᠷᠠᠬᠢ ᠬᠤᠭᠤᠯᠠᠢ ᠶᠢᠨ ᠳᠤᠤᠷ ᠤᠨ | ᠪᠠᠷᠢᠯᠭ᠎ᠠ ᠶᠢᠨ ᠠᠵᠢᠯ ᠢ ᠳᠠᠭᠤᠰᠬᠠᠭᠰᠠᠨ ᠵᠢᠷᠤᠭ ᠵᠡᠷᠭᠡ ᠪᠠᠷᠢᠯᠭ᠎ᠠ ᠶᠢᠨ ᠠᠵᠢᠯ ᠤᠨ ᠳᠠᠭᠤᠰᠤᠯᠳᠠ ᠶᠢ ᠰᠢᠯᠭᠠᠨ | ᠬᠤᠷᠢᠶᠠᠬᠤ ᠮᠠᠲ᠋ᠧᠷᠢᠶᠠᠯ ᠵᠢᠴᠢ ᠳᠤᠨᠤᠭ ᠲᠦᠬᠦᠭᠡᠷᠦᠮᠵᠢ ᠶᠢᠨ ᠤᠭᠰᠠᠷᠠᠯᠳᠠ᠂ ᠬᠡᠷᠡᠭᠯᠡᠯᠳᠡ ᠪᠠ ᠬᠠᠮᠠᠭᠠᠯᠠᠯᠳᠠ | ᠠᠷᠠᠴᠢᠯᠠᠯᠳᠠ ᠵᠡᠷᠭᠡ ᠮᠡᠷᠭᠡᠵᠢᠯ ᠤᠨ ᠮᠠᠲ᠋ᠧᠷᠢᠶᠠᠯ︔ | ︵ᠭᠤᠷᠪᠠ︶ ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠬᠡᠷ᠃ | ᠬᠤᠷᠢᠨ ᠭᠤᠷᠪᠠᠳᠤᠭᠠᠷ ᠵᠦᠢᠯ ᠪᠦᠲᠦᠭᠡᠨ ᠪᠠᠶᠢᠭᠤᠯᠤᠯᠳᠠ ᠶᠢᠨ ᠨᠢᠭᠡᠴᠢ ᠨᠢ ᠲᠦᠯᠦᠪᠵᠢᠬᠦᠯᠭᠡ ᠶᠤᠰᠤᠭᠠᠷ | ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠭᠡᠷ ᠢ ᠦᠨ᠎ᠡ ᠲᠦᠯᠦᠪᠦᠷᠢ ᠦᠭᠡᠢ ᠪᠠᠷ ᠲᠤᠬᠢᠷᠠᠭᠤᠯᠬᠤ ᠬᠡᠷᠡᠭᠳᠡᠢ᠃ | ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠭᠡᠷ ᠲᠤ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠠᠯᠪᠠᠯᠠᠬᠤ ᠳᠤ ᠬᠡᠷᠡᠭᠯᠡᠬᠦ ᠬᠡᠷ ᠪᠠ ᠦᠮᠴᠢᠳᠡᠨ ᠤ ᠺᠤᠮᠢᠰ ᠤᠨ ᠠᠯᠪᠠᠯᠠᠬᠤ ᠳᠤ ᠬᠡᠷᠡᠭᠯᠡᠬᠦ ᠬᠡᠷ | ᠪᠠᠭᠳᠠᠨ᠎ᠠ᠃ ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠬᠡᠷ ᠤᠨ ᠳᠠᠯᠠᠪᠠᠢ ᠨᠢ ᠪᠦᠲᠦᠭᠡᠨ ᠪᠠᠶᠢᠭᠤᠯᠬᠤ | ᠪᠠᠷᠢᠯᠭ᠎ᠠ ᠶᠢᠨ ᠲᠦᠯᠦᠪᠵᠢᠬᠦᠯᠭᠡ ᠶᠢᠨ ᠵᠦᠪᠰᠢᠶᠡᠷᠡᠯ ᠤᠨ ᠦᠨᠡᠮᠯᠡᠯ ᠳᠤ ᠳᠤᠳᠤᠷᠬᠠᠢ ᠳᠡᠮᠳᠡᠭᠯᠡᠭᠰᠡᠨ ᠪᠦᠲᠦᠭᠡᠨ | ᠪᠠᠶᠢᠭᠤᠯᠬᠤ ᠪᠠᠷᠢᠯᠭ᠎ᠠ ᠶᠢᠨ ᠶᠡᠷᠦᠩᠭᠡᠢ ᠳᠠᠯᠠᠪᠠᠢ ᠠᠴᠠ ᠮᠢᠩᠭᠠᠨ ᠤ ᠭᠤᠷᠪᠠ ᠠᠴᠠ ᠳᠤᠤᠷ᠎ᠠ ᠪᠠᠶᠢᠯᠭᠠᠵᠤ ᠪᠤᠯᠬᠤ | ᠦᠭᠡᠢ ᠮᠦᠷᠳᠡᠭᠡᠨ ᠵᠠᠭᠤᠨ ᠳᠡᠭᠰᠢ ᠳᠦᠷᠪᠡᠯᠵᠢᠨ ᠮᠧᠲᠷ ᠠᠴᠠ ᠳᠤᠤᠷ᠎ᠠ ᠪᠠᠶᠢᠯᠭᠠᠵᠤ ᠪᠤᠯᠬᠤ ᠦᠭᠡᠢ᠂ ᠡᠬᠦᠨ ᠳᠤ | ᠦᠮᠴᠢᠳᠡᠨ ᠤ ᠺᠤᠮᠢᠰ ᠤᠨ ᠠᠯᠪᠠᠯᠠᠬᠤ ᠳᠤ ᠬᠡᠷᠡᠭᠯᠡᠬᠦ ᠬᠡᠷ ᠤᠨ ᠳᠠᠯᠠᠪᠠᠢ ᠶᠢ ᠭᠤᠴᠢᠨ ᠳᠡᠭᠰᠢ ᠳᠦᠷᠪᠡᠯᠵᠢᠨ ᠮᠧᠲᠷ | ᠠᠴᠠ ᠪᠠᠭ᠎ᠠ ᠪᠠᠶᠢᠯᠭᠠᠵᠤ ᠪᠤᠯᠬᠤ ᠦᠭᠡᠢ᠃ | ᠤᠷᠤᠨ ᠰᠠᠭᠤᠴᠠ ᠶᠢᠨ ᠠᠳᠠᠯ ᠠᠬᠤᠢ ᠶᠢᠨ ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠭᠡᠷ ᠨᠢ | ᠲᠤᠰᠠᠭᠠᠷ ᠬᠡᠷᠡᠭᠯᠡᠬᠦ ᠭᠠᠵᠠᠷ ᠳᠡᠭᠡᠷᠡᠬᠢ ᠬᠡᠷ ᠪᠠᠶᠢᠰᠢᠩ ᠪᠠᠶᠢᠵᠤ᠂ ᠤᠰᠤ ᠬᠠᠩᠭᠠᠯᠳᠠ᠂ ᠴᠠᠬᠢᠯᠭᠠᠨ ᠬᠠᠩᠭᠠᠯᠳᠠ᠂ | ᠢᠯᠴᠢ ᠬᠠᠩᠭᠠᠯᠳᠠ᠂ ᠬᠡᠷᠡᠯ ᠬᠡᠭᠡ ᠵᠡᠷᠭᠡ ᠦᠨᠳᠦᠰᠦᠨ ᠬᠡᠷᠡᠭᠯᠡᠭᠡᠨ ᠤ ᠴᠢᠳᠠᠮᠵᠢ ᠶᠢ ᠪᠦᠷᠢᠯᠳᠦᠬᠦᠯᠬᠦ ᠬᠡᠷᠡᠭᠳᠡᠢ ᠠᠴᠠ | ᠪᠢᠰᠢ᠂ ᠬᠦᠷᠰᠢ ᠵᠡᠷᠭᠡᠯᠡᠳᠡᠭᠡ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠬᠠᠷᠰᠢᠯᠠᠵᠤ ᠪᠤᠯᠬᠤ ᠦᠭᠡᠢ᠃ | ᠬᠤᠷᠢᠨ ᠳᠦᠷᠪᠡᠳᠦᠭᠡᠷ ᠵᠦᠢᠯ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠦᠴᠢᠷ ᠨᠢ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠦᠯᠦᠪᠵᠢᠬᠦᠯᠭᠡ ᠶᠢᠨ ᠵᠦᠪᠰᠢᠶᠡᠷᠡᠯ ᠤᠨ ᠦᠨᠡᠮᠯᠡᠯ ᠢ | ᠬᠠᠷᠭᠤᠭᠤᠯᠤᠨ ᠤᠯᠭᠤᠬᠤ ᠳᠠᠭᠠᠨ᠂ ᠲᠦᠯᠦᠪᠵᠢᠬᠦᠯᠭᠡ ᠶᠢᠨ ᠵᠢᠷᠤᠭ ᠲᠤ ᠵᠡᠬᠦᠯᠳᠡ ᠬᠠᠳᠠᠭᠰᠠᠨ ᠠᠳᠠᠯ ᠠᠬᠤᠢ ᠶᠢᠨ | ᠦᠢᠯᠡᠴᠢᠯᠡᠭᠡᠨ ᠳᠤ ᠬᠡᠷᠡᠭᠯᠡᠬᠦ ᠬᠡᠷ ᠤᠨ ᠪᠠᠶᠢᠷᠢᠰᠢᠯ ᠪᠤᠯᠤᠨ ᠳᠠᠯᠠᠪᠠᠢ ᠶᠢ ᠬᠢᠨᠠᠨ ᠬᠠᠷᠭᠤᠭᠤᠯᠬᠤ ᠬᠡᠷᠡᠭᠳᠡᠢ᠃ | ᠪᠦᠲᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠦᠲᠦᠭᠡᠨ | ᠪᠠᠶᠢᠭᠤᠯᠬᠤ ᠪᠠᠷᠢᠯᠭ᠎ᠠ ᠶᠢᠨ ᠠᠵᠢᠯ ᠢ ᠶᠠᠪᠤᠭᠳᠠᠭᠤᠯᠬᠤ ᠵᠦᠪᠰᠢᠶᠡᠷᠡᠯ ᠤᠨ ᠦᠨᠡᠮᠯᠡᠯ ᠢ ᠬᠠᠷᠭᠤᠭᠤᠯᠤᠨ ᠤᠯᠭᠤᠬᠤ | ᠳᠠᠭᠠᠨ᠂ ᠲᠦᠯᠦᠪᠵᠢᠬᠦᠯᠭᠡ ᠶᠢᠨ ᠵᠢᠷᠤᠭ ᠲᠤ ᠵᠡᠬᠦᠯᠳᠡ ᠬᠠᠳᠠᠭᠰᠠᠨ ᠠᠳᠠᠯ ᠠᠬᠤᠢ ᠶᠢᠨ ᠦᠢᠯᠡᠴᠢᠯᠡᠭᠡᠨ ᠳᠤ | ᠬᠡᠷᠡᠭᠯᠡᠬᠦ ᠬᠡᠷ ᠤᠨ ᠪᠠᠶᠢᠷᠢᠰᠢᠯ ᠪᠠ ᠳᠠᠯᠠᠪᠠᠢ ᠶᠢ ᠬᠢᠨᠠᠨ ᠬᠠᠷᠭᠤᠭᠤᠯᠬᠤ ᠬᠡᠷᠡᠭᠳᠡᠢ᠃ | ᠭᠡᠷ ᠭᠠᠵᠠᠷ ᠬᠦᠷᠦᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠳᠠᠸᠠᠷ | ᠤᠨ ᠬᠡᠷ ᠢ ᠤᠷᠢᠳᠴᠢᠯᠠᠨ ᠬᠤᠳᠠᠯᠳᠤᠬᠤ ᠵᠦᠪᠰᠢᠶᠡᠷᠡᠯ ᠤᠨ ᠦᠨᠡᠮᠯᠡᠯ ᠢ ᠬᠦᠢᠴᠡᠳᠭᠡᠬᠦ ᠪᠤᠶᠤ ᠳᠠᠸᠠᠷ ᠤᠨ ᠬᠡᠷ ᠢ | ᠪᠡᠯᠡᠨ ᠬᠤᠳᠠᠯᠳᠤᠵᠤ ᠳᠠᠩᠰᠠᠯᠠᠭᠤᠯᠬᠤ ᠳᠠᠭᠠᠨ᠂ ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠭᠡᠷ ᠢ | ᠬᠠᠷᠭᠤᠭᠤᠯᠤᠨ ᠪᠠᠶᠢᠴᠠᠭᠠᠬᠤ ᠬᠡᠷᠡᠭᠳᠡᠢ᠃ | ᠠᠳᠠᠯ ᠠᠬᠤᠢ ᠶᠢᠨ ᠲᠦᠷᠦᠯ ᠵᠦᠢᠯ ᠢ ᠲᠤᠰᠢᠶᠠᠨ ᠦᠭᠭᠦ ᠳᠡᠭᠡᠨ᠂ ᠭᠡᠷ ᠭᠠᠵᠠᠷ ᠬᠦᠷᠦᠩᠭᠡ ᠶᠢᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠬᠡᠷ | ᠤᠨ ᠳᠤᠬᠢᠷᠠᠭᠤᠯᠤᠯᠳᠠ ᠶᠢᠨ ᠪᠠᠶᠢᠳᠠᠯ ᠢ ᠠᠬᠤᠢ ᠳᠠᠯᠠᠪᠠᠢ ᠳᠤ ᠨᠢ ᠬᠠᠷᠭᠤᠭᠤᠯᠬᠤ ᠬᠡᠷᠡᠭᠳᠡᠢ᠃ ᠦᠮᠴᠢᠯᠡᠯ ᠤᠨ ᠡᠷᠭᠡ | ᠶᠢᠨ ᠠᠩᠬᠠᠨ ᠤ ᠳᠠᠩᠰᠠᠯᠠᠯᠳᠠ ᠶᠢ ᠬᠦᠢᠴᠡᠳᠭᠡᠬᠦ ᠳᠡᠭᠡᠨ᠂ ᠭᠡᠷ ᠭᠠᠵᠠᠷ ᠬᠦᠷᠦᠩᠭᠡ ᠶᠢᠨ ᠳᠠᠩᠰᠠᠯᠠᠯᠳᠠ ᠶᠢᠨ ᠳᠡᠪᠳᠡᠷ | ᠲᠤ ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠬᠡᠷ ᠬᠡᠬᠦ ᠦᠰᠦᠭ ᠢᠶᠠᠷ ᠵᠡᠬᠦᠯᠳᠡ ᠬᠠᠳᠠᠬᠤ ᠬᠡᠷᠡᠭᠳᠡᠢ᠃ | ᠬᠤᠷᠢᠨ ᠳᠠᠪᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠬᠡᠷ ᠨᠢ ᠪᠦᠬᠦ ᠦᠮᠴᠢᠳᠡᠨ | ᠤ ᠦᠮᠴᠢᠯᠡᠯ ᠳᠤ ᠪᠠᠭᠳᠠᠵᠤ᠂ ᠶᠠᠮᠠᠷᠪᠠ ᠨᠢᠭᠡᠴᠢ ᠪᠠ ᠬᠤᠪᠢ ᠬᠦᠮᠦᠨ ᠳᠤᠷ᠎ᠠ ᠪᠠᠷ ᠢᠶᠠᠨ ᠬᠤᠪᠢᠷᠠᠭᠤᠯᠤᠨ ᠬᠡᠷᠡᠭᠯᠡᠵᠦ | ᠪᠤᠯᠬᠤ ᠦᠭᠡᠢ︔ ᠬᠡᠰᠡᠭᠯᠡᠵᠦ᠂ ᠰᠢᠯᠵᠢᠬᠦᠯᠵᠦ᠂ ᠪᠠᠷᠢᠴᠠᠭᠠᠯᠠᠬᠤ ᠪᠤᠯᠤᠨ ᠲᠦᠷᠢᠶᠡᠰᠦᠯᠡᠵᠦ ᠪᠤᠯᠬᠤ ᠦᠭᠡᠢ᠃ | ᠬᠤᠷᠢᠨ ᠵᠢᠷᠭᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠳᠤᠤᠷ᠎ᠠ | ᠵᠢᠭᠰᠠᠭᠠᠭᠰᠠᠨ ᠮᠡᠳᠡᠭᠡ ᠵᠠᠩᠬᠢ ᠶᠢ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠤᠭᠤᠷᠢᠭ ᠳᠤᠳᠤᠷ᠎ᠠ | ᠮᠡᠳᠡᠭᠳᠡᠮ᠎ᠡ ᠤᠷᠤᠨ ᠪᠠᠶᠢᠷᠢ ᠳᠤ ᠨᠡᠶᠢᠳᠡᠯᠡᠬᠦ ᠬᠡᠷᠡᠭᠳᠡᠢ᠄ | ︵ᠨᠢᠭᠡ︶ ᠠᠳᠠᠯ ᠠᠬᠤᠢ ᠶᠢᠨ ᠲᠦᠷᠦᠯ ᠵᠦᠢᠯ ᠤᠨ ᠬᠠᠷᠢᠭᠤᠴᠠᠯᠭᠠᠳᠠᠨ ᠤ ᠦᠨᠳᠦᠰᠦᠨ ᠪᠠᠶᠢᠳᠠᠯ᠂ ᠠᠳᠠᠯ | ᠠᠬᠤᠢ ᠶᠢᠨ ᠵᠠᠭᠠᠯᠳᠤᠬᠤ ᠳ᠋ᠢᠶᠠᠩᠬᠤᠸᠠ᠂ ᠬᠢᠨᠠᠯᠳᠠ ᠳᠠᠯᠪᠢᠬᠤ ᠳ᠋ᠢᠶᠠᠩᠬᠤᠸᠠ︔ | ︵ᠬᠤᠶᠠᠷ︶ ᠠᠳᠠᠯ ᠠᠬᠤᠢ ᠶᠢᠨ ᠦᠢᠯᠡᠴᠢᠯᠡᠭᠡᠨ ᠤ ᠬᠡᠷ᠎ᠡ ᠳᠤ ᠳᠤᠭᠳᠠᠭᠰᠠᠨ ᠦᠢᠯᠡᠴᠢᠯᠡᠭᠡᠨ ᠤ ᠠᠭᠤᠯᠭ᠎ᠠ᠂ | ᠦᠢᠯᠡᠴᠢᠯᠡᠬᠦ ᠪᠠᠷᠢᠮᠵᠢᠶ᠎ᠡ᠂ ᠰᠦᠢᠳᠭᠡᠯ ᠬᠤᠷᠢᠶᠠᠬᠤ ᠲᠦᠷᠦᠯ ᠵᠦᠢᠯ᠂ ᠰᠦᠢᠳᠭᠡᠯ ᠬᠤᠷᠢᠶᠠᠬᠤ ᠪᠠᠷᠢᠮᠵᠢᠶ᠎ᠠ ᠪᠠ | ᠰᠦᠢᠳᠭᠡᠯ ᠬᠤᠷᠢᠶᠠᠬᠤ ᠠᠷᠭ᠎ᠠ ᠠᠪᠴᠠᠯ︔ | ︵ᠭᠤᠷᠪᠠ︶ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠡᠷᠭᠡ ᠪᠠ ᠡᠬᠦᠷᠭᠡ︔ | ︵ᠲᠦᠷᠪᠡ︶ ᠴᠠᠬᠢᠯᠭᠠᠨ ᠱᠠᠳᠤ᠂ ᠭᠠᠯ ᠤᠨᠳᠠᠷᠠᠭᠠᠬᠤ᠂ ᠬᠢᠨᠠᠨ ᠡᠵᠡᠮᠰᠢᠬᠦ ᠵᠡᠷᠭᠡ ᠲᠦᠬᠦᠭᠡᠷᠦᠮᠵᠢ ᠶᠢᠨ | ᠡᠳᠦᠷ ᠳᠤᠳᠤᠮ ᠤᠨ ᠰᠠᠯᠪᠢᠨ ᠵᠠᠰᠠᠬᠤ ᠠᠷᠠᠴᠢᠯᠠᠨ ᠬᠠᠮᠠᠭᠠᠯᠠᠬᠤ ᠨᠢᠭᠡᠴᠢ ᠶᠢᠨ ᠨᠡᠷᠡᠶᠢᠳᠦᠯ᠂ ᠬᠢᠷᠢ ᠬᠡᠮ᠂ | ᠬᠠᠷᠢᠯᠴᠠᠬᠤ ᠠᠷᠭ᠎ᠠ ᠮᠠᠶ᠋ᠢᠭ ᠪᠤᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠦᠰᠦᠯ︔ | ︵ᠳᠠᠪᠤ︶ ᠦᠮᠴᠢᠳᠡᠨ ᠤ ᠲᠤᠰᠢᠶᠠᠭᠰᠠᠨ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ᠂ ᠤᠯᠠᠨ | ᠨᠡᠶᠢᠳᠡ ᠶᠢᠨ ᠤᠰᠤ ᠴᠠᠬᠢᠯᠭᠠᠨ ᠢ ᠨᠤᠭᠳᠠᠭᠤᠯᠤᠭᠰᠠᠨ ᠰᠦᠢᠳᠭᠡᠯ ᠤᠨ ᠪᠠᠶᠢᠳᠠᠯ᠂ ᠲᠤᠰᠬᠠᠢ ᠰᠡᠯᠪᠢᠨ ᠵᠠᠰᠠᠬᠤ ᠳᠤ | ᠪᠡᠯᠡ ᠮᠦᠩᠬᠦ ᠬᠡᠷᠡᠭᠯᠡᠭᠰᠡᠨ ᠪᠠᠶᠢᠳᠠᠯ᠂ ᠠᠳᠠᠯ ᠠᠬᠤᠢ ᠶᠢᠨ ᠬᠠᠮᠳᠤ ᠶᠢᠨ ᠬᠡᠷᠡᠭᠯᠡᠭᠡᠨ ᠤ ᠬᠡᠰᠡᠭ᠂ ᠬᠠᠮᠳᠤ ᠶᠢᠨ | ᠬᠡᠷᠡᠭᠯᠡᠭᠡᠨ ᠤ ᠳᠤᠨᠤᠭ ᠲᠦᠬᠦᠭᠡᠷᠦᠮᠵᠢ ᠶᠢᠨ ᠡᠵᠡᠩᠨᠡᠯᠳᠡ ᠳᠤ ᠤᠯᠤᠭᠰᠠᠨ ᠠᠰᠢᠭ ᠤᠯᠵᠠᠪᠤᠷᠢ︔ | ︵ᠵᠢᠷᠭᠤᠭ᠎ᠠ︶ ᠭᠡᠷ ᠪᠠᠶᠢᠰᠢᠩ ᠤᠨ ᠵᠠᠰᠠᠯ ᠴᠢᠮᠡᠭᠯᠡᠯ ᠵᠢᠴᠢ ᠬᠡᠷᠡᠭᠯᠡᠭᠡᠨ ᠤ ᠶᠠᠪᠤᠴᠠ ᠳᠠᠬᠢ ᠪᠦᠲᠦᠴᠡ ᠶᠢᠨ | ᠬᠤᠪᠢᠷᠠᠯᠳᠠ ᠵᠡᠷᠭᠡ ᠠᠴᠠ ᠪᠤᠯᠤᠭᠰᠠᠨ ᠠᠮᠤᠷ ᠲᠦᠪᠰᠢᠨ ᠤ ᠵᠦᠢᠯ ᠤᠳ︔ | ︵ᠲᠤᠯᠤᠭ᠎ᠠ︶ ᠨᠡᠶᠢᠳᠡᠯᠡᠬᠦ ᠶᠤᠰᠤᠳᠠᠢ ᠪᠤᠰᠤᠳ ᠠᠭᠤᠯᠭ᠎ᠠ ᠤᠳ᠃ ᠦᠮᠴᠢᠳᠡᠨ ᠨᠡᠶᠢᠳᠡᠯᠡᠭᠰᠡᠨ ᠠᠭᠤᠯᠭ᠎ᠠ | ᠳᠤ ᠤᠨᠳᠤᠤ ᠰᠠᠨᠠᠯ ᠲᠠᠢ ᠪᠣᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠬᠠᠷᠢᠭᠤᠯᠳᠠ ᠦᠭᠭᠦ | ᠬᠡᠷᠡᠭᠳᠡᠢ᠃ | ᠬᠤᠷᠢᠨ ᠳᠤᠯᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠳᠤᠭᠳᠠᠭᠰᠠᠨ ᠬᠢᠵᠠᠭᠠᠷᠯᠠᠯ ᠤᠨ | ᠬᠤᠭᠤᠴᠠᠭ᠎ᠠ ᠬᠦᠢᠴᠡᠭᠰᠡᠨ ᠶᠡᠷᠡᠨ ᠡᠳᠦᠷ ᠤᠨ ᠡᠮᠦᠨ᠎ᠡ᠂ ᠦᠮᠴᠢᠳᠡᠨ ᠤ ᠺᠤᠮᠢᠰ ᠨᠢ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠢ ᠦᠷᠬᠦᠯᠵᠢᠯᠡᠨ ᠤᠷᠢᠬᠤ ᠪᠤᠶᠤ ᠠᠰᠳᠠᠭᠠᠨ ᠤᠷᠢᠬᠤ ᠳᠤᠭᠳᠠᠭᠠᠯ ᠭᠠᠷᠭᠠᠬᠤ | ᠪᠦᠭᠡᠳ ᠳᠤᠭᠳᠠᠭᠠᠯ ᠢᠶᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠪᠢᠴᠢᠭ ᠢᠶᠠᠷ ᠮᠡᠳᠡᠭᠳᠡᠬᠦ | ᠬᠡᠷᠡᠭᠳᠡᠢ᠃ | ᠦᠷᠬᠦᠯᠵᠢᠯᠡᠨ ᠤᠷᠢᠬᠤ ᠪᠠᠨ ᠳᠤᠭᠳᠠᠭᠠᠭᠰᠠᠨ ᠮᠦᠷᠳᠡᠭᠡᠨ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠨᠢ ᠬᠦᠯᠢᠶᠡᠵᠦ ᠠᠪᠤᠭᠰᠠᠨ ᠪᠣᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ | ᠦᠢᠯᠡᠴᠢᠯᠡᠭᠡᠨ ᠤ ᠬᠡᠷ᠎ᠡ ᠶᠢᠨ ᠬᠤᠭᠤᠴᠠᠭ᠎ᠠ ᠬᠦᠢᠴᠡᠬᠦ ᠠᠴᠠ ᠡᠮᠦᠨ᠎ᠡ ᠠᠳᠠᠯ ᠠᠬᠤᠢ ᠶᠢᠨ ᠦᠢᠯᠡᠴᠢᠯᠡᠭᠡᠨ ᠤ ᠺᠤᠮᠫᠠᠨᠢ | ᠲᠠᠢ ᠠᠳᠠᠯ ᠠᠬᠤᠢ ᠶᠢᠨ ᠦᠢᠯᠡᠴᠢᠯᠡᠭᠡᠨ ᠤ ᠬᠡᠷ᠎ᠡ ᠶᠢ ᠳᠠᠬᠢᠵᠤ ᠰᠢᠨ᠎ᠡ ᠪᠠᠷ ᠳᠤᠭᠳᠠᠨ᠎ᠠ︔ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠨᠢ ᠠᠳᠠᠯ ᠠᠬᠤᠢ ᠶᠢᠨ ᠦᠢᠯᠡᠴᠢᠯᠡᠭᠡ ᠳᠠᠬᠢᠵᠤ ᠬᠠᠩᠭᠠᠬᠤ ᠦᠭᠡᠢ ᠪᠠᠷ | ᠳᠤᠭᠳᠠᠭᠠᠭᠰᠠᠨ ᠪᠣᠯ᠂ ᠠᠳᠠᠯ ᠠᠬᠤᠢ ᠶᠢᠨ ᠦᠢᠯᠡᠴᠢᠯᠡᠭᠡᠨ ᠤ ᠬᠡᠷ᠎ᠡ ᠶᠢᠨ ᠬᠤᠭᠤᠴᠠᠭ᠎ᠠ ᠬᠦᠢᠴᠡᠬᠦ ᠠᠴᠠ ᠶᠡᠷᠡᠨ | ᠡᠳᠦᠷ ᠤᠨ ᠡᠮᠦᠨ᠎ᠡ ᠦᠮᠴᠢᠳᠡᠨ ᠤ ᠺᠤᠮᠢᠰ ᠲᠤ ᠪᠢᠴᠢᠭ ᠢᠶᠠᠷ ᠮᠡᠳᠡᠭᠳᠡᠬᠦ ᠪᠦᠭᠡᠳ ᠠᠳᠠᠯ ᠠᠬᠤᠢ ᠶᠢᠨ ᠭᠡᠷ᠎ᠡ ᠶᠢ | ᠵᠤᠭᠰᠤᠭᠠᠭᠰᠠᠨ ᠤ ᠳᠠᠷᠠᠭ᠎ᠠ ᠭᠤᠴᠢᠨ ᠡᠳᠦᠷ ᠤᠨ ᠳᠤᠳᠤᠷ᠎ᠠ ᠦᠮᠴᠢᠳᠡᠨ ᠤ ᠺᠤᠮᠢᠰ ᠪᠤᠶᠤ ᠰᠢᠨ᠎ᠡ ᠪᠠᠷ ᠰᠢᠯᠢᠨ | ᠤᠷᠢᠭᠰᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠲᠤᠰ ᠲᠦᠷᠢᠮ ᠤᠨ ᠬᠤᠷᠢᠨ ᠬᠤᠶᠠᠳᠤᠭᠠᠷ | ᠵᠦᠢᠯ ᠳᠤ ᠳᠤᠭᠳᠠᠭᠠᠭᠰᠠᠨ ᠬᠠᠮᠢᠶ᠎ᠠ ᠪᠦᠬᠦᠢ ᠮᠠᠲ᠋ᠧᠷᠢᠶᠠᠯ ᠪᠤᠯᠤᠨ ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ | ᠭᠡᠷ ᠵᠢᠴᠢ ᠬᠠᠮᠢᠶ᠎ᠠ ᠪᠦᠬᠦᠢ ᠡᠳ᠋ ᠪᠤᠳᠠᠰ ᠢ ᠰᠢᠯᠵᠢᠬᠦᠯᠦᠨ ᠲᠤᠰᠢᠶᠠᠬᠤ ᠬᠡᠷᠡᠭᠳᠡᠢ᠃ ᠤᠨᠴᠠᠭᠠᠢ ᠰᠢᠯᠳᠠᠭᠠᠨ ᠠᠴᠠ | ᠪᠤᠯᠵᠤ ᠦᠮᠴᠢᠳᠡᠨ ᠤ ᠺᠤᠮᠢᠰ ᠲᠤ ᠲᠤᠰᠢᠶᠠᠬᠤ ᠶᠢᠨ ᠠᠷᠭ᠎ᠠ ᠦᠭᠡᠢ ᠪᠤᠶᠤ ᠦᠮᠴᠢᠳᠡᠨ ᠤ ᠺᠤᠮᠢᠰ ᠦᠭᠡᠢ ᠪᠣᠯ᠂ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠵᠢᠴᠢ ᠬᠠᠷᠢᠶᠠᠯᠠᠭᠳᠠᠬᠤ ᠭᠠᠴᠠᠭ᠎ᠠ ᠲᠤᠰᠬᠤᠨ ᠤ ᠠᠷᠠᠳ ᠤᠨ ᠵᠦᠪᠯᠡᠯ᠂ ᠨᠡᠶᠢᠭᠡᠮ ᠳᠤᠭᠤᠷᠢᠭ ᠤᠨ ᠰᠠᠭᠤᠭᠠᠯᠢ | ᠠᠷᠠᠳ ᠤᠨ ᠵᠦᠪᠯᠡᠯ ᠳᠤ ᠰᠢᠯᠵᠢᠬᠦᠯᠦᠨ ᠲᠤᠰᠢᠶᠠᠬᠤ ᠬᠡᠷᠡᠭᠳᠡᠢ᠃ | ᠬᠤᠷᠢᠨ ᠨᠠᠢᠮᠠᠳᠤᠭᠠᠷ ᠵᠦᠢᠯ ᠰᠢᠨ᠎ᠡ ᠪᠠᠷ ᠰᠢᠯᠢᠨ ᠤᠷᠢᠭᠳᠠᠭᠰᠠᠨ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ ᠨᠢ ᠠᠳᠠᠯ ᠠᠬᠤᠢ ᠶᠢ ᠲᠤᠰᠴᠤ ᠠᠪᠬᠤ ᠦᠶᠡᠰ᠂ ᠦᠮᠴᠢᠳᠡᠨ ᠤ ᠺᠤᠮᠢᠰ ᠨᠢ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠳᠤ ᠬᠠᠮᠢᠶ᠎ᠠ ᠪᠦᠬᠦᠢ ᠮᠠᠲ᠋ᠧᠷᠢᠶᠠᠯ᠂ ᠠᠳᠠᠯ ᠠᠬᠤᠢ ᠶᠢᠨ ᠦᠢᠯᠡᠴᠢᠯᠡᠭᠡᠨ ᠳᠤ | ᠬᠡᠷᠡᠭᠯᠡᠬᠦ ᠬᠡᠷ ᠪᠤᠯᠤᠨ ᠬᠠᠮᠢᠶ᠎ᠠ ᠪᠦᠬᠦᠢ ᠡᠳ᠋ ᠪᠤᠳᠠᠰ ᠢ ᠰᠢᠯᠵᠢᠬᠦᠯᠦᠨ ᠲᠤᠰᠢᠶᠠᠬᠤ ᠬᠡᠷᠡᠭᠳᠡᠢ᠃ | ᠠᠳᠠᠯ ᠠᠬᠤᠢ ᠶᠢᠨ ᠤᠤᠯ ᠤᠨ ᠦᠢᠯᠡᠴᠢᠯᠡᠭᠡᠨ ᠤ ᠠᠵᠤ ᠠᠬᠤᠶᠢᠯᠠᠯ ᠨᠢ ᠦᠮᠴᠢᠳᠡᠨ ᠤ ᠠᠳᠠᠯ ᠠᠬᠤᠢ ᠶᠢᠨ | ᠦᠢᠯᠡᠴᠢᠯᠡᠭᠡᠨ ᠤ ᠰᠦᠢᠳᠭᠡᠯ ᠢ ᠲᠤᠰᠢᠶᠠᠭᠠᠳᠤᠢ᠂ ᠦᠮᠴᠢᠳᠡᠨ ᠤ ᠬᠠᠮᠳᠤᠪᠠᠷ ᠭᠠᠷᠭᠠᠭᠰᠠᠨ ᠳᠤᠭᠳᠠᠭᠠᠯ ᠳᠤ | ᠤᠨᠳᠤᠤ ᠰᠠᠨᠠᠯ ᠲᠠᠢ ᠪᠠᠶᠢᠬᠤ ᠵᠡᠷᠭᠡ ᠰᠢᠯᠳᠠᠭᠠᠨ ᠢᠶᠠᠷ ᠲᠤᠰᠢᠶᠠᠬᠤ ᠳᠤᠰᠴᠤ ᠠᠪᠬᠤ ᠶᠢ ᠳᠡᠪᠴᠢᠵᠦ ᠪᠤᠯᠬᠤ ᠦᠭᠡᠢ᠃ | ᠠᠳᠠᠯ ᠠᠬᠤᠢ ᠶᠢᠨ ᠤᠤᠯ ᠤᠨ ᠦᠢᠯᠡᠴᠢᠯᠡᠭᠡᠨ ᠤ ᠠᠵᠤ ᠠᠬᠤᠶᠢᠯᠠᠯ ᠲᠤᠰᠢᠶᠠᠬᠤ ᠳᠤᠰᠴᠤ ᠠᠪᠬᠤ ᠠᠴᠠ | ᠠᠪᠤᠭᠠᠳ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠲᠤᠭᠤᠷᠢᠭ ᠠᠴᠠ ᠭᠠᠷᠴᠤ ᠶᠠᠪᠤᠬᠤ ᠬᠦᠷᠳᠡᠯᠡᠬᠢ | ᠬᠤᠭᠤᠴᠠᠭᠠᠨ ᠳᠤᠳᠤᠷ᠎ᠠ᠂ ᠠᠳᠠᠯ ᠠᠬᠤᠢ ᠶᠢᠨ ᠬᠠᠮᠢᠶᠠᠷᠤᠯᠳᠠ ᠶᠢᠨ ᠬᠡᠪ ᠤᠨ ᠡᠮᠬᠢ ᠲᠢᠭᠯᠢᠮ ᠢ ᠪᠠᠷᠢᠮᠳᠠᠯᠠᠬᠤ | ᠬᠡᠷᠡᠭᠳᠡᠢ᠃ | ᠠᠳᠠᠯ ᠠᠬᠤᠢ ᠶᠢᠨ ᠤᠤᠯ ᠤᠨ ᠦᠢᠯᠡᠴᠢᠯᠡᠭᠡᠨ ᠤ ᠠᠵᠤ ᠠᠬᠤᠶᠢᠯᠠᠯ ᠨᠢ ᠠᠳᠠᠯ ᠠᠬᠤᠢ ᠶᠢᠨ ᠬᠠᠮᠢᠶᠠᠷᠤᠯᠳᠠ | ᠶᠢᠨ ᠤᠷᠤᠨ ᠲᠤᠭᠤᠷᠢᠭ ᠠᠴᠠ ᠭᠠᠷᠴᠤ ᠶᠠᠪᠤᠬᠤ ᠶᠢ ᠳᠡᠪᠴᠢᠪᠠᠯ᠂ ᠦᠮᠴᠢᠳᠡᠨ ᠤ ᠺᠤᠮᠢᠰ ᠨᠢ ᠠᠳᠠᠯ ᠠᠬᠤᠢ ᠶᠢᠨ | ᠤᠤᠯ ᠤᠨ ᠦᠢᠯᠡᠴᠢᠯᠡᠭᠡᠨ ᠤ ᠠᠵᠤ ᠠᠬᠤᠶᠢᠯᠠᠯ ᠲᠠᠢ ᠵᠦᠪᠳᠡᠯᠴᠡᠨ ᠰᠢᠢᠳᠪᠦᠷᠢᠯᠡᠬᠦ ᠬᠡᠷᠡᠭᠳᠡᠢ︔ ᠵᠦᠪᠳᠡᠯᠴᠡᠭᠡ ᠪᠠᠷ | ᠪᠦᠲᠦᠭᠰᠡᠨ ᠦᠭᠡᠢ ᠪᠣᠯ᠂ ᠬᠠᠤᠯᠢ ᠶᠤᠰᠤᠭᠠᠷ ᠠᠯᠪᠠᠨ ᠵᠠᠭᠠᠯᠳᠤᠯᠭ᠎ᠠ ᠭᠠᠷᠭᠠᠵᠤ ᠪᠤᠯᠤᠨ᠎ᠠ᠃ | ᠬᠤᠷᠢ ᠶᠢᠰᠦᠳᠦᠭᠡᠷ ᠵᠦᠢᠯ ᠦᠮᠴᠢᠳᠡᠨ ᠤ ᠺᠤᠮᠢᠰ ᠪᠤᠶᠤ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠨᠢ ᠠᠳᠠᠯ ᠠᠬᠤᠢ ᠶᠢᠨ ᠦᠢᠯᠡᠴᠢᠯᠡᠭᠡᠨ ᠤ ᠬᠡᠷ᠎ᠡ ᠪᠠᠨ ᠤᠷᠢᠳᠴᠢᠯᠠᠨ ᠬᠦᠴᠦᠨ ᠦᠭᠡᠢ ᠪᠤᠯᠭᠠᠭᠰᠠᠨ ᠪᠣᠯ | ᠂ ᠶᠡᠷᠡᠨ ᠡᠳᠦᠷ ᠤᠷᠢᠳᠴᠢᠯᠠᠨ ᠨᠦᠬᠦᠭᠡ ᠡᠳᠡᠭᠡᠳ ᠲᠠᠢ ᠪᠠᠨ ᠵᠦᠪᠳᠡᠯᠴᠡᠬᠦ ᠬᠡᠷᠡᠭᠳᠡᠢ᠃ ᠵᠦᠪᠳᠡᠯᠴᠡᠭᠡ ᠪᠠᠷ | ᠪᠦᠲᠦᠭᠰᠡᠨ ᠦᠭᠡᠢ ᠪᠣᠯ᠂ ᠠᠳᠠᠯ ᠠᠬᠤᠢ ᠶᠢᠨ ᠦᠢᠯᠡᠴᠢᠯᠡᠭᠡᠨ ᠤ ᠬᠡᠷ᠎ᠡ ᠬᠡᠯᠡᠯᠴᠡᠨ ᠲᠤᠭᠳᠠᠭᠰᠠᠨ ᠠᠷᠭ᠎ᠠ ᠠᠪᠴᠠᠯ | ᠶᠤᠰᠤᠭᠠᠷ ᠰᠢᠢᠳᠪᠦᠷᠢᠯᠡᠨ᠎ᠡ᠃ ᠮᠠᠷᠭᠤᠯᠳᠤᠨ ᠰᠢᠢᠳᠪᠦᠷᠢᠯᠡᠵᠦ ᠪᠠᠶᠢᠬᠤ ᠬᠤᠭᠤᠴᠠᠭᠠᠨ ᠳᠤ ᠠᠯᠢ ᠨᠢᠭᠡ ᠳᠠᠯ᠎ᠠ ᠨᠢ | ᠬᠡᠷ᠎ᠡ ᠳᠤ ᠬᠡᠯᠡᠯᠴᠡᠨ ᠳᠤᠭᠳᠠᠭᠰᠠᠨ ᠡᠬᠦᠷᠭᠡ ᠪᠠᠨ ᠬᠦᠢᠴᠡᠳᠭᠡᠬᠦ ᠶᠢ ᠵᠤᠭᠰᠤᠭᠠᠵᠤ ᠪᠤᠯᠬᠤ ᠦᠭᠡᠢ᠃ | ᠭᠤᠴᠢᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠢᠳᠡᠭᠡᠯ ᠢᠶᠠᠨ | ᠠᠯᠳᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠠᠮᠢᠶ᠎ᠠ ᠪᠦᠬᠦᠢ ᠳᠤᠭᠳᠠᠭᠠᠯ ᠶᠤᠰᠤᠭᠠᠷ ᠠᠳᠠᠯ ᠠᠬᠤᠢ | ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠳᠡᠭᠡᠮᠵᠢ ᠶᠢᠨ ᠳᠠᠩᠰᠠ ᠡᠪᠭᠡᠮᠡᠯ ᠳᠤ ᠳᠡᠮᠳᠡᠭᠯᠡᠨ ᠤᠷᠤᠭᠤᠯᠵᠤ᠂ | ᠠᠵᠤ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢ ᠨᠡᠶᠢᠳᠡᠯᠡᠬᠦ ᠰᠢᠰᠲ᠋ᠧᠮ ᠳᠤ ᠤᠷᠤᠭᠤᠯᠬᠤ ᠬᠡᠷᠡᠭᠳᠡᠢ᠄ | ︵ᠨᠢᠭᠡ︶ ᠠᠳᠠᠯ ᠠᠬᠤᠢ ᠶᠢᠨ ᠲᠦᠷᠦᠯ ᠵᠦᠢᠯ ᠤᠨ ᠳᠠᠭᠠᠭᠠᠴᠢᠯᠠᠯᠳᠠ ᠵᠠᠷᠯᠠᠬᠤ ᠳᠠᠭᠠᠭᠠᠴᠢᠯᠠᠯᠳᠠ ᠬᠦᠯᠢᠶᠡᠬᠦ | ᠠᠵᠢᠯᠯᠠᠭ᠎ᠠ ᠳᠤ ᠬᠤᠳᠠᠯ ᠬᠠᠭᠤᠷᠮᠠᠭ ᠮᠡᠳᠡᠭᠡ ᠵᠠᠩᠬᠢ ᠬᠠᠩᠭᠠᠵᠤ᠂ ᠳᠠᠭᠠᠭᠠᠴᠢᠯᠠᠯᠳᠠ ᠶᠢ ᠮᠡᠭᠡᠯᠡᠵᠦ ᠤᠯᠤᠭᠰᠠᠨ︔ | ︵ᠬᠤᠶᠠᠷ︶ ᠠᠳᠠᠯ ᠠᠬᠤᠢ ᠶᠢᠨ ᠦᠢᠯᠡᠴᠢᠯᠡᠭᠡᠨ ᠤ ᠬᠡᠷ᠎ᠡ ᠶᠢ ᠬᠠᠤᠯᠢ ᠶᠤᠰᠤᠭᠠᠷ ᠬᠦᠴᠦᠨ ᠦᠭᠡᠢ | ᠪᠤᠯᠭᠠᠭᠰᠠᠨ ᠪᠤᠶᠤ ᠵᠤᠭᠰᠤᠭᠠᠭᠰᠠᠨ ᠤ ᠳᠠᠷᠠᠭ᠎ᠠ᠂ ᠠᠳᠠᠯ ᠠᠬᠤᠢ ᠶᠢᠨ ᠦᠢᠯᠡᠴᠢᠯᠡᠭᠡᠨ ᠤ ᠤᠷᠤᠨ ᠲᠤᠭᠤᠷᠢᠭ ᠠᠴᠠ | ᠭᠠᠷᠴᠤ ᠶᠠᠪᠤᠬᠤ ᠶᠢ ᠳᠡᠪᠴᠢᠵᠦ᠂ ᠭᠠᠷᠴᠤ ᠶᠠᠪᠤᠬᠤ ᠳᠠᠭᠠᠨ ᠳᠤᠭᠳᠠᠭᠠᠯ ᠶᠤᠰᠤᠭᠠᠷ ᠲᠤᠰᠢᠶᠠᠵᠤ ᠲᠤᠰᠴᠤ ᠠᠪᠬᠤ | ᠭᠠᠷᠳᠠᠮ ᠢ ᠬᠦᠢᠴᠡᠳᠭᠡᠬᠦ ᠦᠭᠡᠢ ᠪᠤᠶᠤ ᠳᠤᠭᠳᠠᠭᠠᠯ ᠶᠤᠰᠤᠭᠠᠷ ᠮᠠᠲ᠋ᠧᠷᠢᠶᠠᠯ ᠢ ᠰᠢᠯᠵᠢᠬᠦᠯᠦᠨ ᠲᠤᠰᠢᠶᠠᠭᠰᠠᠨ ᠦᠭᠡᠢ | ᠠᠴᠠ ᠪᠤᠯᠵᠤ ᠠᠳᠠᠯ ᠠᠬᠤᠢ ᠶᠢᠨ ᠦᠢᠯᠡᠴᠢᠯᠡᠭᠡ ᠶᠢ ᠰᠠᠮᠠᠭᠤᠷᠠᠭᠤᠯᠤᠭᠰᠠᠨ︔ | ︵ᠭᠤᠷᠪᠠ︶ ᠳᠤᠭᠳᠠᠭᠠᠯ ᠪᠤᠯᠤᠨ ᠬᠡᠷ᠎ᠡ ᠳᠤ ᠬᠡᠯᠡᠯᠴᠡᠨ ᠳᠤᠭᠳᠠᠭᠰᠠᠨ ᠢᠶᠠᠷ ᠬᠡᠷ ᠪᠠᠶᠢᠰᠢᠩ ᠤᠨ ᠠᠮᠤᠷ | ᠲᠦᠪᠰᠢᠨ ᠤ ᠬᠢᠨᠠᠨ ᠬᠠᠮᠢᠶᠠᠷᠤᠯᠳᠠ ᠶᠢᠨ ᠡᠬᠦᠷᠭᠡ ᠶᠢ ᠬᠦᠢᠴᠡᠳᠭᠡᠭᠰᠡᠨ ᠦᠭᠡᠢ ᠠᠴᠠ ᠪᠤᠯᠵᠤ᠂ ᠠᠳᠠᠯ ᠠᠬᠤᠢ ᠶᠢᠨ | ᠦᠢᠯᠡᠴᠢᠯᠡᠭᠡᠨ ᠤ ᠤᠷᠤᠨ ᠳᠤᠭᠤᠷᠢᠭ ᠳᠤᠳᠤᠷ᠎ᠠ ᠭᠡᠷ ᠪᠠᠶᠢᠰᠢᠩ ᠤᠨ ᠠᠮᠤᠷ ᠲᠦᠪᠰᠢᠨ ᠤ ᠲᠤᠮᠤ ᠴᠢᠬᠤᠯᠠ ᠬᠡᠨᠡᠳᠡᠯ | ᠭᠠᠷᠭᠠᠭᠰᠠᠨ︔ | ︵ᠲᠦᠷᠪᠡ︶ ᠦᠮᠴᠢᠳᠡᠨ ᠤ ᠮᠡᠳᠡᠭᠡ ᠵᠠᠩᠬᠢ ᠶᠢ ᠵᠠᠳᠠᠷᠠᠭᠤᠯᠤᠭᠰᠠᠨ︔ | ︵ᠲᠠᠪᠤ︶ ᠦᠮᠴᠢᠳᠡᠨ᠂ ᠦᠮᠴᠢᠳᠡᠨ ᠤ ᠺᠤᠮᠢᠰ ᠢ ᠠᠶᠤᠯᠭᠠᠭᠰᠠᠨ᠂ ᠰᠦᠷᠳᠡᠭᠦᠯᠦᠭᠰᠡᠨ ᠪᠤᠶᠤ ᠴᠤᠬᠢᠯᠳᠠ | ᠦᠭᠴᠦ ᠦᠰᠢᠶ᠎ᠡ ᠠᠪᠤᠭᠰᠠᠨ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠳᠤᠭᠳᠠᠭᠠᠯ ᠢ ᠵᠦᠷᠢᠴᠡᠭᠰᠡᠨ ᠪᠤᠰᠤᠳ ᠤᠴᠢᠷ ᠪᠠᠶᠢᠳᠠᠯ᠃ | ᠭᠤᠴᠢᠨ ᠨᠢᠭᠡᠳᠦᠭᠡᠷ ᠵᠦᠢᠯ ᠰᠢᠨ᠎ᠡ ᠪᠠᠷ ᠪᠠᠶᠢᠭᠤᠯᠤᠭᠰᠠᠨ ᠠᠳᠠᠯ ᠠᠬᠤᠢ ᠨᠢ ᠲᠤᠰ ᠲᠦᠷᠢᠮ ᠤᠨ | ᠠᠷᠪᠠᠨ ᠵᠢᠷᠭᠤᠳᠤᠭᠠᠷ ᠵᠦᠢᠯ ᠳᠤ ᠳᠤᠭᠳᠠᠭᠠᠭᠰᠠᠨ ᠨᠦᠬᠦᠴᠡᠯ ᠳᠤ ᠨᠡᠶᠢᠴᠡᠭᠰᠡᠨ ᠤ ᠳᠠᠷᠠᠭ᠎ᠠ᠂ ᠰᠠᠶ᠋ᠢ ᠦᠮᠴᠢᠳᠡᠨ | ᠠᠴᠠ ᠠᠳᠠᠯ ᠠᠬᠤᠢ ᠶᠢᠨ ᠰᠦᠢᠳᠭᠡᠯ ᠬᠤᠷᠢᠶᠠᠵᠤ ᠪᠤᠯᠤᠨ᠎ᠠ᠃ | ᠦᠮᠴᠢᠳᠡᠨ ᠨᠢ ᠠᠳᠠᠯ ᠠᠬᠤᠢ ᠶᠢᠨ ᠦᠢᠯᠡᠴᠢᠯᠡᠭᠡᠨ ᠤ ᠬᠡᠷ᠎ᠡ ᠳᠤ ᠬᠡᠯᠡᠯᠴᠡᠨ ᠳᠤᠭᠳᠠᠭᠰᠠᠨ ᠢᠶᠠᠨ | ᠦᠨᠳᠦᠰᠦᠯᠡᠨ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠢ ᠲᠤᠰᠢᠶᠠᠬᠤ ᠬᠡᠷᠡᠭᠳᠡᠢ᠃ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠨᠢ ᠬᠡᠷ᠎ᠡ ᠳᠤ ᠬᠡᠯᠡᠯᠴᠡᠨ ᠳᠤᠭᠳᠠᠭᠰᠠᠨ ᠵᠢᠴᠢ ᠬᠠᠮᠢᠶ᠎ᠠ ᠪᠦᠬᠦᠢ ᠳᠤᠭᠳᠠᠭᠠᠯ | ᠶᠤᠰᠤᠭᠠᠷ ᠦᠢᠯᠡᠴᠢᠯᠡᠭᠡ ᠬᠠᠩᠭᠠᠪᠠᠯ᠂ ᠦᠮᠴᠢᠳᠡᠨ ᠨᠢ ᠠᠳᠠᠯ ᠠᠬᠤᠢ ᠶᠢᠨ ᠰᠤᠯᠠ ᠪᠠᠶᠢᠬᠤ ᠬᠡᠷ ᠪᠠᠶᠢᠰᠢᠩ ᠤᠨ | ᠶᠠᠰᠤ ᠴᠢᠨᠠᠷ ᠪᠤᠯᠤᠨ ᠠᠳᠠᠯ ᠠᠬᠤᠢ ᠶᠢᠨ ᠦᠢᠯᠡᠴᠢᠯᠡᠭᠡ ᠶᠢ ᠦᠯᠦ ᠡᠳ᠋ᠯᠡᠭᠰᠡᠨ ᠪᠤᠶᠤ ᠠᠳᠠᠯ ᠠᠬᠤᠢ ᠶᠢᠨ ᠬᠠᠮᠢᠶ᠎ᠠ | ᠪᠦᠬᠦᠢ ᠦᠢᠯᠡᠴᠢᠯᠡᠭᠡ ᠶᠢ ᠬᠦᠯᠢᠶᠡᠨ ᠠᠪᠬᠤ ᠴᠢᠬᠤᠯᠠ ᠦᠭᠡᠢ ᠬᠡᠳᠡᠭ ᠢᠶᠠᠷ ᠰᠢᠯᠳᠠᠭᠠᠯᠠᠨ ᠲᠤᠰᠢᠶᠠᠬᠤ ᠶᠢ | ᠳᠡᠪᠴᠢᠵᠦ ᠪᠤᠯᠬᠤ ᠦᠭᠡᠢ᠃ | ᠦᠮᠴᠢᠳᠡᠨ ᠨᠢ ᠬᠤᠭᠤᠴᠠᠭ᠎ᠠ ᠬᠡᠳᠦᠷᠡᠭᠰᠡᠨ ᠪᠠᠶᠢᠳᠠᠯ᠎ᠠ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ | ᠢᠶᠠᠨ ᠲᠤᠰᠢᠶᠠᠬᠤ ᠦᠭᠡᠢ ᠪᠣᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠲᠤᠰᠢᠶᠠᠬᠤ ᠶᠢ ᠨᠢ | ᠰᠢᠮᠳᠠᠭᠤᠯᠵᠤ ᠪᠤᠯᠤᠨ᠎ᠠ︔ ᠮᠥᠨ ᠯᠠ ᠲᠤᠰᠢᠶᠠᠬᠤ ᠦᠭᠡᠢ ᠪᠣᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠨᠢ ᠵᠠᠭᠠᠯᠳᠤᠯᠭ᠎ᠠ ᠭᠠᠷᠭᠠᠵᠤ ᠪᠤᠯᠤᠨ᠎ᠠ᠃ ᠰᠢᠬᠦᠨ ᠳᠠᠰᠤᠯᠤᠭᠰᠠᠨ ᠤ ᠳᠠᠷᠠᠭ᠎ᠠ ᠮᠥᠨ ᠯᠠ ᠬᠦᠢᠴᠡᠳᠬᠡᠬᠦ | ᠦᠭᠡᠢ ᠪᠣᠯ᠂ ᠬᠤᠪᠢ ᠬᠦᠮᠦᠨ ᠤ ᠢᠳᠡᠭᠡᠮᠵᠢ ᠶᠢᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠬᠠᠮᠢᠶ᠎ᠠ ᠪᠦᠬᠦᠢ | ᠲᠤᠭᠳᠠᠭᠠᠯ ᠶᠤᠰᠤᠭᠠᠷ ᠬᠤᠪᠢ ᠬᠦᠮᠦᠨ ᠤ ᠢᠳᠡᠭᠡᠮᠵᠢ ᠶᠢᠨ ᠳᠠᠩᠰᠠ ᠡᠪᠭᠡᠮᠡᠯ ᠳᠤ ᠳᠡᠮᠳᠡᠭᠯᠡᠵᠦ ᠤᠷᠤᠭᠤᠯᠤᠨ᠎ᠠ᠃ | ᠭᠤᠴᠢᠨ ᠬᠤᠶᠠᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠤᠭᠤᠷᠢᠭ ᠳᠤᠳᠤᠷ᠎ᠠ | ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠴᠠᠭᠠᠵᠠᠯᠠᠨ᠎ᠠ᠄ | ︵ᠨᠢᠭᠡ︶ ᠭᠡᠷ ᠪᠠᠶᠢᠰᠢᠩ ᠤᠨ ᠬᠦᠨᠳᠦ ᠶᠢ ᠳᠠᠭᠠᠭᠠᠬᠤ ᠪᠦᠲᠦᠴᠡ᠂ ᠭᠤᠤᠯ ᠴᠤᠭᠴᠠ ᠶᠢᠨ ᠪᠦᠲᠦᠴᠡ ᠪᠠ | ᠬᠡᠷ ᠪᠠᠶᠢᠰᠢᠩ ᠤᠨ ᠭᠠᠳᠠᠷ ᠲᠦᠷᠰᠦ ᠶᠢ ᠡᠪᠳᠡᠵᠦ᠂ ᠳᠠᠭᠠᠭᠠᠴᠠ ᠠᠴᠠ ᠬᠡᠳᠦᠷᠡᠳᠡᠯ᠎ᠡ ᠡᠳ᠋ ᠪᠤᠳᠠᠰ ᠤᠪᠤᠭᠠᠯᠠᠬᠤ︔ | ︵ᠬᠤᠶᠠᠷ︶ ᠤᠰᠤ ᠦᠯᠦ ᠰᠡᠷᠭᠡᠶᠢᠯᠡᠬᠦ ᠱᠠᠭᠠᠷᠳᠠᠯᠭ᠎ᠠ ᠲᠠᠢ ᠭᠡᠷ ᠪᠠᠶᠢᠰᠢᠩ ᠪᠤᠶᠤ ᠨᠠᠷᠠᠪᠴᠢ ᠶᠢ ᠠᠷᠢᠭᠤᠨ | ᠴᠡᠪᠡᠷ ᠤᠨ ᠦᠷᠦᠭᠡ᠂ ᠲᠤᠭᠤᠭᠠᠨ ᠭᠡᠷ ᠪᠤᠯᠭᠠᠵᠤ ᠦᠭᠡᠷᠡᠴᠢᠯᠡᠬᠦ ᠪᠤᠶᠤ ᠠᠷᠢᠭᠤᠨ ᠴᠡᠪᠡᠷ ᠤᠨ ᠦᠷᠦᠭᠡ ᠶᠢ | ᠳᠤᠤᠷᠠᠬᠢ ᠳᠠᠪᠬᠤᠷᠭ᠎ᠠ ᠳᠤ ᠰᠠᠭᠤᠭ᠎ᠠ ᠡᠷᠦᠭᠡ ᠶᠢᠨ ᠳᠤᠭᠤᠭᠠᠨ ᠭᠡᠷ᠂ ᠤᠨᠳᠠᠯᠠᠭ᠎ᠠ ᠶᠢᠨ ᠦᠷᠦᠭᠡ᠂ ᠵᠤᠴᠢᠨ ᠤ | ᠦᠷᠦᠭᠡ ᠪᠤᠯᠤᠨ ᠨᠤᠮ ᠤᠨ ᠦᠷᠦᠭᠡᠨ ᠤ ᠬᠢᠨᠢ ᠳᠡᠭᠡᠳᠦ ᠶᠢ ᠨᠢ ᠦᠭᠡᠷᠡᠴᠢᠯᠡᠬᠦ︔ | ︵ᠭᠤᠷᠪᠠ︶ ᠲᠦᠷᠢᠮ ᠳᠤᠭᠳᠠᠭᠠᠯ ᠢ ᠵᠦᠷᠢᠴᠡᠵᠦ᠂ ᠪᠠᠷᠢᠯᠭ᠎ᠠ᠂ ᠪᠠᠷᠢᠯᠭ᠎ᠠ ᠶᠢᠨ ᠵᠦᠢᠯ ᠪᠠᠶᠢᠭᠤᠯᠬᠤ᠂ | ᠭᠠᠵᠠᠷ ᠳᠤᠤᠷᠠᠬᠢ ᠤᠷᠤᠨ ᠵᠠᠢ ᠶᠢ ᠮᠠᠯᠳᠠᠬᠤ︔ | ︵ᠲᠦᠷᠪᠡ︶ ᠬᠡᠷ ᠪᠠᠶᠢᠰᠢᠩ ᠤᠨ ᠬᠡᠷᠡᠭᠯᠡᠭᠡᠨ ᠤ ᠰᠢᠨᠵᠢ ᠴᠢᠨᠠᠷ ᠢ ᠳᠤᠷ᠎ᠠ ᠪᠠᠷ ᠢᠶᠠᠨ ᠦᠭᠡᠷᠡᠴᠢᠯᠡᠬᠦ ᠵᠡᠷᠭᠡ | ᠰᠠᠭᠤᠭᠠᠯᠢ ᠠᠷᠠᠳ ᠤᠨ ᠠᠮᠢᠳᠤᠷᠠᠯ ᠢ ᠨᠦᠯᠦᠭᠡᠯᠡᠬᠦ ᠦᠢᠯᠡ ᠠᠵᠢᠯᠯᠠᠭ᠎ᠠ︔ | ︵ᠳᠠᠪᠤ︶ ᠲᠦᠯᠦᠪᠵᠢᠬᠦᠯᠭᠡ ᠶᠤᠰᠤᠭᠠᠷ ᠪᠦᠲᠦᠭᠡᠨ ᠪᠠᠶᠢᠭᠤᠯᠤᠭᠰᠠᠨ ᠤᠯᠠᠨ ᠨᠡᠶᠢᠳᠡ ᠶᠢᠨ ᠪᠠᠷᠢᠯᠭ᠎ᠠ ᠪᠠ | ᠬᠠᠮᠳᠤ ᠶᠢᠨ ᠬᠡᠷᠡᠭᠯᠡᠭᠡᠨ ᠤ ᠲᠤᠨᠤᠭ ᠲᠦᠬᠦᠭᠡᠷᠦᠮᠵᠢ ᠶᠢᠨ ᠬᠡᠷᠡᠭᠯᠡᠯᠳᠡ ᠶᠢ ᠦᠭᠡᠷᠡᠴᠢᠯᠡᠬᠦ︔ | ︵ᠵᠢᠷᠭᠤᠭ᠎ᠠ︶ ᠠᠳᠠᠯ ᠠᠬᠤᠢ ᠶᠢᠨ ᠦᠢᠯᠡᠴᠢᠯᠡᠭᠡᠨ ᠤ ᠤᠷᠤᠨ ᠲᠤᠭᠤᠷᠢᠭ ᠤᠨ ᠳᠤᠳᠤᠷᠠᠬᠢ ᠵᠠᠮ᠂ ᠭᠠᠵᠠᠷ | ᠳᠠᠯᠠᠪᠤᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠭᠰᠡᠨ᠂ ᠮᠠᠯᠳᠠᠭᠰᠠᠨ᠂ ᠳᠤᠭᠳᠠᠭᠠᠭᠰᠠᠨ ᠤᠷᠤᠨ ᠲᠤᠭᠤᠷᠢᠭ ᠠᠴᠠ | ᠭᠠᠳᠠᠨ᠎ᠠ ᠳᠡᠷᠭᠡ ᠳᠠᠯᠪᠢᠬᠤ︔ | ︵ᠳᠤᠯᠤᠭ᠎ᠠ︶ ᠠᠳᠠᠯ ᠠᠬᠤᠢ ᠶᠢᠨ ᠬᠠᠮᠳᠤ ᠶᠢᠨ ᠬᠡᠷᠡᠭᠯᠡᠭᠡᠨ ᠤ ᠬᠡᠰᠡᠭ᠂ ᠬᠠᠮᠳᠤ ᠶᠢᠨ ᠬᠡᠷᠡᠭᠯᠡᠭᠡᠨ ᠤ | ᠳᠤᠨᠤᠭ ᠲᠦᠬᠦᠭᠡᠷᠦᠮᠵᠢ ᠶᠢ ᠡᠵᠡᠯᠡᠨ ᠬᠡᠷᠡᠭᠯᠡᠬᠦ᠂ ᠡᠪᠳᠡᠬᠦ ᠪᠤᠶᠤ ᠳᠤᠷ᠎ᠠ ᠪᠠᠷ ᠢᠶᠠᠨ ᠰᠢᠯᠵᠢᠬᠦᠯᠬᠦ︔ | ︵ᠨᠠᠢᠮᠠ︶ ᠭᠠᠵᠠᠷ ᠤᠨ ᠪᠤᠯᠠᠭᠠᠷᠢ ᠪᠤᠰᠬᠠᠬᠤ᠂ ᠭᠠᠵᠠᠷ ᠤᠨ ᠤᠨᠢᠰᠤ ᠭᠠᠷᠭᠠᠵᠤ ᠤᠯᠠᠨ ᠨᠡᠶᠢᠳᠡ ᠶᠢᠨ | ᠵᠦᠯᠭᠡ᠂ ᠤᠯᠠᠨ ᠨᠡᠶᠢᠳᠡ ᠶᠢᠨ ᠵᠠᠮ ᠢ ᠬᠠᠤᠯᠢ ᠪᠤᠰᠤ ᠪᠠᠷ ᠡᠵᠡᠯᠡᠬᠦ︔ | ︵ᠶᠢᠰᠦ︶ ᠳᠡᠯᠭᠡᠭᠦᠷ ᠫᠦᠰᠡ ᠪᠠ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠳᠤᠷ᠎ᠠ ᠪᠠᠷ ᠢᠶᠠᠨ ᠭᠠᠷᠭᠠᠬᠤ︔ | ︵ᠠᠷᠪᠠ︶ ᠳᠤᠷ᠎ᠠ ᠪᠠᠷ ᠢᠶᠠᠨ ᠬᠤᠭ ᠨᠤᠪᠰᠢ᠂ ᠡᠯᠳᠡᠪ ᠶᠠᠭᠤᠮ᠎ᠠ ᠬᠠᠶᠠᠬᠤ᠂ ᠨᠤᠭᠤᠭᠠᠷᠠᠭᠤᠯᠤᠯᠳᠠ ᠶᠢᠨ | ᠭᠠᠵᠠᠷ ᠢ ᠡᠵᠡᠯᠡᠬᠦ᠂ ᠡᠪᠳᠡᠬᠦ︔ | ︵ᠠᠷᠪᠠᠨ ᠨᠢᠭᠡ︶ ᠪᠠᠷᠢᠯᠭ᠎ᠠ ᠶᠢᠨ ᠬᠡᠷ ᠤᠨ ᠤᠷᠤᠢ᠂ ᠭᠠᠳᠠᠨ᠎ᠠ ᠬᠡᠷᠡᠮ ᠤᠨ ᠨᠢᠭᠤᠷ ᠳᠡᠭᠡᠷ᠎ᠡ ᠡᠳ᠋ ᠪᠤᠳᠠᠰ | ᠤᠭᠰᠠᠷᠠᠬᠤ᠂ ᠡᠯᠬᠦᠬᠦ᠂ ᠨᠠᠭᠠᠬᠤ ᠪᠤᠶᠤ ᠪᠠᠯᠠᠯᠤᠨ ᠪᠢᠴᠢᠬᠦ᠂ ᠰᠡᠶᠢᠯᠵᠦ ᠵᠢᠷᠤᠬᠤ︔ | ︵ᠠᠷᠪᠠᠨ ᠬᠤᠶᠠᠷ︶ ᠠᠰᠠᠷ ᠤᠨ ᠭᠤᠳᠤᠮ ᠵᠡᠷᠭᠡ ᠦᠮᠴᠢᠳᠡᠨ ᠤ ᠬᠠᠮᠳᠤ ᠶᠢᠨ ᠪᠠᠶᠢᠭ᠎ᠠ ᠬᠡᠰᠡᠭ ᠲᠤ ᠡᠳ᠋ | ᠪᠤᠳᠠᠰ ᠤᠪᠤᠭᠠᠯᠠᠬᠤ︔ | ︵ᠠᠷᠪᠠᠨ ᠭᠤᠷᠪᠠ︶ ᠳᠤᠭᠳᠠᠭᠠᠯ ᠢ ᠵᠦᠷᠢᠴᠡᠨ ᠠᠮᠢᠳᠠᠨ ᠳᠡᠵᠢᠭᠡᠬᠦ︔ | ︵ᠠᠷᠪᠠᠨ ᠲᠦᠷᠪᠡ︶ ᠬᠠᠮᠢᠶ᠎ᠠ ᠪᠦᠬᠦᠢ ᠲᠤᠭᠳᠠᠭᠠᠯ ᠢ ᠵᠦᠷᠢᠴᠡᠵᠦ ᠬᠢᠯᠪᠠᠷᠬᠠᠨ ᠨᠤᠴᠤᠬᠤ᠂ ᠬᠢᠯᠪᠠᠷᠬᠠᠨ | ᠳᠡᠯᠪᠡᠷᠡᠬᠦ᠂ ᠲᠤᠭᠰᠢᠨ ᠬᠤᠤᠷ ᠲᠠᠢ ᠡᠳ᠋ ᠪᠤᠳᠠᠰ ᠢ ᠬᠠᠳᠠᠭᠠᠯᠠᠵᠤ ᠳᠠᠯᠪᠢᠬᠤ᠂ ᠬᠤᠤᠷ ᠲᠠᠢ ᠬᠦᠨᠦᠭᠡᠯ ᠲᠠᠢ ᠬᠡᠢ | ᠪᠡᠶᠡᠳᠦ ᠪᠠ ᠬᠠᠶᠠᠭᠳᠠᠯ ᠡᠳ᠋ ᠪᠤᠳᠠᠰ ᠢ ᠳᠠᠯᠪᠢᠬᠤ᠂ ᠳᠤᠭᠳᠠᠭᠠᠭᠰᠠᠨ ᠪᠠᠷᠢᠮᠵᠢᠶᠠᠨ ᠠᠴᠠ ᠬᠡᠳᠦᠷᠡᠭᠰᠡᠨ ᠳᠠᠭᠤ | ᠱᠤᠤᠬᠢᠶᠠᠨ ᠭᠠᠷᠭᠠᠬᠤ︔ | ︵ᠠᠷᠪᠠᠨ ᠳᠠᠪᠤ︶ ᠠᠳᠠᠯ ᠠᠬᠤᠢ ᠶᠢ ᠠᠰᠢᠭᠯᠠᠵᠤ ᠤᠯᠠᠨ ᠨᠡᠶᠢᠳᠡ ᠶᠢᠨ ᠠᠰᠢᠭ ᠳᠤᠰᠠ ᠶᠢ ᠬᠤᠬᠢᠷᠠᠭᠤᠯᠬᠤ | ᠪᠠ ᠪᠤᠰᠤᠳ ᠬᠦᠮᠦᠨ ᠤ ᠬᠠᠤᠯᠢ ᠶᠤᠰᠤᠨ ᠤ ᠡᠷᠭᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠬᠢᠬᠦ︔ | ︵ᠠᠷᠪᠠᠨ ᠵᠢᠷᠭᠤᠭ᠎ᠠ︶ ᠴᠠᠬᠢᠯᠭᠠᠨ ᠤᠳᠠᠰᠤ ᠶᠢ ᠳᠤᠷ᠎ᠠ ᠪᠠᠷ ᠢᠶᠠᠨ ᠳᠠᠳᠠᠵᠤ ᠦᠭᠡᠷᠡᠴᠢᠯᠡᠬᠦ᠂ | ᠤᠶᠤᠨᠴᠢᠯᠠᠭᠰᠠᠨ ᠳᠤᠨᠤᠭ ᠲᠦᠬᠦᠭᠡᠷᠦᠮᠵᠢ ᠶᠢ ᠰᠠᠯᠭᠠᠵᠤ ᠦᠭᠡᠷᠡᠴᠢᠯᠡᠬᠦ︔ | ︵ᠠᠷᠪᠠᠨ ᠳᠤᠯᠤᠭ᠎ᠠ︶ ᠨᠡᠭᠡᠯᠡᠭᠡᠢ᠂ ᠪᠠᠶᠢᠴᠠᠭᠠᠬᠤ ᠠᠮᠠᠰᠠᠷ ᠵᠢᠴᠢ ᠭᠤᠤᠯ ᠬᠤᠭᠤᠯᠠᠢ ᠶᠢᠨ ᠵᠠᠮ ᠵᠡᠷᠭᠡ ᠶᠢ | ᠪᠢᠳᠡᠬᠦᠮᠵᠢᠯᠡᠬᠦ᠂ ᠬᠠᠯᠬᠠᠯᠠᠬᠤ︔ | ︵ᠠᠷᠪᠠᠨ ᠨᠠᠢᠮᠠ︶ ᠬᠠᠤᠯᠢ ᠴᠠᠭᠠᠵᠠ᠂ ᠬᠠᠤᠯᠢ ᠳᠤᠭᠳᠠᠭᠠᠯ ᠪᠤᠯᠤᠨ ᠬᠠᠮᠢᠶᠠᠷᠤᠯᠳᠠ ᠶᠢᠨ ᠨᠡᠶᠢᠳᠡ ᠶᠢᠨ | ᠬᠡᠷ᠎ᠡ ᠳᠤ ᠴᠠᠭᠠᠵᠠᠯᠠᠭᠰᠠᠨ ᠪᠤᠰᠤᠳ ᠦᠢᠯᠡ ᠠᠵᠢᠯᠯᠠᠭ᠎ᠠ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠦᠮᠴᠢᠳᠡᠨ᠂ ᠠᠳᠠᠯ ᠠᠬᠤᠢ ᠶᠢᠨ ᠬᠡᠷᠡᠭᠯᠡᠭᠡᠨ ᠤ | ᠬᠦᠮᠦᠨ ᠡᠮᠦᠨᠡᠬᠢ ᠵᠤᠷᠪᠤᠰ ᠲᠤ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠢᠯᠡᠷᠡᠬᠦᠯᠪᠡᠯ᠂ ᠴᠠᠭ ᠲᠤᠬᠠᠢ | ᠳᠤ ᠨᠢ ᠢᠳᠬᠠᠬᠤ᠂ ᠬᠤᠷᠢᠭᠯᠠᠬᠤ ᠬᠡᠷᠡᠭᠳᠡᠢ︔ ᠢᠳᠬᠠᠵᠤ ᠬᠤᠷᠢᠭᠯᠠᠭᠠᠳ ᠲᠤᠰᠠ ᠭᠠᠷᠬᠤ ᠦᠭᠡᠢ ᠪᠣᠯ ᠴᠠᠭ | ᠳᠤᠬᠠᠢ ᠳᠤ ᠨᠢ ᠬᠤᠳᠠ᠂ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤ ᠳᠤᠳᠤᠭᠠᠳᠤ ᠶᠢ | ᠬᠠᠮᠠᠭᠠᠯᠠᠬᠤ᠂ ᠬᠤᠳᠠ ᠶᠢᠨ ᠬᠠᠮᠢᠶᠠᠷᠤᠯᠳᠠ ᠶᠢᠨ ᠶᠡᠷᠦᠩᠭᠡᠢ ᠬᠠᠤᠯᠢ ᠬᠡᠷᠡᠭᠵᠢᠬᠦᠯᠦᠯᠳᠡ ᠶᠢᠨ ᠰᠠᠯᠠᠭ᠎ᠠ ᠮᠦᠴᠢᠷ ᠲᠤ | ᠮᠡᠳᠡᠬᠦᠯᠵᠦ᠂ ᠳᠠᠳᠠᠨᠠᠷ ᠠᠴᠠ ᠴᠠᠭ ᠲᠤᠬᠠᠢ ᠳᠤ ᠨᠢ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠳᠡᠢ︔ ᠦᠮᠴᠢᠳᠡᠨ᠂ | ᠠᠳᠠᠯ ᠠᠬᠤᠢ ᠶᠢᠨ ᠬᠡᠷᠡᠭᠯᠡᠭᠡᠨ ᠤ ᠬᠦᠮᠦᠨ ᠤ ᠲᠤᠰ ᠪᠡᠶ᠎ᠡ ᠶᠢᠨ ᠬᠢᠨᠢ ᠬᠠᠤᠯᠢ ᠶᠤᠰᠤᠨ ᠤ ᠡᠷᠭᠡ ᠠᠰᠢᠭ ᠲᠠᠢ | ᠬᠠᠯᠳᠠᠭᠰᠠᠨ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠯᠭ᠎ᠠ | ᠭᠠᠷᠭᠠᠵᠤ ᠪᠤᠯᠤᠨ᠎ᠠ᠃ | ᠭᠤᠴᠢᠨ ᠭᠤᠷᠪᠠᠳᠤᠭᠠᠷ ᠵᠦᠢᠯ ᠦᠮᠴᠢᠳᠡᠨ ᠤ ᠴᠢᠮᠡᠭᠯᠡᠵᠦ ᠵᠠᠰᠠᠬᠤ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠠᠳᠠᠯ ᠠᠬᠤᠢ ᠵᠢᠴᠢ ᠴᠠᠬᠢᠯᠭᠠᠨ ᠱᠠᠳᠤ ᠵᠡᠷᠭᠡ ᠳᠤᠨᠤᠭ ᠲᠦᠬᠦᠭᠡᠷᠦᠮᠵᠢ ᠶᠢᠨ ᠠᠶᠤᠯᠬᠦᠢ ᠶᠢᠨ | ᠳᠠᠯᠳᠠ ᠬᠡᠮ ᠪᠠᠶᠢᠯᠭᠠᠬᠤ ᠦᠭᠡᠢ ᠪᠠᠶᠢᠬᠤ ᠶᠢ ᠪᠠᠳᠤᠯᠠᠬᠤ ᠶᠢᠨ ᠳᠤᠰᠠᠳᠠ᠂ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ ᠬᠡᠷ᠎ᠡ ᠳᠤ ᠬᠡᠯᠡᠯᠴᠡᠨ ᠳᠤᠭᠳᠠᠭᠰᠠᠨ ᠶᠤᠰᠤᠭᠠᠷ᠂ ᠦᠮᠴᠢᠳᠡᠨ ᠠᠴᠠ ᠴᠢᠮᠡᠭᠯᠡᠵᠦ ᠵᠠᠰᠠᠬᠤ ᠶᠢᠨ | ᠨᠤᠷᠠᠭᠠᠵᠤ ᠦᠭᠡᠷᠡᠴᠢᠯᠡᠬᠦ ᠪᠠᠳᠤᠯᠠᠭᠠᠨ ᠤ ᠮᠦᠩᠬᠦ ᠪᠠ ᠳᠤᠨᠤᠭ ᠲᠦᠬᠦᠭᠡᠷᠦᠮᠵᠢ ᠶᠢᠨ ᠠᠮᠤᠷ ᠲᠦᠪᠰᠢᠨ ᠤ | ᠪᠠᠳᠤᠯᠠᠭᠠᠨ ᠤ ᠮᠦᠩᠬᠦ ᠬᠤᠷᠢᠶᠠᠨ ᠠᠪᠴᠤ ᠪᠤᠯᠤᠨ᠎ᠠ᠂ 3000 ᠲᠦᠬᠦᠷᠢᠭ\ ᠡᠷᠦᠭᠡ ᠠᠴᠠ ᠬᠡᠷᠦᠷᠡᠬᠦᠯᠵᠦ ᠪᠤᠯᠬᠤ | ᠦᠭᠡᠢ᠃ ᠴᠢᠮᠡᠭᠯᠡᠵᠦ ᠵᠠᠰᠠᠵᠤ ᠪᠠᠷᠠᠭᠰᠠᠨ ᠤ ᠳᠠᠷᠠᠭ᠎ᠠ᠂ ᠰᠢᠯᠭᠠᠨ ᠬᠤᠷᠢᠶᠠᠭᠰᠠᠨ ᠪᠠᠶᠢᠳᠠᠯ ᠢ ᠦᠨᠳᠦᠰᠦᠯᠡᠵᠦ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠳᠡᠭᠡᠷ᠎ᠡ ᠳᠤᠷᠠᠳᠤᠭᠰᠠᠨ ᠪᠠᠳᠤᠯᠠᠭᠠᠨ ᠤ ᠮᠦᠩᠬᠦ ᠶᠢ ᠨᠢ ᠴᠠᠭ | ᠳᠤᠬᠠᠢ ᠳᠤ ᠨᠢ ᠪᠤᠴᠠᠭᠠᠬᠤ ᠠᠴᠠ ᠪᠢᠰᠢ᠂ ᠠᠳᠠᠯ ᠠᠬᠤᠢ ᠶᠢᠨ ᠰᠦᠢᠳᠭᠡᠯ ᠵᠡᠷᠭᠡ ᠪᠤᠰᠤᠳ ᠰᠦᠢᠳᠭᠡᠯ ᠳᠤ | ᠰᠠᠭᠤᠯᠭᠠᠨ ᠠᠪᠴᠤ ᠬᠡᠷᠡᠭᠯᠡᠵᠦ ᠪᠤᠯᠬᠤ ᠦᠭᠡᠢ᠃ | ᠭᠤᠴᠢᠨ ᠳᠦᠷᠪᠡᠳᠦᠭᠡᠷ ᠵᠦᠢᠯ ᠤᠰᠤ ᠬᠠᠩᠭᠠᠯᠳᠠ᠂ ᠴᠠᠬᠢᠯᠭᠠᠨ ᠬᠠᠩᠭᠠᠯᠳᠠ᠂ ᠢᠯᠴᠢ ᠬᠠᠩᠭᠠᠯᠳᠠ᠂ ᠬᠡᠢ | ᠬᠠᠩᠭᠠᠯᠳᠠ᠂ ᠤᠰᠤ ᠳᠠᠳᠠᠷᠠᠭᠤᠯᠤᠯᠳᠠ ᠵᠡᠷᠭᠡ ᠡᠵᠡᠩᠨᠡᠯᠳᠡ ᠶᠢᠨ ᠨᠢᠭᠡᠴᠢ ᠳᠤᠤᠷᠠᠬᠢ ᠳᠤᠭᠳᠠᠭᠠᠯ ᠶᠤᠰᠤᠭᠠᠷ ᠠᠳᠠᠯ | ᠠᠬᠤᠢ ᠶᠢᠨ ᠬᠠᠮᠢᠶᠠᠷᠤᠯᠳᠠ ᠶᠢᠨ ᠤᠷᠤᠨ ᠳᠤᠭᠤᠷᠢᠭ ᠳᠤᠳᠤᠷᠠᠬᠢ ᠬᠠᠮᠢᠶ᠎ᠠ ᠪᠦᠬᠦᠢ ᠳᠤᠨᠤᠭ ᠲᠦᠬᠦᠭᠡᠷᠦᠮᠵᠢ ᠶᠢᠨ | ᠰᠠᠯᠪᠢᠨ ᠵᠠᠰᠠᠯᠳᠠ᠂ ᠠᠷᠠᠴᠢᠯᠠᠯ ᠬᠠᠮᠠᠭᠠᠯᠠᠯᠳᠠ ᠪᠠ ᠰᠢᠨᠡᠴᠢᠯᠡᠯᠳᠡ ᠶᠢ ᠬᠠᠷᠢᠭᠤᠴᠠᠬᠤ ᠪᠦᠭᠡᠳ ᠡᠬᠦᠰᠦᠭᠰᠡᠨ ᠵᠠᠷᠤᠳᠠᠯ | ᠢ ᠡᠬᠦᠷᠭᠡᠯᠡᠨ᠎ᠡ᠂ ᠦᠮᠴᠢᠳᠡᠨ ᠤ ᠦᠪᠡᠰᠦᠪᠡᠨ ᠨᠡᠮᠡᠭᠳᠡᠭᠰᠡᠨ ᠲᠤᠨᠤᠭ ᠲᠦᠬᠦᠭᠡᠷᠦᠮᠵᠢ ᠠᠴᠠ ᠪᠤᠰᠤᠳ᠄ | ︵ᠨᠢᠭᠡ︶ ᠦᠮᠴᠢᠳᠡᠨ ᠤ ᠦᠵᠦᠬᠦᠷ ᠬᠡᠮᠵᠢᠬᠦᠷᠳᠦ ᠤᠰᠤᠨ ᠤ ᠬᠡᠮᠵᠢᠬᠦᠷ ᠵᠢᠴᠢ ᠡᠬᠦᠨ ᠠᠴᠠ ᠭᠠᠳᠠᠨᠠᠬᠢ | ᠤᠰᠤ ᠬᠠᠩᠭᠠᠯᠳᠠ ᠶᠢᠨ ᠲᠤᠨᠤᠭ ᠲᠦᠬᠦᠭᠡᠷᠦᠮᠵᠢ︔ | ︵ᠬᠤᠶᠠᠷ︶ ᠦᠮᠴᠢᠳᠡᠨ ᠤ ᠦᠵᠦᠬᠦᠷ ᠬᠡᠮᠵᠢᠬᠦᠷᠳᠦ ᠤᠰᠤᠨ ᠤ ᠬᠡᠮᠵᠢᠬᠦᠷ ᠵᠢᠴᠢ ᠡᠬᠦᠨ ᠠᠴᠠ ᠭᠠᠳᠠᠨᠠᠬᠢ | ᠴᠠᠬᠢᠯᠭᠠᠨ ᠬᠠᠩᠭᠠᠯᠳᠠ ᠶᠢᠨ ᠲᠤᠨᠤᠭ ᠲᠦᠬᠦᠭᠡᠷᠦᠮᠵᠢ ︵ᠲᠦᠪᠯᠡᠷᠡᠩᠬᠦᠢ ᠪᠠᠷ ᠬᠡᠮᠵᠢᠬᠦᠷ ᠭᠠᠷᠭᠠᠭᠰᠠᠨ ᠪᠣᠯ᠂ | ᠬᠡᠷᠡᠭᠯᠡᠭᠡᠨ ᠤ ᠡᠷᠦᠭᠡ ᠶᠢᠨ ᠡᠷᠦᠭᠡ ᠶᠢᠨ ᠭᠠᠳᠠᠨᠠᠬᠢ ᠴᠠᠬᠢᠯᠭᠠᠨ ᠬᠠᠩᠭᠠᠯᠳᠠ ᠶᠢᠨ ᠳᠤᠨᠤᠭ ᠲᠦᠬᠦᠭᠡᠷᠦᠮᠵᠢ︶︔ | ︵ᠭᠤᠷᠪᠠ︶ ᠦᠮᠴᠢᠳᠡᠨ ᠤ ᠡᠷᠦᠭᠡ ᠶᠢᠨ ᠭᠠᠳᠠᠨᠠᠬᠢ ᠡᠷᠦᠭᠡ ᠶᠢᠨ ᠬᠤᠪᠢᠶᠠᠷᠢ ᠨᠡᠭᠡᠯᠡᠭᠡᠢ ᠵᠢᠴᠢ ᠡᠬᠦᠨ ᠠᠴᠠ | ᠭᠠᠳᠠᠨᠠᠬᠢ ᠢᠯᠴᠢ ᠬᠠᠩᠭᠠᠯᠳᠠ ᠶᠢᠨ ᠳᠤᠨᠤᠭ ᠲᠦᠬᠦᠭᠡᠷᠦᠮᠵᠢ︔ | ︵ᠲᠦᠷᠪᠡ︶ ᠦᠮᠴᠢᠳᠡᠨ ᠤ ᠰᠢᠳᠠᠮᠠᠬᠠᠢ ᠬᠡᠢ ᠶᠢᠨ ᠬᠡᠷᠡᠭᠰᠡᠯ᠂ ᠰᠢᠳᠠᠮᠠᠬᠠᠢ ᠬᠡᠢ ᠶᠢᠨ ᠬᠡᠷᠡᠭᠰᠡᠯ ᠤᠨ ᠭᠤᠮᠳᠤ | ᠭᠤᠤᠷᠰᠤ ᠵᠠᠯᠭᠠᠭᠰᠠᠨ ᠠᠴᠠ ᠪᠤᠰᠤᠳ ᠰᠢᠳᠠᠮᠠᠬᠠᠢ ᠬᠡᠢ ᠶᠢᠨ ᠳᠤᠨᠤᠭ ᠲᠦᠬᠦᠭᠡᠷᠦᠮᠵᠢ︔ | ︵ᠳᠠᠪᠤ︶ ᠤᠷᠤᠴᠠ ᠶᠢᠨ ᠡᠬᠦᠳᠡᠨ ᠤ ᠭᠠᠳᠠᠨᠠᠬᠢ ᠤᠰᠤ ᠳᠠᠳᠠᠷᠠᠭᠤᠯᠬᠤ ᠬᠤᠳᠳᠤᠭ ᠵᠢᠴᠢ ᠤᠷᠤᠨ | ᠰᠠᠭᠤᠴᠠ ᠶᠢᠨ ᠳᠤᠭᠤᠷᠢᠭ ᠠᠴᠠ ᠪᠤᠰᠤᠳ ᠤᠰᠤ ᠳᠠᠳᠠᠷᠠᠭᠤᠯᠬᠤ ᠳᠤᠨᠤᠭ ᠲᠦᠬᠦᠭᠡᠷᠦᠮᠵᠢ᠃ | ᠡᠮᠦᠨᠡᠬᠢ ᠵᠤᠷᠪᠤᠰ ᠲᠤ ᠳᠤᠭᠳᠠᠭᠠᠭᠰᠠᠨ ᠨᠢᠭᠡᠴᠢ ᠨᠢ ᠰᠠᠯᠪᠢᠨ ᠵᠠᠰᠠᠯᠳᠠ᠂ ᠠᠷᠠᠴᠢᠯᠠᠨ ᠬᠠᠮᠠᠭᠠᠯᠠᠯᠳᠠ ᠪᠠ | ᠰᠢᠨᠡᠴᠢᠯᠡᠯᠳᠡ ᠵᠡᠷᠭᠡ ᠬᠡᠷᠡᠭᠴᠡᠭᠡ ᠠᠴᠠ ᠪᠤᠯᠵᠤ᠂ ᠵᠠᠮ᠂ ᠭᠠᠵᠠᠷ ᠳᠠᠯᠠᠪᠤᠷ ᠢ ᠲᠦᠷ ᠴᠠᠭ ᠡᠵᠡᠯᠡᠵᠦ ᠤᠬᠤᠵᠤ | ᠮᠠᠯᠳᠠᠭᠰᠠᠨ ᠪᠣᠯ᠂ ᠴᠠᠭ ᠲᠤᠬᠠᠢ ᠳᠤ ᠨᠢ ᠤᠤᠯ ᠬᠡᠪ ᠤᠨ ᠪᠠᠶᠢᠳᠠᠯ ᠢ ᠨᠢ ᠰᠡᠷᠭᠦᠭᠡᠭᠦ ᠬᠡᠷᠡᠭᠳᠡᠢ᠃ | ᠭᠤᠴᠢᠨ ᠳᠠᠪᠤᠳᠤᠭᠠᠷ ᠵᠦᠢᠯ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠨᠢ | ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠳᠤᠭᠳᠠᠭᠠᠭᠰᠠᠨ ᠬᠠᠭᠤᠴᠢᠨ ᠤᠷᠤᠨ ᠰᠠᠭᠤᠴᠠ ᠶᠢᠨ ᠳᠤᠭᠤᠷᠢᠭ | ᠤᠨ ᠰᠢᠨᠡᠳᠭᠡᠨ ᠦᠭᠡᠷᠡᠴᠢᠯᠡᠯᠳᠡ ᠶᠢᠨ ᠲᠦᠯᠦᠪᠯᠡᠭᠡ ᠶᠢ ᠦᠨᠳᠦᠰᠦᠯᠡᠵᠦ᠂ ᠬᠡᠷᠡᠭᠵᠢᠬᠦᠯᠬᠦ ᠲᠦᠰᠦᠯ ᠳᠤᠭᠳᠠᠭᠠᠬᠤ | ᠪᠦᠭᠡᠳ ᠵᠤᠬᠢᠶᠠᠨ ᠪᠠᠶᠢᠭᠤᠯᠤᠨ ᠬᠡᠷᠡᠭᠵᠢᠬᠦᠯᠬᠦ ᠬᠡᠷᠡᠭᠳᠡᠢ᠃ | ᠬᠤᠳᠠ᠂ ᠬᠤᠰᠢᠭᠤ ᠰᠢᠶᠠᠨ ᠬᠤᠶᠠᠷ ᠱᠠᠲᠤᠨ ᠤ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ | ᠰᠠᠯᠠᠭ᠎ᠠ ᠮᠦᠴᠢᠷ ᠤᠨ ᠤ ᠲᠦᠰᠦᠪ ᠳᠤᠳᠤᠷ᠎ᠠ ᠪᠠᠨ ᠬᠠᠭᠤᠴᠢᠨ ᠤᠷᠤᠨ ᠰᠠᠭᠤᠴᠠ ᠶᠢᠨ ᠳᠤᠭᠤᠷᠢᠭ ᠤᠨ | ᠰᠢᠨᠡᠳᠭᠡᠨ ᠦᠭᠡᠷᠡᠴᠢᠯᠡᠯᠳᠡ ᠶᠢᠨ ᠲᠤᠰᠬᠠᠢ ᠲᠦᠷᠦᠯ ᠤᠨ ᠪᠡᠯᠡ ᠮᠦᠩᠬᠦ ᠲᠤᠬᠢᠷᠠᠭᠤᠯᠵᠤ᠂ ᠲᠤᠰᠬᠠᠢ ᠵᠤᠭᠤᠰ ᠢ | ᠲᠤᠰᠬᠠᠢ ᠬᠡᠷᠡᠭᠯᠡᠬᠦ ᠬᠡᠷᠡᠭᠳᠡᠢ᠃ | ᠭᠤᠴᠢᠨ ᠵᠢᠷᠭᠤᠳᠤᠭᠠᠷ ᠵᠦᠢᠯ ᠬᠠᠭᠤᠴᠢᠨ ᠤᠷᠤᠨ ᠰᠠᠭᠤᠴᠠ ᠶᠢᠨ ᠳᠤᠭᠤᠷᠢᠭ ᠤᠨ ᠰᠢᠨᠡᠳᠭᠡᠨ | ᠦᠭᠡᠷᠡᠴᠢᠯᠡᠯᠳᠡ ᠶᠢ ᠪᠡᠶᠡᠯᠡᠬᠦᠯᠦᠭᠰᠡᠨ ᠤ ᠳᠠᠷᠠᠭ᠎ᠠ᠂ ᠲᠤᠰ ᠲᠦᠷᠢᠮ ᠤᠨ ᠬᠠᠮᠢᠶ᠎ᠠ ᠪᠦᠬᠦᠢ ᠳᠤᠭᠳᠠᠭᠠᠯ ᠶᠤᠰᠤᠭᠠᠷ᠂ | ᠦᠮᠴᠢᠳᠡᠳ ᠤᠨ ᠶᠡᠭᠡ ᠬᠤᠷᠠᠯ ᠢ ᠪᠡᠯᠡᠳᠭᠡᠨ ᠬᠤᠷᠠᠯᠳᠤᠭᠤᠯᠵᠤ᠂ ᠠᠳᠠᠯ ᠠᠬᠤᠢ ᠶᠢᠨ ᠬᠠᠮᠢᠶᠠᠷᠤᠯᠳᠠ ᠶᠢ | ᠶᠠᠪᠤᠭᠤᠯᠤᠨ᠎ᠠ᠃ | ᠭᠤᠴᠢᠨ ᠳᠤᠯᠤᠳᠤᠭᠠᠷ ᠵᠦᠢᠯ ᠳᠠᠩ ᠴᠤᠭᠴᠠᠳᠤ ᠠᠰᠠᠷ ᠪᠤᠶᠤ ᠰᠢᠨᠡᠳᠭᠡᠨ ᠦᠭᠡᠷᠡᠴᠢᠯᠡᠯᠳᠡ ᠶᠢᠨ | ᠲᠦᠯᠦᠪᠯᠡᠭᠡ ᠳᠤ ᠤᠷᠤᠭᠤᠯᠤᠭᠰᠠᠨ ᠦᠭᠡᠢ ᠵᠢᠴᠢ ᠠᠳᠠᠯ ᠠᠬᠤᠢ ᠶᠢᠨ ᠬᠠᠮᠢᠶᠠᠷᠤᠯᠳᠠ ᠶᠠᠪᠤᠭᠤᠯᠤᠭᠰᠠᠨ ᠬᠠᠭᠤᠴᠢᠨ | ᠤᠷᠤᠨ ᠰᠠᠭᠤᠴᠠ ᠶᠢᠨ ᠳᠤᠭᠤᠷᠢᠭ ᠲᠤ᠂ ᠭᠠᠴᠠᠭ᠎ᠠ ᠲᠤᠰᠬᠤᠨ ᠤ ᠠᠷᠠᠳ ᠤᠨ ᠵᠦᠪᠯᠡᠯ᠂ ᠨᠡᠶᠢᠭᠡᠮ ᠳᠤᠭᠤᠷᠢᠭ ᠤᠨ | ᠰᠠᠭᠤᠭᠠᠯᠢ ᠠᠷᠠᠳ ᠤᠨ ᠵᠦᠪᠯᠡᠯ ᠠᠴᠠ ᠠᠳᠠᠯ ᠠᠬᠤᠢ ᠶᠢᠨ ᠬᠠᠮᠢᠶᠠᠷᠤᠯᠳᠠ ᠶᠢ ᠵᠤᠬᠢᠶᠠᠨ ᠪᠠᠶᠢᠭᠤᠯᠤᠨ | ᠶᠠᠪᠤᠭᠳᠠᠭᠤᠯᠵᠤ᠂ ᠪᠠᠰᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠤᠷᠤᠨ ᠰᠠᠭᠤᠴᠠ ᠶᠢᠨ | ᠪᠤᠰᠤ ᠠᠳᠠᠯ ᠠᠬᠤᠢ ᠶᠢᠨ ᠲᠦᠷᠦᠯ ᠵᠦᠢᠯ ᠪᠤᠶᠤ ᠰᠢᠨ᠎ᠡ ᠪᠠᠷ ᠪᠠᠶᠢᠭᠤᠯᠤᠭᠰᠠᠨ ᠤᠷᠤᠨ ᠰᠠᠭᠤᠴᠠ ᠶᠢᠨ ᠠᠳᠠᠯ | ᠠᠬᠤᠢ ᠶᠢᠨ ᠲᠦᠷᠦᠯ ᠵᠦᠢᠯ ᠢ ᠲᠤᠰᠴᠤ ᠠᠪᠬᠤ ᠳᠠᠭᠠᠨ ᠵᠡᠷᠭᠡ ᠪᠠᠷ ᠳᠤᠰᠴᠤ ᠠᠪᠴᠤ ᠬᠠᠮᠢᠶᠠᠷᠴᠤ ᠪᠤᠯᠤᠨ᠎ᠠ᠃ | ᠭᠤᠴᠢᠨ ᠨᠠᠢᠮᠠᠳᠤᠭᠠᠷ ᠵᠦᠢᠯ ᠰᠢᠨᠡᠳᠭᠡᠨ ᠦᠭᠡᠷᠡᠴᠢᠯᠡᠯᠳᠡ ᠶᠢᠨ ᠲᠦᠯᠦᠪᠯᠡᠭᠡ ᠳᠤ ᠤᠷᠤᠭᠤᠯᠤᠭᠰᠠᠨ ᠵᠢᠴᠢ | ᠠᠳᠠᠯ ᠠᠬᠤᠢ ᠶᠢᠨ ᠬᠠᠮᠢᠶᠠᠷᠤᠯᠳᠠ ᠶᠠᠪᠤᠭᠤᠯᠤᠭᠰᠠᠨ ᠦᠭᠡᠢ ᠬᠠᠭᠤᠴᠢᠨ ᠤᠷᠤᠨ ᠰᠠᠭᠤᠴᠠ ᠶᠢᠨ ᠬᠠᠮᠳᠤ ᠶᠢᠨ | ᠬᠡᠷᠡᠭᠯᠡᠭᠡᠨ ᠤ ᠲᠤᠨᠤᠭ ᠲᠦᠬᠦᠭᠡᠷᠦᠮᠵᠢ ᠶᠢᠨ ᠰᠠᠯᠪᠢᠨ ᠵᠠᠰᠠᠯᠳᠠ ᠠᠷᠠᠴᠢᠯᠠᠨ ᠬᠠᠮᠠᠭᠠᠯᠠᠯᠳᠠ ᠶᠢᠨ ᠰᠦᠢᠳᠭᠡᠯ ᠢ | ᠦᠮᠴᠢᠳᠡᠨ ᠠᠴᠠ ᠬᠠᠮᠳᠤ ᠪᠠᠷ ᠡᠬᠦᠷᠭᠡᠯᠡᠨ᠎ᠡ᠃ | ᠭᠤᠴᠢ ᠶᠢᠰᠦᠳᠦᠭᠡᠷ ᠵᠦᠢᠯ ᠬᠠᠷᠢᠶ᠎ᠠ ᠭᠠᠵᠠᠷ ᠤᠨ ᠬᠠᠮᠢᠶᠠᠷᠤᠯᠳᠠ ᠶᠢᠨ ᠵᠠᠷᠴᠢᠮ ᠶᠤᠰᠤᠭᠠᠷ᠂ ᠬᠤᠰᠢᠭᠤ | ᠰᠢᠶᠠᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠨᠢ ᠦᠮᠴᠢᠳᠡᠨ᠂ ᠦᠮᠴᠢᠳᠡᠨ ᠤ ᠺᠤᠮᠢᠰ᠂ ᠠᠳᠠᠯ ᠠᠬᠤᠢ ᠶᠢᠨ ᠬᠡᠷᠡᠭᠯᠡᠭᠡᠨ ᠤ | ᠬᠦᠮᠦᠨ ᠪᠤᠯᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠲᠤᠬᠠᠢ ᠶᠢᠨ ᠬᠦᠮᠦᠨ ᠤ ᠠᠳᠠᠯ | ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠳᠠᠬᠢ ᠵᠠᠭᠠᠯᠳᠤᠯᠭ᠎ᠠ ᠶᠢ ᠴᠠᠭ ᠳᠤᠬᠠᠢ ᠳᠤ ᠨᠢ ᠰᠢᠢᠳᠪᠦᠷᠢᠯᠡᠬᠦ | ᠬᠡᠷᠡᠭᠳᠡᠢ᠃ | ᠬᠤᠰᠢᠭᠤ ᠰᠢᠶᠠᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠠᠭᠠᠯᠳᠤᠯᠭ᠎ᠠ ᠰᠢᠢᠳᠪᠦᠷᠢᠯᠡᠬᠦ ᠶᠢ ᠬᠦᠯᠢᠶᠡᠨ ᠠᠪᠤᠭᠰᠠᠨ ᠤ ᠳᠠᠷᠠᠭ᠎ᠠ᠂ | ᠴᠠᠭ ᠲᠤᠬᠠᠢ ᠳᠤ ᠨᠢ ᠪᠠᠶᠢᠴᠠᠭᠠᠨ ᠰᠢᠢᠳᠪᠦᠷᠢᠯᠡᠬᠦ ᠬᠡᠷᠡᠭᠳᠡᠢ ᠪᠦᠭᠡᠳ ᠵᠠᠭᠠᠯᠳᠤᠯᠭ᠎ᠠ ᠰᠢᠢᠳᠪᠦᠷᠢᠯᠡᠬᠦ ᠶᠢ ᠬᠦᠯᠢᠶᠡᠨ | ᠠᠪᠤᠭᠰᠠᠨ ᠡᠳᠦᠷ ᠠᠴᠠ ᠡᠬᠢᠯᠡᠨ 15 ᠡᠳᠦᠷ ᠳᠤᠳᠤᠷ᠎ᠠ ᠵᠠᠭᠠᠯᠳᠤᠭᠴᠢ ᠳᠤ ᠬᠠᠷᠢᠭᠤᠯᠳᠠ ᠦᠭᠭᠦ ᠬᠡᠷᠡᠭᠳᠡᠢ᠃ | ᠲᠦᠴᠢᠳᠦᠭᠡᠷ ᠵᠦᠢᠯ ᠲᠤᠰ ᠲᠦᠷᠢᠮ ᠢ ᠵᠦᠷᠢᠴᠡᠭᠰᠡᠨ ᠬᠠᠮᠢᠶ᠎ᠠ ᠪᠦᠬᠦᠢ ᠦᠢᠯᠡ ᠠᠵᠢᠯᠯᠠᠭ᠎ᠠ ᠶᠢ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠳᠤᠭᠳᠠᠭᠠᠯ ᠪᠤᠯᠤᠨ ᠦᠪᠦᠷ ᠮᠤᠩᠭᠤᠯ ᠤᠨ ᠤᠷᠤᠨ ᠨᠤᠲᠤᠭ ᠤᠨ ᠴᠢᠨᠠᠷᠳᠠᠢ | ᠬᠠᠤᠯᠢ ᠳᠤᠭᠳᠠᠭᠠᠯ ᠳᠤ ᠨᠢᠭᠡᠨᠳᠡ ᠰᠢᠢᠳᠭᠡᠨ ᠲᠤᠷᠭᠠᠬᠤ ᠳᠤᠭᠳᠠᠭᠠᠯ ᠭᠠᠷᠭᠠᠭᠰᠠᠨ ᠪᠣᠯ᠂ ᠲᠤᠰ ᠲᠤᠭᠳᠠᠭᠠᠯ ᠤᠳ ᠢ | ᠳᠠᠭᠠᠨ᠎ᠠ᠃ | ᠲᠦᠴᠢᠨ ᠨᠢᠭᠡᠳᠦᠭᠡᠷ ᠵᠦᠢᠯ ᠲᠤᠰ ᠲᠦᠷᠢᠮ ᠤᠨ ᠨᠠᠢᠮᠠᠳᠤᠭᠠᠷ ᠵᠦᠢᠯ ᠤᠨ ᠳᠤᠭᠳᠠᠭᠠᠯ ᠢ ᠵᠦᠷᠢᠴᠡᠵᠦ᠂ | ᠪᠦᠲᠦᠭᠡᠨ ᠪᠠᠶᠢᠭᠤᠯᠤᠯᠳᠠ ᠶᠢᠨ ᠨᠢᠭᠡᠴᠢ ᠪᠤᠶᠤ ᠦᠮᠴᠢᠯᠡᠯ ᠤᠨ ᠡᠷᠭᠡ ᠶᠢᠨ ᠨᠢᠭᠡᠴᠢ ᠨᠢ ᠳᠠᠭᠠᠭᠠᠴᠢᠯᠠᠯᠳᠠ ᠵᠠᠷᠯᠠᠬᠤ | ᠳᠠᠭᠠᠭᠠᠴᠢᠯᠠᠯᠳᠠ ᠬᠦᠯᠢᠶᠡᠬᠦ ᠠᠷᠭ᠎ᠠ ᠠᠪᠴᠠᠯ ᠢᠶᠠᠷ ᠳᠠᠮᠵᠢᠭᠰᠠᠨ ᠦᠭᠡᠢ ᠪᠠᠷ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ ᠢ ᠰᠢᠯᠢᠨ ᠤᠷᠢᠬᠤ ᠪᠤᠶᠤ ᠵᠦᠪᠰᠢᠶᠡᠷᠡᠬᠦᠯᠦᠭᠰᠡᠨ ᠦᠭᠡᠢ ᠪᠠᠷ ᠳᠤᠷ᠎ᠠ ᠪᠠᠷ ᠢᠶᠠᠨ ᠵᠦᠪᠯᠡᠯᠴᠡᠭᠡᠷ ᠤᠨ | ᠠᠷᠭ᠎ᠠ ᠠᠪᠴᠠᠯ ᠢᠶᠠᠷ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠢᠯᠢᠨ ᠤᠷᠢᠭᠰᠠᠨ ᠪᠣᠯ᠂ | ᠬᠤᠳᠠ᠂ ᠬᠤᠰᠢᠭᠤ ᠰᠢᠶᠠᠨ ᠬᠤᠶᠠᠷ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠤᠳᠠ ᠶᠢᠨ ᠬᠠᠮᠢᠶᠠᠷᠤᠯᠳᠠ | ᠶᠢᠨ ᠶᠡᠷᠦᠩᠭᠡᠢ ᠬᠠᠤᠯᠢ ᠬᠡᠷᠡᠭᠵᠢᠬᠦᠯᠦᠯᠳᠡ ᠶᠢᠨ ᠰᠠᠯᠠᠭ᠎ᠠ ᠮᠦᠴᠢᠷ ᠠᠴᠠ ᠰᠡᠷᠡᠮᠵᠢ ᠦᠭᠴᠦ᠂ ᠬᠤᠭᠤᠴᠠᠭ᠎ᠠ | ᠬᠢᠵᠠᠭᠠᠷᠯᠠᠨ ᠵᠠᠯᠠᠷᠠᠭᠤᠯᠬᠤ ᠶᠢ ᠨᠢ ᠵᠠᠷᠯᠢᠭᠳᠠᠬᠤ ᠮᠦᠷᠳᠡᠭᠡᠨ 5 ᠲᠦᠮᠡᠨ ᠲᠦᠬᠦᠷᠢᠭ ᠠᠴᠠ ᠳᠡᠭᠡᠭᠰᠢ 10 ᠲᠦᠮᠡᠨ | ᠲᠦᠬᠦᠷᠢᠭ ᠠᠴᠠ ᠳᠤᠷᠤᠭᠰᠢ ᠵᠤᠭᠤᠰ ᠢᠶᠠᠷ ᠳᠤᠷᠭᠠᠵᠤ ᠰᠢᠢᠳᠭᠡᠨ᠎ᠡ᠃ | ᠲᠦᠴᠢᠨ ᠬᠤᠶᠠᠳᠤᠭᠠᠷ ᠵᠦᠢᠯ ᠲᠤᠰ ᠲᠦᠷᠢᠮ ᠤᠨ ᠬᠤᠷᠢᠨ ᠬᠤᠶᠠᠳᠤᠭᠠᠷ᠂ ᠬᠤᠷᠢᠨ ᠨᠠᠢᠮᠠᠳᠤᠭᠠᠷ ᠵᠦᠢᠯ | ᠤᠨ ᠳᠤᠭᠳᠠᠭᠠᠯ ᠢ ᠵᠦᠷᠢᠴᠡᠵᠦ᠂ ᠪᠦᠲᠦᠭᠡᠨ ᠪᠠᠶᠢᠭᠤᠯᠤᠯᠳᠠ ᠶᠢᠨ ᠨᠢᠭᠡᠴᠢ᠂ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ ᠨᠢ ᠬᠠᠮᠢᠶ᠎ᠠ ᠪᠦᠬᠦᠢ ᠮᠠᠲ᠋ᠧᠷᠢᠶᠠᠯ᠂ ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠭᠡᠷ ᠪᠤᠯᠤᠨ | ᠬᠠᠮᠢᠶ᠎ᠠ ᠪᠦᠬᠦᠢ ᠡᠳ᠋ ᠪᠤᠳᠠᠰ ᠢ ᠲᠤᠰᠢᠶᠠᠬᠤ ᠦᠭᠡᠢ ᠪᠣᠯ᠂ ᠬᠤᠳᠠ᠂ ᠬᠤᠰᠢᠭᠤ ᠰᠢᠶᠠᠨ ᠬᠤᠶᠠᠷ ᠱᠠᠳᠤᠨ ᠤ ᠠᠷᠠᠳ | ᠤᠨ ᠵᠠᠰᠠᠭ ᠤᠨ ᠤᠷᠳᠤᠨ ᠤ ᠬᠤᠳᠠ ᠶᠢᠨ ᠬᠠᠮᠢᠶᠠᠷᠤᠯᠳᠠ ᠶᠢᠨ ᠶᠡᠷᠦᠩᠭᠡᠢ ᠬᠠᠤᠯᠢ ᠬᠡᠷᠡᠭᠵᠢᠬᠦᠯᠦᠯᠳᠡ ᠶᠢᠨ ᠰᠠᠯᠠᠭ᠎ᠠ | ᠮᠦᠴᠢᠷ ᠠᠴᠠ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢ ᠨᠢ ᠵᠠᠷᠯᠢᠭᠳᠠᠨ᠎ᠠ︔ ᠬᠤᠭᠤᠴᠠᠭ᠎ᠠ ᠨᠢ ᠬᠡᠳᠦᠷᠡᠭᠡᠳ | ᠵᠠᠯᠠᠷᠠᠭᠤᠯᠤᠭᠰᠠᠨ ᠦᠭᠡᠢ ᠪᠣᠯ᠂ 5 ᠲᠦᠮᠡᠨ ᠲᠦᠬᠦᠷᠢᠭ ᠠᠴᠠ ᠳᠡᠭᠡᠭᠰᠢ 10 ᠲᠦᠮᠡᠨ ᠲᠦᠬᠦᠷᠢᠭ ᠠᠴᠠ ᠳᠤᠷᠤᠭᠰᠢ | ᠵᠤᠭᠤᠰ ᠢᠶᠠᠷ ᠳᠤᠷᠭᠠᠵᠤ ᠰᠢᠢᠳᠭᠡᠨ᠎ᠡ︔ ᠦᠮᠴᠢᠳᠡᠨ ᠳᠤ ᠬᠤᠬᠢᠷᠠᠯ ᠤᠴᠠᠷᠠᠭᠤᠯᠤᠭᠰᠠᠨ ᠪᠣᠯ᠂ ᠲᠦᠯᠦᠬᠦ | ᠬᠠᠷᠢᠭᠤᠴᠠᠯᠭ᠎ᠠ ᠶᠢ ᠬᠠᠤᠯᠢ ᠶᠤᠰᠤᠭᠠᠷ ᠡᠬᠦᠷᠭᠡᠯᠡᠨ᠎ᠡ᠃ | ᠲᠦᠴᠢᠨ ᠭᠤᠷᠪᠠᠳᠤᠭᠠᠷ ᠵᠦᠢᠯ ᠲᠤᠰ ᠲᠦᠷᠢᠮ ᠤᠨ ᠬᠤᠷᠢᠨ ᠭᠤᠷᠪᠠᠳᠤᠭᠠᠷ ᠵᠦᠢᠯ ᠤᠨ ᠳᠤᠭᠳᠠᠭᠠᠯ ᠢ | ᠵᠦᠷᠢᠴᠡᠵᠦ᠂ ᠪᠦᠲᠦᠭᠡᠨ ᠪᠠᠶᠢᠭᠤᠯᠤᠯᠳᠠ ᠶᠢᠨ ᠨᠢᠭᠡᠴᠢ ᠨᠢ ᠳᠤᠭᠳᠠᠭᠠᠯ ᠶᠤᠰᠤᠭᠠᠷ ᠠᠳᠠᠯ ᠠᠬᠤᠢ ᠶᠢᠨ | ᠦᠢᠯᠡᠴᠢᠯᠡᠭᠡᠨ ᠳᠤ ᠬᠡᠷᠡᠭᠯᠡᠬᠦ ᠬᠡᠷ᠂ ᠦᠮᠴᠢᠳᠡᠨ ᠤ ᠺᠤᠮᠢᠰ ᠤᠨ ᠠᠯᠪᠠᠯᠠᠬᠤ ᠳᠤ ᠬᠡᠷᠡᠭᠯᠡᠬᠦ ᠬᠡᠷ ᠲᠤᠬᠢᠷᠠᠭᠤᠯᠤᠭᠰᠠᠨ | ᠦᠭᠡᠢ ᠪᠣᠯ᠂ ᠬᠤᠳᠠ᠂ ᠬᠤᠰᠢᠭᠤ ᠰᠢᠶᠠᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠤᠳᠠ ᠶᠢᠨ | ᠬᠠᠮᠢᠶᠠᠷᠤᠯᠳᠠ ᠶᠢᠨ ᠶᠡᠷᠦᠩᠭᠡᠢ ᠬᠠᠤᠯᠢ ᠬᠡᠷᠡᠭᠵᠢᠬᠦᠯᠦᠯᠳᠡ ᠶᠢᠨ ᠰᠠᠯᠠᠭ᠎ᠠ ᠮᠦᠴᠢᠷ ᠬᠤᠭᠤᠴᠠᠭ᠎ᠠ ᠬᠢᠵᠠᠭᠠᠷᠯᠠᠨ | ᠵᠠᠯᠠᠷᠠᠭᠤᠯᠬᠤ ᠶᠢ ᠨᠢ ᠵᠠᠷᠯᠢᠭᠳᠠᠵᠤ᠂ ᠰᠡᠷᠡᠮᠵᠢ ᠦᠭᠴᠦ᠂ ᠬᠠᠤᠯᠢ ᠵᠦᠷᠢᠴᠡᠭᠰᠡᠨ ᠤᠯᠵᠠᠪᠤᠷᠢ ᠶᠢ ᠨᠢ | ᠬᠤᠷᠢᠶᠠᠮᠵᠢᠯᠠᠬᠤ ᠪᠦᠭᠡᠳ 10 ᠲᠦᠮᠡᠨ ᠲᠦᠬᠦᠷᠢᠭ ᠠᠴᠠ ᠳᠡᠭᠡᠭᠰᠢ 50 ᠲᠦᠮᠡᠨ ᠲᠦᠬᠦᠷᠢᠭ ᠠᠴᠠ ᠳᠤᠷᠤᠭᠰᠢ | ᠵᠤᠭᠤᠰ ᠢᠶᠠᠷ ᠳᠤᠷᠭᠠᠵᠤ ᠰᠢᠢᠳᠭᠡᠨ᠎ᠡ᠃ | ᠲᠦᠴᠢᠨ ᠲᠦᠷᠪᠡᠳᠦᠭᠡᠷ ᠵᠦᠢᠯ ᠲᠤᠰ ᠲᠦᠷᠢᠮ ᠤᠨ ᠬᠤᠷᠢᠨ ᠳᠠᠪᠤᠳᠤᠭᠠᠷ ᠵᠦᠢᠯ ᠤᠨ ᠳᠤᠭᠳᠠᠭᠠᠯ ᠢ | ᠵᠦᠷᠢᠴᠡᠪᠡᠯ᠂ ᠬᠤᠳᠠ᠂ ᠬᠤᠰᠢᠭᠤ ᠰᠢᠶᠠᠨ ᠬᠤᠶᠠᠷ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠤᠳᠠ ᠶᠢᠨ | ᠬᠠᠮᠢᠶᠠᠷᠤᠯᠳᠠ ᠶᠢᠨ ᠶᠡᠷᠦᠩᠭᠡᠢ ᠬᠠᠤᠯᠢ ᠬᠡᠷᠡᠭᠵᠢᠬᠦᠯᠦᠯᠳᠡ ᠶᠢᠨ ᠰᠠᠯᠠᠭ᠎ᠠ ᠮᠦᠴᠢᠷ ᠬᠤᠭᠤᠴᠠᠭ᠎ᠠ ᠬᠢᠵᠠᠭᠠᠷᠯᠠᠨ | ᠵᠠᠯᠠᠷᠠᠭᠤᠯᠬᠤ ᠶᠢ ᠨᠢ ᠵᠠᠷᠯᠢᠭᠳᠠᠵᠤ᠂ ᠰᠡᠷᠡᠮᠵᠢ ᠦᠭᠭᠦ ᠪᠦᠭᠡᠳ 3 ᠲᠦᠮᠡᠨ ᠲᠦᠬᠦᠷᠢᠭ ᠠᠴᠠ ᠳᠡᠭᠡᠭᠰᠢ 10 ᠲᠦᠮᠡᠨ | ᠳᠦᠬᠦᠷᠢᠭ ᠠᠴᠠ ᠳᠤᠷᠤᠭᠰᠢ ᠵᠤᠭᠤᠰ ᠢᠶᠠᠷ ᠳᠤᠷᠭᠠᠵᠤ ᠰᠢᠢᠳᠭᠡᠨ᠎ᠡ᠃ | ᠲᠦᠴᠢᠨ ᠳᠠᠪᠤᠳᠤᠭᠠᠷ ᠵᠦᠢᠯ ᠲᠤᠰ ᠲᠦᠷᠢᠮ ᠤᠨ ᠭᠤᠴᠢᠨ ᠬᠤᠶᠠᠳᠤᠭᠠᠷ ᠵᠦᠢᠯ ᠤᠨ ᠨᠠᠢᠮᠠᠳᠤᠭᠠᠷ᠂ | ᠶᠢᠰᠦᠳᠦᠭᠡᠷ᠂ ᠠᠷᠪᠠᠳᠤᠭᠠᠷ᠂ ᠠᠷᠪᠠᠨ ᠨᠢᠭᠡᠳᠦᠭᠡᠷ᠂ ᠠᠷᠪᠠᠨ ᠬᠤᠶᠠᠳᠤᠭᠠᠷ ᠵᠤᠷᠪᠤᠰ ᠤᠨ ᠳᠤᠭᠳᠠᠭᠠᠯ ᠢ | ᠵᠦᠷᠢᠴᠡᠭᠰᠡᠨ ᠪᠣᠯ᠂ ᠬᠤᠳᠠ᠂ ᠬᠤᠰᠢᠭᠤ ᠰᠢᠶᠠᠨ ᠬᠤᠶᠠᠷ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠤᠳᠠ | ᠶᠢᠨ ᠬᠠᠮᠢᠶᠠᠷᠤᠯᠳᠠ ᠶᠢᠨ ᠶᠡᠷᠦᠩᠭᠡᠢ ᠬᠠᠤᠯᠢ ᠬᠡᠷᠡᠭᠵᠢᠬᠦᠯᠦᠯᠳᠡ ᠶᠢᠨ ᠰᠠᠯᠠᠭ᠎ᠠ ᠮᠦᠴᠢᠷ ᠠᠴᠠ ᠰᠡᠷᠡᠮᠵᠢ ᠦᠭᠴᠦ᠂ | ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢ ᠨᠢ ᠵᠠᠷᠯᠢᠭᠳᠠᠨ᠎ᠠ︔ ᠬᠤᠭᠤᠴᠠᠭ᠎ᠠ ᠨᠢ ᠭᠡᠲᠦᠷᠡᠭᠰᠡᠨ ᠪᠠᠶᠢᠳᠠᠯ᠎ᠠ | ᠵᠠᠯᠠᠷᠠᠭᠤᠯᠬᠤ ᠦᠭᠡᠢ ᠪᠣᠯ᠂ 1000 ᠲᠦᠬᠦᠷᠢᠭ ᠠᠴᠠ ᠳᠡᠭᠡᠭᠰᠢ 1 ᠲᠦᠮᠡᠨ ᠲᠦᠬᠦᠷᠢᠭ ᠠᠴᠠ ᠳᠤᠷᠤᠭᠰᠢ ᠵᠤᠭᠤᠰ | ᠢᠶᠠᠷ ᠳᠤᠷᠭᠠᠵᠤ ᠰᠢᠢᠳᠭᠡᠨ᠎ᠡ︔ ᠪᠤᠰᠤᠳ ᠬᠦᠮᠦᠨ ᠳᠤ ᠬᠤᠬᠢᠷᠠᠯ ᠤᠴᠠᠷᠠᠭᠤᠯᠤᠭᠰᠠᠨ ᠪᠣᠯ᠂ ᠲᠦᠯᠦᠪᠦᠷᠢ ᠶᠢᠨ | ᠬᠠᠷᠢᠭᠤᠴᠠᠯᠭ᠎ᠠ ᠶᠢ ᠬᠠᠤᠯᠢ ᠶᠤᠰᠤᠭᠠᠷ ᠡᠬᠦᠷᠭᠡᠯᠡᠨ᠎ᠡ᠃ | ᠲᠦᠴᠢᠨ ᠵᠢᠷᠭᠤᠳᠤᠭᠠᠷ ᠵᠦᠢᠯ ᠬᠤᠳᠠ᠂ ᠬᠤᠰᠢᠭᠤ ᠰᠢᠶᠠᠨ ᠬᠤᠶᠠᠷ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠪᠤᠰᠤᠳ | ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠢᠴᠢ ᠠᠵᠢᠯᠳᠠᠨ ᠨᠢ ᠲᠤᠰ | ᠲᠦᠷᠢᠮ ᠤᠨ ᠳᠤᠭᠳᠠᠭᠠᠯ ᠢ ᠵᠦᠷᠢᠴᠡᠵᠦ᠂ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ | ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠭᠰᠠᠨ ᠭᠤᠤᠯ ᠬᠠᠮᠢᠶᠠᠷᠤᠭᠴᠢ ᠪᠤᠯᠤᠨ ᠪᠤᠰᠤᠳ | ᠰᠢᠭᠤᠳ ᠬᠠᠷᠢᠭᠤᠴᠠᠭᠴᠢ ᠳᠤ ᠵᠠᠰᠠᠭ ᠵᠠᠬᠢᠷᠭᠠᠨ ᠤ ᠰᠢᠢᠳᠭᠡᠯ ᠦᠭᠭᠦᠨ᠎ᠡ︔ ᠬᠤᠬᠢᠷᠠᠯ ᠤᠴᠠᠷᠠᠭᠤᠯᠤᠭᠰᠠᠨ ᠪᠣᠯ᠂ | ᠲᠦᠯᠦᠪᠦᠷᠢ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠡᠬᠦᠷᠭᠡᠯᠡᠨ᠎ᠡ︔ ᠶᠠᠯ᠎ᠠ ᠳᠤ ᠬᠦᠷᠦᠭᠰᠡᠨ ᠪᠠᠶᠢᠪᠠᠯ᠂ ᠡᠷᠡᠬᠦᠦ | ᠶᠢᠨ ᠬᠡᠷᠡᠭ ᠤᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠭᠡᠮᠵᠢᠯᠡᠨ᠎ᠡ᠄ | ︵ᠨᠢᠭᠡ︶ ᠲᠤᠰᠢᠶᠠᠯ ᠤᠨ ᠲᠦᠬᠦᠮ ᠢᠶᠠᠨ ᠠᠰᠢᠭᠯᠠᠵᠤ᠂ ᠪᠤᠰᠤᠳ ᠬᠦᠮᠦᠨ ᠠᠴᠠ ᠡᠳ᠋ ᠪᠤᠳᠠᠰ ᠪᠤᠶᠤ | ᠪᠤᠰᠤᠳ ᠠᠰᠢᠭ ᠠᠪᠤᠭᠰᠠᠨ︔ | ︵ᠬᠤᠶᠠᠷ︶ ᠬᠠᠤᠯᠢ ᠶᠤᠰᠤᠭᠠᠷ ᠬᠢᠨᠠᠨ ᠬᠠᠮᠢᠶᠠᠷᠬᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ | ᠪᠤᠶᠤ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢ ᠮᠡᠳᠡᠭᠡᠳ ᠪᠠᠶᠢᠴᠠᠭᠠᠨ ᠰᠢᠢᠳᠭᠡᠭᠰᠡᠨ ᠦᠭᠡᠢ︔ | ︵ᠭᠤᠷᠪᠠ︶ ᠠᠯᠪᠠᠨ ᠲᠤᠰᠢᠶᠠᠯ ᠳᠤ ᠪᠠᠨ ᠠᠯᠮᠠᠶᠢᠷᠠᠨ ᠤᠰᠤᠯᠳᠠᠭᠰᠠᠨ᠂ ᠡᠷᠭᠡ ᠲᠤᠰᠢᠶᠠᠯ ᠢᠶᠠᠨ ᠳᠤᠷ᠎ᠠ ᠪᠠᠷ | ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠤᠰᠤ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃ | ᠲᠦᠴᠢᠨ ᠳᠤᠯᠤᠳᠤᠭᠠᠷ ᠵᠦᠢᠯ ᠳᠤᠤᠷ᠎ᠠ ᠵᠢᠭᠰᠠᠭᠠᠭᠰᠠᠨ ᠲᠤᠰ ᠲᠦᠷᠢᠮ ᠤᠨ ᠦᠭᠡᠰ ᠤᠨ ᠠᠭᠤᠯᠭ᠎ᠠ | ᠨᠢ᠄ | ︵ᠨᠢᠭᠡ︶ ᠠᠳᠠᠯ ᠠᠬᠤᠢ ᠪᠣᠯ ᠭᠡᠷ ᠪᠠᠶᠢᠰᠢᠩ ᠵᠢᠴᠢ ᠳᠡᠬᠦᠨ ᠲᠠᠢ ᠢᠵᠢ ᠪᠦᠷᠢᠳᠦᠬᠦᠯᠦᠭᠰᠡᠨ ᠳᠤᠨᠤᠭ | ᠲᠦᠬᠦᠭᠡᠷᠦᠮᠵᠢ ᠪᠠ ᠬᠠᠮᠢᠶ᠎ᠠ ᠪᠦᠬᠦᠢ ᠭᠠᠵᠠᠷ ᠳᠠᠯᠠᠪᠤᠷ ᠵᠡᠷᠭᠡ ᠶᠢ ᠵᠢᠭᠠᠵᠤ ᠪᠤᠢ︔ | ︵ᠬᠤᠶᠠᠷ︶ ᠠᠳᠠᠯ ᠠᠬᠤᠢ ᠶᠢᠨ ᠬᠠᠮᠢᠶᠠᠷᠤᠯᠳᠠ ᠪᠣᠯ ᠦᠮᠴᠢᠳᠡᠨ ᠨᠢ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ ᠢ ᠰᠢᠯᠢᠨ ᠤᠷᠢᠬᠤ ᠪᠠᠷ ᠳᠠᠮᠵᠢᠭᠤᠯᠵᠤ᠂ ᠦᠮᠴᠢᠳᠡᠨ ᠪᠤᠯᠤᠨ ᠠᠳᠠᠯ ᠠᠬᠤᠢ ᠶᠢᠨ ᠦᠢᠯᠡᠴᠢᠯᠡᠭᠡᠨ | ᠤ ᠠᠵᠤ ᠠᠬᠤᠶᠢᠯᠠᠯ ᠠᠴᠠ ᠠᠳᠠᠯ ᠠᠬᠤᠢ ᠶᠢᠨ ᠦᠢᠯᠡᠴᠢᠯᠡᠭᠡᠨ ᠤ ᠬᠡᠷ᠎ᠡ ᠳᠤ ᠳᠤᠭᠳᠠᠭᠰᠠᠨ ᠶᠤᠰᠤᠭᠠᠷ᠂ ᠬᠡᠷ | ᠪᠠᠶᠢᠰᠢᠩ ᠵᠢᠴᠢ ᠢᠵᠢ ᠪᠦᠷᠢᠳᠦᠭᠰᠡᠨ ᠳᠤᠨᠤᠭ ᠲᠦᠬᠦᠭᠡᠷᠦᠮᠵᠢ ᠪᠠ ᠬᠠᠮᠢᠶ᠎ᠠ ᠪᠦᠬᠦᠢ ᠭᠠᠵᠠᠷ ᠳᠠᠯᠠᠪᠤᠷ ᠢ ᠰᠡᠯᠪᠢᠨ | ᠵᠠᠰᠠᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ ᠶᠢ ᠶᠠᠪᠤᠭᠤᠯᠵᠤ᠂ ᠬᠠᠮᠢᠶ᠎ᠠ ᠪᠦᠬᠦᠢ ᠤᠷᠤᠨ ᠳᠤᠭᠤᠷᠢᠭ | ᠳᠤᠳᠤᠷᠠᠬᠢ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠪᠠ ᠤᠯᠠᠨ ᠨᠡᠶᠢᠳᠡ ᠶᠢᠨ ᠡᠮᠬᠢ ᠵᠢᠷᠤᠮ ᠢ ᠬᠠᠮᠠᠭᠠᠯᠠᠬᠤ | ᠠᠵᠢᠯᠯᠠᠭ᠎ᠠ ᠶᠢ ᠵᠢᠭᠠᠵᠤ ᠪᠤᠢ᠃ | ︵ᠭᠤᠷᠪᠠ︶ ᠠᠳᠠᠯ ᠠᠬᠤᠢ ᠶᠢᠨ ᠬᠡᠷᠡᠭᠯᠡᠭᠡᠨ ᠤ ᠬᠦᠮᠦᠨ ᠪᠣᠯ ᠠᠳᠠᠯ ᠠᠬᠤᠢ ᠶᠢ ᠲᠦᠷᠢᠶᠡᠰᠦᠯᠡᠭᠴᠢ ᠪᠠ | ᠠᠳᠠᠯ ᠠᠬᠤᠢ ᠶᠢᠨ ᠪᠤᠳᠠᠳᠠᠢ ᠬᠡᠷᠡᠭᠯᠡᠭᠡᠨ ᠤ ᠪᠤᠰᠤᠳ ᠬᠦᠮᠦᠨ ᠢ ᠵᠢᠭᠠᠵᠤ ᠪᠤᠢ᠃ | ︵ᠲᠦᠷᠪᠡ︶ ᠬᠠᠮᠳᠤ ᠶᠢᠨ ᠬᠡᠷᠡᠭᠯᠡᠭᠡᠨ ᠤ ᠬᠡᠰᠡᠭ ᠪᠣᠯ ᠦᠮᠴᠢᠳᠡᠨ ᠤ ᠬᠠᠮᠳᠤ ᠶᠢᠨ ᠬᠡᠷᠡᠭᠯᠡᠭᠡᠨ ᠤ ᠠᠰᠠᠷ | ᠤᠨ ᠱᠠᠳᠤᠨ ᠭᠡᠷ᠂ ᠴᠠᠬᠢᠯᠭᠠᠨ ᠬᠡᠮᠵᠢᠬᠦᠷ ᠤᠨ ᠬᠡᠷ᠂ ᠴᠠᠬᠢᠯᠭᠠᠨ ᠱᠠᠳᠤᠨ ᠤ ᠭᠡᠷ᠂ ᠳ᠋ᠢᠶᠠᠩᠬᠤᠸᠠ ᠶᠢᠨ ᠤᠳᠠᠰᠤ | ᠰᠠᠯᠭᠠᠬᠤ ᠬᠡᠷ᠂ ᠴᠠᠬᠢᠯᠭᠠᠨ ᠱᠠᠳᠤᠨ ᠤ ᠮᠠᠰᠢᠨ ᠤ ᠭᠡᠷ᠂ ᠭᠤᠳᠤᠮ ᠤᠨ ᠨᠡᠪᠳᠡᠷᠡᠬᠦ ᠵᠠᠮ᠂ ᠤᠷᠤᠴᠠᠨ ᠤ ᠽᠠᠯ | ᠲᠢᠩᠬᠢᠮ᠂ ᠳᠠᠮᠵᠢᠭᠤᠯᠬᠤ ᠬᠡᠷ᠂ ᠳᠤᠳᠤᠷ᠎ᠠ ᠳᠡᠭᠡᠪᠦᠷ ᠤᠨ ᠴᠤᠩᠬᠤ ᠵᠢᠴᠢ ᠬᠡᠷ ᠪᠠᠶᠢᠰᠢᠩ ᠤᠨ ᠳᠠᠭᠠᠭᠠᠴᠠᠳᠤ | ᠪᠦᠲᠦᠴᠡ᠂ ᠭᠠᠳᠠᠨ᠎ᠠ ᠬᠡᠷᠡᠮ ᠳᠠᠯ᠎ᠠ᠂ ᠭᠤᠳᠤᠮ ᠤᠨ ᠬᠡᠷᠡᠮ ᠵᠡᠷᠭᠡ ᠬᠡᠰᠡᠭ ᠢ ᠵᠢᠭᠠᠵᠤ ᠪᠤᠢ︔ | ︵ᠳᠠᠪᠤ︶ ᠬᠠᠮᠳᠤ ᠶᠢᠨ ᠬᠡᠷᠡᠭᠯᠡᠭᠡᠨ ᠤ ᠲᠤᠨᠤᠭ ᠲᠦᠬᠦᠭᠡᠷᠦᠮᠵᠢ ᠪᠣᠯ ᠦᠮᠴᠢᠳᠡᠨ ᠤ ᠬᠠᠮᠳᠤ ᠪᠠᠷ ᠬᠡᠷᠡᠭᠯᠡᠬᠦ | ᠤᠰᠤ ᠨᠡᠮᠡᠬᠦ ᠬᠤᠭᠤᠯᠠᠢ᠂ ᠪᠤᠬᠢᠷ ᠤᠰᠤᠨ ᠤ ᠬᠤᠭᠤᠯᠠᠢ᠂ ᠤᠰᠤᠨ ᠭᠤᠭᠤᠵᠢᠭᠤᠷ᠂ ᠬᠡᠷᠡᠯᠳᠦᠬᠦᠯᠭᠡ ᠳ᠋ᠧᠩ ᠤᠨ | ᠬᠡᠷᠡᠭᠰᠡᠯ᠂ ᠬᠤᠭ ᠨᠤᠪᠰᠢ ᠶᠢᠨ ᠨᠡᠪᠳᠡᠷᠡᠬᠦ ᠵᠠᠮ᠂ ᠠᠨᠲ᠋ᠢᠨ᠎ᠠ᠂ ᠤᠰᠤᠨ ᠤ ᠬᠠᠶᠢᠷᠴᠠᠭ᠂ ᠤᠰᠤᠨ ᠬᠦᠭᠡᠷᠭᠡ᠂ | ᠴᠠᠬᠢᠯᠭᠠᠨ ᠱᠠᠳᠤ᠂ ᠠᠶᠤᠩᠭ᠎ᠠ ᠠᠴᠠ ᠰᠡᠷᠭᠡᠶᠢᠯᠡᠬᠦ ᠲᠦᠬᠦᠭᠡᠷᠦᠮᠵᠢ᠂ ᠭᠠᠯ ᠤᠨᠳᠠᠷᠠᠭᠠᠬᠤ ᠲᠦᠭᠦᠭᠡᠷᠦᠮᠵᠢ ᠵᠢᠴᠢ ᠵᠠᠮ | ᠂ ᠰᠤᠬᠤᠷ ᠬᠤᠳᠳᠤᠭ᠂ ᠪᠠᠭᠠᠰᠤᠨ ᠴᠦᠩᠬᠦᠯ᠂ ᠬᠤᠭ ᠨᠤᠪᠰᠢ᠂ ᠬᠠᠶᠠᠭᠳᠠᠮᠠᠯ ᠪᠤᠳᠠᠰ ᠢ ᠬᠠᠳᠠᠭᠠᠯᠠᠬᠤ | ᠲᠦᠬᠦᠭᠡᠷᠦᠮᠵᠢ᠂ ᠨᠤᠭᠤᠭᠠᠷᠠᠭᠤᠯᠤᠯᠳᠠ ᠶᠢᠨ ᠭᠠᠵᠠᠷ ᠵᠡᠷᠭᠡ ᠶᠢ ᠵᠢᠭᠠᠵᠤ ᠪᠤᠢ︔ | ︵ᠵᠢᠷᠭᠤᠭ᠎ᠠ︶ ᠲᠤᠰᠬᠠᠢ ᠪᠠᠶᠢᠭ᠎ᠠ ᠬᠡᠰᠡᠭ ᠤᠨ ᠳᠠᠯᠠᠪᠠᠢ ᠪᠣᠯ ᠭᠡᠷ ᠪᠠᠶᠢᠰᠢᠩ ᠤᠨ ᠦᠮᠴᠢᠯᠡᠬᠦ ᠡᠷᠭᠡ ᠶᠢᠨ | ᠦᠨᠡᠮᠯᠡᠯ ᠳᠤ ᠳᠡᠮᠳᠡᠭᠯᠡᠭᠰᠡᠨ ᠪᠠᠷᠢᠯᠭ᠎ᠠ ᠶᠢᠨ ᠳᠠᠯᠠᠪᠠᠢ ᠶᠢ ᠵᠢᠭᠠᠵᠤ ᠪᠤᠢ︔ ᠬᠠᠷᠠᠬᠠᠨ ᠳᠡᠮᠳᠡᠭᠯᠡᠬᠡᠳᠦᠢ ᠪᠣᠯ᠂ ᠬᠡᠮᠵᠢᠨ | ᠵᠢᠷᠤᠭᠯᠠᠬᠤ ᠪᠠᠶᠢᠭᠤᠯᠤᠮᠵᠢ ᠶᠢᠨ ᠵᠢᠩᠬᠢᠨᠢ ᠬᠡᠮᠵᠢᠭᠰᠡᠨ ᠳᠠᠯᠠᠪᠠᠢ ᠪᠠᠷ ᠲᠦᠷ ᠪᠤᠳᠤᠨ᠎ᠠ︔ ᠬᠠᠷᠠᠬᠠᠨ ᠵᠢᠩᠬᠢᠨᠢ | ᠬᠡᠮᠵᠢᠭᠡᠳᠦᠢ ᠪᠣᠯ᠂ ᠭᠡᠷ ᠪᠠᠶᠢᠰᠢᠩ ᠤᠨ ᠮᠠᠶᠢᠮᠠᠢ ᠶᠢᠨ ᠬᠡᠷ᠎ᠡ ᠳᠤ ᠳᠡᠮᠳᠡᠭᠯᠡᠭᠰᠡᠨ ᠳᠠᠯᠠᠪᠠᠢ ᠪᠠᠷ ᠲᠦᠷ ᠪᠤᠳᠤᠨ᠎ᠠ᠃ | ᠪᠠᠷᠢᠯᠭ᠎ᠠ ᠶᠢᠨ ᠶᠡᠷᠦᠩᠭᠡᠢ ᠳᠠᠯᠠᠪᠠᠢ ᠪᠣᠯ ᠲᠤᠰᠬᠠᠢ ᠪᠠᠶᠢᠭ᠎ᠠ ᠬᠡᠰᠡᠭ ᠤᠨ ᠳᠠᠯᠠᠪᠠᠢ ᠶᠢᠨ ᠨᠡᠶᠢᠯᠡᠪᠦᠷᠢ ᠶᠢ ᠵᠢᠭᠠᠵᠤ ᠪᠤᠢ᠃ | | ᠲᠦᠴᠢᠨ ᠨᠠᠢᠮᠠᠳᠤᠭᠠᠷ ᠵᠦᠢᠯ ᠲᠤᠰ ᠲᠦᠷᠢᠮ ᠢ 2019 ᠤᠨ ᠤ 3 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠬᠦᠯᠦᠨ᠎ᠡ᠃ | | | |