| | ︵2017 ᠤᠨ ᠤ 12 ᠰᠠᠷ᠎ᠠ ᠶᠢᠨ 29 ᠤ ᠡᠳᠦᠷ ᠤᠯᠠᠭᠠᠨᠴᠠᠪ ᠬᠤᠲᠠ ᠶᠢᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠳᠠᠪᠤᠳᠤᠭᠠᠷ ᠤᠳᠠᠭᠠᠨ ᠤ ᠬᠤᠷᠠᠯᠳᠤᠭᠠᠨ ᠢᠶᠠᠷ ᠪᠠᠲᠤᠯᠠᠪᠠ︶ | ︵2018 ᠤᠨ ᠤ 3 ᠰᠠᠷ᠎ᠠ ᠶᠢᠨ 31 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠢᠶᠠᠷ ᠵᠦᠪᠰᠢᠶᠡᠷᠡᠬᠦᠯᠪᠡ︶ | | ᠨᠢᠭᠡᠳᠦᠭᠡᠷ ᠪᠦᠯᠦᠭ ᠶᠡᠷᠦᠩᠭᠡᠢ ᠲᠦᠷᠢᠮ | | ᠨᠢᠭᠡᠳᠦᠭᠡᠷ ᠵᠦᠢᠯ ᠳᠠᠭ᠎ᠠ ᠶᠢᠨ ᠨᠠᠭᠤᠷ᠂ ᠬᠢᠬᠢᠷᠢ ᠶᠢᠨ ᠨᠠᠭᠤᠷ ︵ᠳᠤᠷᠤᠭᠰᠢ ︽ᠬᠤᠶᠠᠷ ᠨᠠᠭᠤᠷ︾ ᠭᠡᠵᠦ | ᠲᠦᠭᠦᠮᠴᠢᠯᠡᠪᠡ︶ ᠤᠨ ᠬᠠᠮᠠᠭᠠᠯᠠᠯᠳᠠ ᠪᠠ ᠬᠠᠮᠢᠶᠠᠷᠤᠯᠳᠠ ᠶᠢ ᠴᠢᠩᠭᠠᠳᠬᠠᠵᠤ᠂ ᠬᠤᠶᠠᠷ ᠨᠠᠭᠤᠷ ᠤᠨ ᠳᠠᠯᠠᠪᠠᠢ ᠶᠢᠨ | ᠬᠠᠰᠤᠭᠳᠠᠯ ᠪᠠ ᠤᠰᠤᠨ ᠴᠤᠭᠴᠠ ᠶᠢᠨ ᠪᠤᠬᠢᠷᠳᠤᠯ ᠢ ᠰᠡᠷᠭᠡᠶᠢᠯᠡᠵᠦ᠂ ᠬᠤᠶᠠᠷ ᠨᠠᠭᠤᠷ ᠤᠨ ᠠᠮᠢ ᠠᠬᠤᠢ ᠶᠢᠨ | ᠤᠷᠴᠢᠨ ᠲᠤᠭᠤᠷᠢᠨ ᠢ ᠬᠠᠮᠠᠭᠠᠯᠠᠬᠤ ᠪᠠ ᠰᠠᠶᠢᠵᠢᠷᠠᠭᠤᠯᠬᠤ ᠶᠢᠨ ᠲᠤᠰᠠᠳᠠ᠂ ︽ᠪᠦᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ︾ ︽ᠪᠦᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠰᠤᠨ ᠤ ᠬᠠᠤᠯᠢ︾ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ | ᠪᠤᠬᠢᠷᠳᠤᠯ ᠤᠨ ᠰᠡᠷᠭᠡᠶᠢᠯᠡᠨ ᠵᠠᠰᠠᠯᠳᠠ ᠶᠢᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠲᠤᠭᠳᠠᠭᠠᠯ ᠤᠳ ᠢ ᠦᠨᠳᠦᠰᠦᠯᠡᠵᠦ᠂ ᠤᠯᠠᠭᠠᠨᠴᠠᠪ ᠬᠤᠲᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠲᠤᠰ | ᠲᠦᠷᠢᠮ ᠢ ᠲᠤᠭᠳᠠᠭᠠᠪᠠ᠃ | ᠬᠤᠶᠠᠳᠤᠭᠠᠷ ᠵᠦᠢᠯ ᠬᠤᠶᠠᠷ ᠨᠠᠭᠤᠷ ᠤᠨ ᠬᠡᠪᠴᠢᠶᠡᠨ ᠳᠤ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ | ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠠ ᠴᠠᠬᠠᠷ ᠪᠠᠷᠠᠭᠤᠨ ᠭᠠᠷᠤᠨ ᠡᠮᠦᠨᠡᠳᠦ | ᠬᠤᠰᠢᠭᠤᠨ ᠤ ᠬᠢᠬᠢᠷᠢ ᠶᠢᠨ ᠨᠠᠭᠤᠷ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ︵ | ᠲᠤᠷᠤᠭᠰᠢ ︽ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ︾ ᠭᠡᠵᠦ ᠲᠦᠬᠦᠮᠴᠢᠯᠡᠪᠡ︶ ᠵᠢᠴᠢ | ᠰᠠᠪᠠ ᠭᠠᠵᠠᠷ ᠪᠠᠭᠳᠠᠨ᠎ᠠ᠃ | ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠨᠢ ᠦᠪᠡᠷᠳᠡᠭᠡᠨ ᠵᠠᠰᠠᠬᠤ ᠤᠷᠤᠨ ᠤ ᠳᠡᠰ | ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤ ᠪᠠᠭᠳᠠᠵᠤ᠂ ᠲᠡᠬᠦᠨ ᠤ ᠳᠠᠯᠠᠪᠠᠢ᠂ ᠵᠠᠭᠠᠭ ᠱᠤᠭᠤᠮ ᠢ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯ ᠶᠤᠰᠤᠭᠠᠷ | ᠪᠠᠷᠢᠮᠵᠢᠶ᠎ᠡ ᠪᠤᠯᠭᠠᠨ᠎ᠠ᠃ ᠬᠤᠶᠠᠷ ᠨᠠᠭᠤᠷ ᠤᠨ ᠰᠠᠪᠠ ᠭᠠᠵᠠᠷ ᠭᠡᠳᠡᠭ ᠨᠢ ᠳᠠᠭ᠎ᠠ ᠶᠢᠨ ᠨᠠᠭᠤᠷ᠂ ᠬᠢᠬᠢᠷᠢ ᠶᠢᠨ ᠨᠠᠭᠤᠷ | ᠤᠨ ᠲᠤᠰ ᠲᠤᠰ ᠲᠤ ᠪᠠᠨ ᠪᠢᠳᠡᠭᠦᠮᠵᠢᠯᠡᠭᠰᠡᠨ ᠰᠠᠪᠠ ᠭᠠᠵᠠᠷ ᠤᠨ ᠵᠠᠭᠠᠭ ᠱᠤᠭᠤᠮ ᠤᠨ ᠳᠤᠳᠤᠷᠠᠬᠢ ᠬᠤᠷᠠᠭᠰᠠᠨ | ᠤᠰᠤᠨ ᠤ ᠤᠷᠤᠨ ᠢ ᠵᠢᠭᠠᠵᠤ ᠪᠤᠢ᠃ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠵᠠᠰᠠᠭ ᠵᠠᠬᠢᠷᠭᠠᠨ ᠤ | ᠬᠤᠪᠢᠶᠠᠷᠢᠯᠡᠯ ᠨᠢ ᠯᠢᠶᠠᠩᠴᠧᠩ ᠰᠢᠶᠠᠨ᠂ ᠹᠧᠩᠵᠧᠨ ᠬᠤᠲᠠ ᠪᠠ ᠵᠦᠸᠧᠽᠢ ᠰᠢᠶᠠᠨ ᠳᠤ ᠬᠤᠯᠪᠤᠭᠳᠠᠵᠤ᠂ | ᠶᠡᠷᠦᠩᠭᠡᠢ ᠳᠠᠯᠠᠪᠠᠢ ᠨᠢ 2312.75 ᠳᠡᠭᠰᠢ ᠲᠦᠷᠪᠡᠯᠵᠢᠨ ᠺᠢᠯᠤᠮᠧᠲᠷ᠃ ᠬᠢᠬᠢᠷᠢ ᠶᠢᠨ ᠨᠠᠭᠤᠷ ᠤᠨ ᠵᠠᠰᠠᠭ | ᠵᠠᠬᠢᠷᠭᠠᠨ ᠤ ᠬᠤᠪᠢᠶᠠᠷᠢᠯᠠᠯ ᠨᠢ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤ᠂ ᠵᠢᠨᠢᠩ ᠲᠤᠭᠤᠷᠢᠭ᠂ ᠹᠧᠩᠵᠧᠨ | ᠬᠤᠲᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ᠂ | ᠵᠦᠸᠧᠽᠢ ᠰᠢᠶᠠᠨ ᠪᠠ ᠰᠢᠩ ᠾᠧ ᠰᠢᠶᠠᠨ ᠳᠤ ᠬᠤᠯᠪᠤᠭᠳᠠᠵᠤ᠂ ᠶᠡᠷᠦᠩᠭᠡᠢ ᠳᠠᠯᠠᠪᠠᠢ ᠨᠢ 4511.20 ᠳᠡᠭᠰᠢ | ᠲᠦᠷᠪᠡᠯᠵᠢᠨ ᠺᠢᠯᠤᠮᠧᠲᠷ᠃ | ᠭᠤᠷᠪᠠᠳᠤᠭᠠᠷ ᠵᠦᠢᠯ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠠᠳᠠᠨ᠎ᠠ | ᠲᠦᠯᠦᠪᠵᠢᠬᠦᠯᠭᠡ᠂ ᠬᠠᠮᠠᠭᠠᠯᠠᠯᠳᠠ᠂ ᠵᠠᠰᠠᠯᠳᠠ᠂ ᠬᠡᠷᠡᠭᠯᠡᠯᠳᠡ ᠪᠠ ᠬᠢᠨᠠᠯᠳᠠ ᠬᠠᠮᠢᠶᠠᠷᠤᠯᠳᠠ ᠵᠡᠷᠭᠡ ᠠᠵᠢᠯᠯᠠᠭ᠎ᠠ ᠳᠤ | ᠪᠠᠨ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠢ | ᠵᠢᠷᠤᠮᠯᠠᠬᠤ ᠬᠡᠷᠡᠭᠳᠡᠢ᠃ | ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠠᠳᠠᠨ᠎ᠠ ᠰᠠᠪᠠ ᠭᠠᠵᠠᠷ ᠲᠤ ᠡᠮᠦᠨᠡᠬᠢ | ᠵᠦᠢᠯ ᠤᠨ ᠠᠵᠢᠯᠯᠠᠭ᠎ᠠ ᠬᠢᠬᠦ ᠳᠡᠭᠡᠨ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠬᠠᠤᠯᠢ | ᠴᠠᠭᠠᠵᠠ᠂ ᠬᠠᠤᠯᠢ ᠲᠤᠭᠳᠠᠭᠠᠯ ᠢ ᠵᠢᠷᠤᠮᠯᠠᠬᠤ ᠠᠴᠠ ᠪᠤᠰᠤᠳ᠂ ᠮᠥᠨ ᠲᠤᠰ ᠲᠦᠷᠢᠮ ᠤᠨ ᠳᠤᠭᠳᠠᠭᠠᠯ ᠶᠤᠰᠤᠭᠠᠷ | ᠶᠠᠪᠤᠭᠤᠯᠬᠤ ᠬᠡᠷᠡᠭᠳᠡᠢ᠃ | ᠲᠦᠷᠪᠡᠳᠦᠭᠡᠷ ᠵᠦᠢᠯ ᠬᠤᠶᠠᠷ ᠨᠠᠭᠤᠷ ᠤᠨ ᠬᠠᠮᠠᠭᠠᠯᠠᠯᠳᠠ ᠳᠤ ᠪᠠᠨ᠂ ᠬᠠᠮᠠᠭᠠᠯᠠᠯᠳᠠ ᠶᠢ ᠤᠷᠢᠳ ᠢᠶᠠᠷ | ᠪᠠᠶᠢᠯᠭᠠᠬᠤ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠬᠦ᠂ ᠶᠡᠷᠦᠩᠭᠡᠶᠢᠯᠡᠨ ᠵᠠᠰᠠᠬᠤ᠂ ᠬᠠᠤᠯᠢ ᠶᠤᠰᠤᠭᠠᠷ | ᠬᠠᠮᠢᠶᠠᠷᠬᠤ ᠪᠠ ᠡᠬᠦᠷᠢᠳᠡ ᠦᠷᠬᠦᠯᠵᠢᠯᠡᠨ ᠬᠦᠭᠵᠢᠬᠦᠯᠬᠦ ᠵᠠᠷᠴᠢᠮ ᠢ ᠵᠢᠷᠤᠮᠯᠠᠬᠤ ᠬᠡᠷᠡᠭᠳᠡᠢ᠃ | ᠳᠠᠪᠤᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠤᠷᠳᠤᠨ ᠳᠤ ᠬᠠᠷᠢᠶᠠᠯᠠᠭᠳᠠᠬᠤ ᠬᠤᠶᠠᠷ | ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠬᠤᠶᠠᠷ ᠨᠠᠭᠤᠷ ᠤᠨ ᠬᠠᠮᠠᠭᠠᠯᠠᠯᠳᠠ ᠪᠠ | ᠬᠠᠮᠢᠶᠠᠷᠤᠯᠳᠠ ᠶᠢᠨ ᠪᠤᠳᠠᠳᠠᠢ ᠠᠵᠢᠯ ᠢ ᠬᠠᠷᠢᠭᠤᠴᠠᠨ᠎ᠠ᠂ ᠲᠤᠤᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠤᠳ | ᠢ ᠬᠦᠢᠴᠡᠳᠭᠡᠨ᠎ᠡ᠄ | ︵ᠨᠢᠭᠡ︶ ᠤᠯᠤᠰ᠂ ᠦᠪᠡᠷᠳᠡᠭᠡᠨ ᠵᠠᠰᠠᠬᠤ ᠤᠷᠤᠨ ᠪᠠ ᠲᠤᠰ ᠬᠤᠲᠠ ᠶᠢᠨ ᠬᠠᠮᠢᠶ᠎ᠠ ᠪᠦᠬᠦᠢ ᠬᠠᠤᠯᠢ | ᠴᠠᠭᠠᠵᠠ᠂ ᠬᠠᠤᠯᠢ ᠲᠤᠭᠳᠠᠭᠠᠯ᠂ ᠳᠦᠷᠢᠮ ᠲᠤᠭᠳᠠᠭᠠᠯ ᠵᠢᠴᠢ ᠴᠢᠭᠯᠡᠯᠳᠡ᠂ ᠲᠦᠷᠦ ᠶᠢᠨ ᠪᠤᠳᠤᠯᠭ᠎ᠠ ᠶᠢ | ᠲᠤᠤᠱᠯᠠᠭᠤᠯᠤᠨ ᠬᠡᠷᠡᠭᠵᠢᠬᠦᠯᠦᠨ᠎ᠡ᠃ | ︵ᠬᠤᠶᠠᠷ︶ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠪᠠ ᠲᠤᠰᠬᠠᠢ | ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ᠂ ᠵᠠᠰᠠᠪᠤᠷᠢ ᠤᠷᠤᠭᠤᠯᠬᠤ ᠪᠠ ᠬᠡᠷᠡᠭᠵᠢᠬᠦᠯᠬᠦ ᠠᠵᠢᠯ ᠢ ᠵᠤᠬᠢᠶᠠᠨ | ᠪᠠᠶᠢᠭᠤᠯᠵᠤ᠂ ᠬᠤᠶᠠᠷ ᠨᠠᠭᠤᠷ ᠤᠨ ᠬᠠᠮᠠᠭᠠᠯᠠᠯᠳᠠ ᠬᠠᠮᠢᠶᠠᠷᠤᠯᠳᠠ ᠶᠢᠨ ᠲᠦᠷᠢᠮ ᠢ ᠲᠤᠭᠳᠠᠭᠠᠬᠤ ᠪᠠ | ᠬᠡᠷᠡᠭᠵᠢᠬᠦᠯᠦᠨ᠎ᠡ︔ | ︵ᠭᠤᠷᠪᠠ︶ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ | ᠪᠠᠶᠢᠭᠤᠯᠤᠮᠵᠢ ᠶᠢᠨ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠢᠨᠠᠨ ᠬᠠᠮᠢᠶᠠᠷᠤᠯᠳᠠ ᠶᠢᠨ | ᠠᠵᠢᠯ ᠢ ᠰᠠᠶᠢᠳᠤᠷ ᠬᠢᠬᠦ ᠶᠢ ᠨᠢ ᠵᠢᠭᠠᠨ ᠵᠢᠯᠤᠭᠤᠳᠴᠤ ᠵᠤᠬᠢᠴᠠᠭᠤᠯᠤᠨ᠎ᠠ︔ ᠬᠤᠲᠠ ᠵᠢᠴᠢ ᠬᠤᠶᠠᠷ ᠨᠠᠭᠤᠷ ᠤᠨ | ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠬᠠᠷᠢᠶᠠᠯᠠᠭᠳᠠᠬᠤ ᠤᠰᠤᠨ | ᠠᠰᠢᠭᠯᠠᠯᠳᠠ᠂ ᠤᠷᠴᠢᠨ ᠲᠤᠭᠤᠷᠢᠨ ᠤ ᠬᠠᠮᠠᠭᠠᠯᠠᠯᠳᠠ ᠪᠠ ᠤᠯᠤᠰ ᠤᠨ ᠭᠠᠵᠠᠷ ᠰᠢᠷᠤᠢ ᠡᠬᠢ ᠪᠠᠶᠠᠯᠢᠭ ᠵᠡᠷᠭᠡ | ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠤᠶᠠᠷ ᠨᠠᠭᠤᠷ ᠤᠨ | ᠰᠠᠪᠠ ᠭᠠᠵᠠᠷ ᠤᠨ ᠬᠢᠨᠠᠨ ᠬᠠᠮᠢᠶᠠᠷᠤᠯᠳᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠠᠵᠢᠯ ᠢ | ᠰᠠᠶᠢᠳᠤᠷ ᠬᠢᠬᠦ ᠶᠢ ᠨᠢ ᠵᠤᠬᠢᠴᠠᠭᠤᠯᠤᠨ᠎ᠠ︔ ︵ᠲᠦᠷᠪᠡ︶ ᠬᠤᠶᠠᠷ ᠨᠠᠭᠤᠷ ᠤᠨ ᠰᠠᠪᠠ ᠭᠠᠵᠠᠷ ᠤᠨ ᠤᠰᠤᠨ | ᠴᠤᠭᠴᠠ᠂ ᠨᠤᠭᠤ ᠭᠠᠵᠠᠷ᠂ ᠪᠡᠯᠴᠢᠭᠡᠷ ᠤᠨ ᠳᠠᠯᠠᠪᠠᠢ ᠶᠢᠨ ᠪᠠᠶᠢᠳᠠᠯ ᠵᠡᠷᠭᠡ ᠳᠤ ᠨᠡᠶᠢᠳᠡᠮ ᠪᠠᠶᠢᠴᠠᠭᠠᠯᠳᠠ ᠬᠢᠬᠦ ᠪᠠ | ᠮᠡᠳᠡᠭᠡ ᠵᠠᠩᠬᠢ ᠨᠡᠶᠢᠳᠡᠯᠡᠨ᠎ᠡ︔ | ︵ᠳᠠᠪᠤ︶ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ | ᠬᠠᠮᠳᠤᠷᠠᠵᠤ ᠤᠰᠤᠨ ᠤ ᠤᠷᠴᠢᠨ ᠲᠤᠭᠤᠷᠢᠨ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠢ ᠶᠢᠨ ᠶᠠᠰᠤ | ᠴᠢᠨᠠᠷ ᠲᠤ ᠬᠢᠨᠠᠨ ᠬᠡᠮᠵᠢᠯᠳᠡ ᠬᠢᠵᠦ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠰᠡᠨ | ᠤ ᠳᠠᠷᠠᠭ᠎ᠠ᠂ ᠬᠢᠨᠠᠨ ᠬᠡᠮᠵᠢᠯᠳᠡ ᠶᠢᠨ ᠦᠷ᠎ᠡ ᠳ᠋ᠦᠩ ᠵᠡᠷᠭᠡ ᠮᠡᠳᠡᠭᠡ ᠵᠠᠩᠬᠢ ᠶᠢ ᠴᠠᠭ ᠲᠤᠬᠠᠢ ᠳᠤ ᠨᠢ ᠨᠡᠶᠢᠭᠡᠮ ᠳᠤ | ᠨᠡᠶᠢᠳᠡᠯᠡᠨ᠎ᠡ︔ | ︵ᠵᠢᠷᠭᠤᠭ᠎ᠠ︶ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ | ᠬᠠᠮᠳᠤᠷᠠᠵᠤ ᠤᠰᠤᠨ ᠤ ᠪᠤᠬᠢᠷᠳᠤᠯ ᠳᠤ ᠬᠢᠨᠠᠨ ᠪᠠᠶᠢᠴᠠᠭᠠᠯᠳᠠ ᠪᠠ ᠶᠡᠷᠦᠩᠭᠡᠢ ᠵᠠᠰᠠᠯᠳᠠ ᠬᠢᠨ᠎ᠡ︔ | ︵ᠲᠤᠯᠤᠭ᠎ᠠ︶ ᠤᠰᠤᠨ ᠤ ᠪᠤᠬᠢᠷᠳᠤᠯ ᠤᠨ ᠡᠬᠢ ᠶᠢᠨ ᠬᠢᠨᠠᠨ ᠪᠠᠶᠢᠴᠠᠭᠠᠯᠳᠠ᠂ ᠴᠡᠭ ᠤᠨ ᠡᠬᠢ᠂ ᠳᠠᠯᠠᠪᠠᠢ | ᠶᠢᠨ ᠡᠬᠢ ᠶᠢᠨ ᠪᠤᠬᠢᠷᠳᠤᠯ ᠤᠨ ᠰᠡᠷᠭᠡᠶᠢᠯᠡᠨ ᠵᠠᠰᠠᠯᠳᠠ︔ | ︵ᠨᠠᠢᠮᠠ︶ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠵᠤ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ ᠰᠢᠭᠤᠢ ︵ᠡᠪᠡᠰᠦᠨ︶ ᠶᠢᠨ ᠪᠠᠷᠢᠯᠭ᠎ᠠ ᠶᠢ ᠪᠦᠲᠦᠭᠡᠨ ᠪᠠᠶᠢᠭᠤᠯᠤᠨ᠎ᠠ︔ | ︵ᠶᠢᠰᠦ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠲᠤᠰᠢᠶᠠᠯ | ᠬᠠᠷᠢᠭᠤᠴᠠᠯᠭ᠎ᠠ︔ | ᠵᠢᠷᠭᠤᠳᠤᠭᠠᠷ ᠵᠦᠢᠯ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ | ᠶᠢᠨ ᠪᠠᠶᠢᠭᠤᠯᠤᠮᠵᠢ ᠨᠢ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠲᠠᠢ | ᠬᠠᠮᠵᠢᠯᠴᠠᠵᠤ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠢᠨᠠᠨ ᠬᠠᠮᠢᠶᠠᠷᠤᠯᠳᠠ ᠶᠢᠨ | ᠲᠤᠰᠢᠶᠠᠯ ᠬᠠᠷᠢᠭᠤᠴᠠᠯᠭ᠎ᠠ ᠶᠢ ᠬᠠᠤᠯᠢ ᠶᠤᠰᠤᠭᠠᠷ ᠬᠦᠢᠴᠡᠳᠭᠡᠬᠦ ᠬᠡᠷᠡᠭᠳᠡᠢ᠃ | ᠳᠤᠯᠤᠳᠤᠭᠠᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠬᠠᠷᠢᠶᠠᠯᠠᠭᠳᠠᠬᠤ ᠬᠦᠭᠵᠢᠬᠦᠯᠦᠯᠳᠡ ᠪᠠ ᠦᠭᠡᠷᠡᠴᠢᠯᠡᠯᠳᠡ᠂ ᠡᠳ᠋ | ᠤᠨ ᠵᠠᠰᠠᠭ᠂ ᠤᠷᠴᠢᠨ ᠲᠤᠭᠤᠷᠢᠨ ᠤ ᠬᠠᠮᠠᠭᠠᠯᠠᠯᠳᠠ᠂ ᠤᠰᠤᠨ ᠠᠰᠢᠭᠯᠠᠯᠳᠠ᠂ ᠵᠠᠮ ᠳᠡᠭᠡᠭᠡᠪᠦᠷᠢ᠂ | ᠲᠦᠯᠦᠪᠵᠢᠬᠦᠯᠭᠡ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ᠂ | ᠵᠤᠭᠠᠴᠠᠯ ᠵᠡᠷᠭᠡ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠦᠪᠡᠷᠰᠡᠳ ᠤᠨ ᠲᠤᠰᠢᠶᠠᠯ | ᠬᠠᠷᠢᠭᠤᠴᠠᠯᠭ᠎ᠠ ᠶᠤᠰᠤᠭᠠᠷ᠂ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠲᠠᠢ | ᠬᠠᠮᠳᠤᠷᠠᠵᠤ ᠬᠤᠶᠠᠷ ᠨᠠᠭᠤᠷ ᠤᠨ ᠬᠠᠮᠠᠭᠠᠯᠠᠯᠳᠠ ᠪᠠ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃ | ᠨᠠᠢᠮᠠᠳᠤᠭᠠᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ | ᠬᠤᠶᠠᠷ ᠱᠠᠲᠤᠨ ᠤ ᠠᠷᠠᠳ ᠤᠨ ᠵᠠᠰᠠᠭ ᠤᠨ ᠤᠷᠳᠤᠨ ᠬᠤᠶᠠᠷ ᠨᠠᠭᠤᠷ ᠤᠨ ᠬᠠᠮᠠᠭᠠᠯᠠᠯᠳᠠ ᠶᠢ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠭᠡ ᠳᠤ ᠤᠷᠤᠭᠤᠯᠵᠤ᠂ ᠬᠤᠶᠠᠷ ᠨᠠᠭᠤᠷ ᠤᠨ | ᠬᠠᠮᠠᠭᠠᠯᠠᠯᠳᠠ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠤᠷᠤᠭᠤᠯᠬᠤ ᠬᠡᠷᠡᠭᠳᠡᠢ᠃ | ᠬᠤᠶᠠᠷ ᠨᠠᠭᠤᠷ ᠤᠨ ᠰᠠᠪᠠ ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠶᠠᠷ ᠨᠠᠭᠤᠷ ᠤᠨ ᠬᠠᠮᠠᠭᠠᠯᠠᠯᠳᠠ ᠶᠢᠨ ᠪᠤᠳᠠᠳᠠᠢ ᠱᠠᠭᠠᠷᠳᠠᠯᠭ᠎ᠠ ᠶᠢ | ᠦᠨᠳᠦᠰᠦᠯᠡᠵᠦ᠂ ᠬᠠᠮᠢᠶ᠎ᠠ ᠪᠦᠬᠦᠢ ᠠᠵᠢᠯ ᠢ ᠰᠠᠶᠢᠳᠤᠷ ᠬᠢᠬᠦ ᠬᠡᠷᠡᠭᠳᠡᠢ᠃ | ᠬᠤᠶᠠᠷ ᠨᠠᠭᠤᠷ ᠤᠨ ᠰᠠᠪᠠ ᠭᠠᠵᠠᠷ ᠤᠨ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠬᠤᠶᠠᠷ ᠨᠠᠭᠤᠷ ᠤᠨ | ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠲᠠᠢ ᠬᠠᠮᠵᠢᠯᠴᠠᠵᠤ ᠨᠠᠭᠤᠷ ᠴᠦᠬᠦᠷᠦᠮ ᠤᠨ | ᠬᠠᠮᠠᠭᠠᠯᠠᠯᠳᠠ ᠶᠢᠨ ᠠᠵᠢᠯ ᠢ ᠬᠢᠵᠤ᠂ ᠲᠤᠰᠬᠤᠨ ᠤ ᠠᠷᠠᠳ ᠤᠨ ᠬᠤᠶᠠᠷ ᠨᠠᠭᠤᠷ ᠤᠨ ᠬᠠᠮᠠᠭᠠᠯᠠᠯᠳᠠ ᠶᠢᠨ ᠡᠬᠦᠷᠭᠡ | ᠶᠢ ᠬᠠᠤᠯᠢ ᠶᠤᠰᠤᠭᠠᠷ ᠬᠦᠢᠴᠡᠳᠭᠡᠬᠦ ᠶᠢ ᠨᠢ ᠰᠢᠮᠳᠠᠭᠤᠯᠬᠤ᠂ ᠬᠦᠳᠦᠯᠬᠦ ᠬᠡᠷᠡᠭᠳᠡᠢ᠃ | ᠶᠢᠰᠦᠳᠦᠭᠡᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠵᠠᠰᠠᠭ ᠤᠨ ᠤᠷᠳᠤᠨ ᠬᠤᠶᠠᠷ ᠨᠠᠭᠤᠷ ᠤᠨ ᠬᠠᠮᠠᠭᠠᠯᠠᠯᠳᠠ ᠶᠢᠨ ᠢᠯᠡᠴᠢᠯᠡᠯ ᠪᠠ ᠱᠠᠩᠨᠠᠯ ᠤᠨ | ᠲᠦᠷᠢᠮ ᠢ ᠪᠠᠶᠢᠭᠤᠯᠬᠤ ᠬᠡᠷᠡᠭᠳᠡᠢ᠃ | | ᠬᠤᠶᠠᠳᠤᠭᠠᠷ ᠪᠦᠯᠦᠭ ᠲᠦᠯᠦᠪᠵᠢᠬᠦᠯᠭᠡ ᠪᠠ ᠬᠠᠮᠠᠭᠠᠯᠠᠯᠳᠠ | | ᠠᠷᠪᠠᠳᠤᠭᠠᠷ ᠵᠦᠢᠯ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ | ᠠᠴᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠬᠤᠶᠠᠷ | ᠨᠠᠭᠤᠷ ᠤᠨ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ | ᠲᠠᠢ ᠬᠠᠮᠳᠤᠷᠠᠵᠤ᠂ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ | ᠵᠤᠬᠢᠶᠠᠬᠤ ᠶᠢ ᠬᠠᠷᠢᠭᠤᠴᠠᠨ᠎ᠠ᠃ ᠶᠡᠷᠦᠩᠭᠡᠢ ᠲᠦᠯᠦᠪᠵᠢᠬᠦᠯᠭᠡ ᠶᠢ ᠤᠰᠤᠨ ᠤ ᠪᠤᠬᠢᠷᠳᠤᠯ ᠤᠨ ᠰᠡᠷᠭᠡᠶᠢᠯᠡᠨ ᠵᠠᠰᠠᠯᠳᠠ | ᠶᠢᠨ ᠲᠦᠯᠦᠪᠵᠢᠬᠦᠯᠭᠡ᠂ ᠤᠰᠤᠨ ᠤ ᠡᠬᠢ ᠪᠠᠶᠠᠯᠢᠭ ᠤᠨ ᠶᠡᠷᠦᠩᠭᠡᠢ ᠠᠰᠢᠭᠯᠠᠯᠳᠠ ᠶᠢᠨ ᠲᠦᠯᠦᠪᠵᠢᠬᠦᠯᠬᠡ᠂ | ᠬᠦᠷᠦᠰᠦ ᠰᠢᠷᠤᠢ ᠶᠢᠨ ᠬᠠᠮᠠᠭᠠᠯᠠᠯᠳᠠ ᠶᠢᠨ ᠲᠦᠯᠦᠪᠵᠢᠬᠦᠯᠭᠡ᠂ ᠠᠮᠢ ᠠᠬᠤᠢ ᠪᠠᠷ ᠠᠷᠢᠭᠤᠨ ᠴᠡᠪᠡᠷ ᠵᠢᠵᠢᠭ ᠰᠠᠪᠠ | ᠭᠠᠵᠠᠷ ᠤᠨ ᠲᠦᠯᠦᠪᠵᠢᠬᠦᠯᠭᠡ᠂ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ | ᠲᠦᠯᠦᠪᠵᠢᠬᠦᠯᠭᠡ᠂ ᠭᠠᠵᠠᠷ ᠰᠢᠷᠤᠢ ᠶᠢᠨ ᠠᠰᠢᠭᠯᠠᠯᠳᠠ ᠶᠢᠨ ᠶᠡᠷᠦᠩᠭᠡᠢ ᠲᠦᠯᠦᠪᠵᠢᠬᠦᠯᠭᠡ᠂ ᠦᠶᠡᠷ ᠤᠨ | ᠰᠡᠷᠭᠡᠶᠢᠯᠡᠯᠳᠡ ᠶᠢᠨ ᠲᠦᠯᠦᠪᠵᠢᠬᠦᠯᠭᠡ᠂ ᠤᠰᠤᠨ ᠤ ᠴᠢᠳᠠᠮᠵᠢ ᠶᠢᠨ ᠬᠤᠪᠢᠶᠠᠷᠢᠯᠠᠯ᠂ ᠨᠤᠭᠤᠭᠠᠷᠠᠭᠤᠯᠤᠯᠳᠠ ᠶᠢᠨ | ᠰᠢᠰᠲ᠋ᠧᠮ ᠤᠨ ᠲᠦᠯᠦᠪᠵᠢᠬᠦᠯᠬᠡ ᠵᠢᠴᠢ ᠤᠰᠤ ᠨᠦᠬᠦᠪᠦᠷᠢᠯᠡᠯᠳᠡ ᠶᠢᠨ ᠲᠦᠯᠦᠪᠵᠢᠬᠦᠯᠭᠡ ᠵᠡᠷᠭᠡ ᠶᠢ ᠬᠠᠷᠢᠯᠴᠠᠨ | ᠵᠤᠯᠭᠠᠯᠳᠤᠭᠤᠯᠬᠤ ᠬᠡᠷᠡᠭᠳᠡᠢ᠃ | ᠠᠷᠪᠠᠨ ᠨᠢᠭᠡᠳᠦᠭᠡᠷ ᠵᠦᠢᠯ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠳᠤ | ᠨᠤᠭᠤ ᠭᠠᠵᠠᠷ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠵᠡᠷᠭᠡ ᠰᠡᠷᠭᠡᠭ ᠤᠷᠤᠨ ᠤ ᠤᠰᠤᠨ ᠤ ᠠᠮᠢ ᠠᠬᠤᠢ | ᠶᠢᠨ ᠬᠠᠮᠠᠭᠠᠯᠠᠯᠳᠠ ᠶᠢᠨ ᠬᠠᠷᠠᠯᠳᠠᠳᠤ ᠡᠬᠦᠷᠭᠡ᠂ ᠪᠠᠲᠤᠯᠠᠬᠤ ᠠᠷᠭ᠎ᠠ ᠪᠠᠷᠢᠯ᠂ ᠨᠡᠭᠡᠭᠡᠨ ᠠᠰᠢᠭᠯᠠᠵᠤ ᠪᠦᠲᠦᠭᠡᠨ | ᠪᠠᠶᠢᠭᠤᠯᠬᠤ ᠶᠢ ᠴᠠᠭᠠᠵᠠᠯᠠᠭᠰᠠᠨ ᠤᠷᠤᠨ᠂ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠶᠢ ᠬᠢᠵᠠᠭᠠᠷᠯᠠᠭᠰᠠᠨ | ᠤᠷᠤᠨ ᠵᠢᠴᠢ ᠬᠠᠮᠠᠭᠠᠯᠠᠯᠳᠠ᠂ ᠠᠰᠢᠭᠯᠠᠯᠳᠠ᠂ ᠰᠡᠯᠪᠢᠨ ᠵᠠᠰᠠᠯᠳᠠ ᠶᠢᠨ ᠠᠷᠭ᠎ᠠ ᠮᠠᠶ᠋ᠢᠭ ᠵᠡᠷᠭᠡ ᠠᠭᠤᠯᠭ᠎ᠠ ᠤᠳ ᠢ | ᠳᠤᠳᠤᠷᠬᠠᠶᠢᠯᠠᠬᠤ ᠬᠡᠷᠡᠭᠳᠡᠢ᠃ | ᠠᠷᠪᠠᠨ ᠬᠤᠶᠠᠳᠤᠭᠠᠷ ᠵᠦᠢᠯ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ | ᠶᠢ ᠨᠠᠶᠢᠷᠠᠭᠤᠯᠤᠨ ᠵᠤᠬᠢᠶᠠᠬᠤ ᠳᠤ ᠪᠠᠨ᠂ ᠨᠤᠳᠠᠯᠠᠯᠳᠠ ᠶᠢᠨ ᠬᠤᠷᠠᠯ᠂ ᠬᠡᠷᠡᠴᠢᠯᠡᠭᠡ ᠰᠤᠨᠤᠰᠬᠤ ᠬᠤᠷᠠᠯ ᠵᠡᠷᠭᠡ ᠠᠷᠭ᠎ᠠ | ᠮᠠᠶ᠋ᠢᠭ ᠢᠶᠠᠷ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠲᠤᠰᠬᠠᠢ ᠮᠡᠷᠭᠡᠵᠢᠯᠳᠡᠨ ᠪᠠ ᠤᠯᠠᠨ ᠨᠡᠶᠢᠳᠡ ᠶᠢᠨ ᠰᠠᠨᠠᠯ ᠢ | ᠦᠷᠭᠡᠨ ᠳᠡᠯᠭᠡᠷ ᠬᠤᠷᠢᠶᠠᠬᠤ ᠬᠡᠷᠡᠭᠳᠡᠢ᠃ | ᠶᠡᠷᠦᠩᠭᠡᠢ ᠲᠦᠯᠦᠪᠵᠢᠬᠦᠯᠭᠡ ᠶᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠢᠶᠠᠷ | ᠪᠠᠲᠤᠯᠠᠭᠤᠯᠬᠤ ᠪᠦᠭᠡᠳ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠮᠡᠳᠡᠬᠦᠯᠦᠨ ᠭᠤᠶᠤᠴᠢᠯᠠᠵᠤ ᠬᠢᠨᠠᠨ ᠵᠦᠪᠰᠢᠶᠡᠷᠡᠬᠦᠯᠦᠭᠰᠡᠨ ᠤ ᠳᠠᠷᠠᠭ᠎ᠠ᠂ ᠬᠠᠮᠢᠶ᠎ᠠ ᠪᠦᠬᠦᠢ ᠶᠠᠪᠤᠴᠠ | ᠶᠤᠰᠤᠭᠠᠷ ᠮᠡᠳᠡᠬᠦᠯᠦᠨ ᠵᠦᠪᠰᠢᠶᠡᠷᠡᠬᠦᠯᠵᠦ᠂ ᠵᠦᠪᠰᠢᠶᠡᠷᠡᠬᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠳᠡᠯᠡᠬᠦ ᠬᠡᠷᠡᠭᠳᠡᠢ᠃ | | | ᠠᠷᠪᠠᠨ ᠭᠤᠷᠪᠠᠳᠤᠭᠠᠷ ᠵᠦᠢᠯ ᠵᠦᠪᠰᠢᠶᠡᠷᠡᠬᠦᠯᠦᠭᠰᠡᠨ ᠬᠤᠶᠠᠷ ᠨᠠᠭᠤᠷ ᠤᠨ ᠬᠠᠮᠠᠭᠠᠯᠠᠯᠳᠠ ᠶᠢᠨ | ᠶᠡᠷᠦᠩᠭᠡᠢ ᠲᠦᠯᠦᠪᠵᠢᠬᠦᠯᠭᠡ ᠶᠢ ᠴᠢᠩᠭ᠎ᠠ ᠬᠡᠷᠡᠭᠵᠢᠬᠦᠯᠬᠦ ᠠᠴᠠ ᠪᠢᠰᠢ᠂ ᠶᠠᠮᠠᠷᠪᠠ ᠨᠢᠭᠡᠴᠡ ᠪᠤᠶᠤ ᠬᠤᠪᠢ ᠬᠦᠮᠦᠨ | ᠲᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠭᠡᠢ︔ ᠦᠨᠡᠭᠡᠷ ᠬᠤᠪᠢᠷᠠᠭᠤᠯᠬᠤ ᠴᠢᠬᠤᠯᠠ ᠲᠠᠢ ᠪᠣᠯ᠂ ᠤᠤᠯ ᠤᠨ | ᠵᠦᠪᠰᠢᠶᠡᠷᠡᠬᠦᠯᠬᠦ ᠶᠠᠪᠤᠴᠠ ᠪᠠᠷ ᠮᠡᠳᠡᠬᠦᠯᠦᠨ ᠵᠦᠪᠰᠢᠶᠡᠷᠡᠬᠦᠯᠬᠦ ᠬᠡᠷᠡᠭᠳᠡᠢ᠃ | ᠠᠷᠪᠠᠨ ᠲᠦᠷᠪᠡᠳᠦᠭᠡᠷ ᠵᠦᠢᠯ ᠬᠤᠶᠠᠷ ᠨᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ | ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ | ᠵᠠᠰᠠᠭ ᠤᠨ ᠤᠷᠳᠤᠨ ᠤ ᠤᠰᠤᠨ ᠠᠰᠢᠭᠯᠠᠯᠳᠠ᠂ ᠤᠷᠴᠢᠨ ᠲᠤᠭᠤᠷᠢᠨ ᠤ ᠬᠠᠮᠠᠭᠠᠯᠠᠯᠳᠠ᠂ ᠤᠢ ᠰᠢᠭᠤᠢ᠂ | ᠲᠠᠷᠢᠶᠠᠯᠠᠩ ᠮᠠᠯ ᠠᠵᠤ ᠠᠬᠤᠢ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠵᠡᠷᠭᠡ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠵᠤ ᠬᠤᠶᠠᠷ ᠨᠠᠭᠤᠷ ᠤᠨ ᠰᠠᠪᠠ ᠭᠠᠵᠠᠷ ᠤᠨ ᠠᠮᠢ ᠠᠬᠤᠢ | ᠶᠢᠨ ᠤᠷᠴᠢᠨ ᠲᠤᠭᠤᠷᠢᠨ ᠤ ᠪᠠᠶᠢᠴᠠᠭᠠᠯᠳᠠ ᠬᠢᠵᠦ᠂ ᠰᠡᠯᠪᠢᠨ ᠵᠠᠰᠠᠬᠤ ᠲᠦᠰᠦᠯ ᠲᠤᠭᠳᠠᠭᠠᠵᠤ᠂ ᠲᠤᠰ ᠱᠠᠲᠤᠨ ᠤ | ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ ᠵᠦᠪᠰᠢᠶᠡᠷᠡᠬᠦᠯᠦᠭᠰᠡᠨ ᠤ ᠳᠠᠷᠠᠭ᠎ᠠ ᠬᠡᠷᠡᠭᠵᠢᠬᠦᠯᠬᠦ ᠬᠡᠷᠡᠭᠳᠡᠢ᠃ | ᠠᠷᠪᠠᠨ ᠳᠠᠪᠤᠳᠤᠭᠠᠷ ᠵᠦᠢᠯ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ | ᠪᠠᠶᠢᠭᠤᠯᠤᠮᠵᠢ ᠨᠢ ᠬᠤᠶᠠᠷ ᠨᠠᠭᠤᠷ ᠤᠨ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ | ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠵᠤ᠂ ᠬᠤᠲᠠ ᠶᠢᠨ ᠠᠷᠠᠳ ᠤᠨ | ᠵᠠᠰᠠᠭ ᠤᠨ ᠤᠷᠳᠤᠨ ᠤ ᠵᠤᠬᠢᠶᠠᠨ ᠪᠠᠶᠢᠭᠤᠯᠤᠯᠳᠠ ᠪᠠᠷ ᠰᠠᠪᠠ ᠭᠠᠵᠠᠷ ᠤᠨ ᠠᠮᠢ ᠠᠬᠤᠢ ᠶᠢᠨ ᠤᠰᠤ | ᠨᠦᠬᠦᠪᠦᠷᠢᠯᠡᠯᠳᠡ ᠶᠢᠨ ᠵᠤᠬᠢᠴᠠᠭᠤᠯᠬᠤ ᠳᠤᠭᠳᠠᠴᠠ ᠶᠢ ᠪᠠᠶᠢᠭᠤᠯᠵᠤ᠂ ᠰᠠᠪᠠ ᠭᠠᠵᠠᠷ ᠤᠨ ᠠᠮᠢ ᠠᠬᠤᠢ ᠶᠢᠨ ᠤᠰᠤ | ᠬᠡᠷᠡᠭᠯᠡᠬᠦ ᠬᠡᠷᠡᠭᠴᠡᠭᠡ ᠶᠢ ᠪᠠᠲᠤᠯᠠᠬᠤ ᠬᠡᠷᠡᠭᠳᠡᠢ᠃ | ᠠᠷᠪᠠᠨ ᠵᠢᠷᠭᠤᠳᠤᠭᠠᠷ ᠵᠦᠢᠯ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ | ᠪᠠᠶᠢᠭᠤᠯᠤᠮᠵᠢ ᠨᠢ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ | ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠦᠴᠢᠷ ᠲᠠᠢ ᠬᠠᠮᠳᠤᠷᠠᠵᠤ᠂ ᠨᠠᠭᠤᠷ ᠴᠦᠬᠦᠷᠦᠮ ᠤᠨ ᠤᠰᠤᠨ ᠤ ᠴᠢᠨᠠᠷ ᠤᠨ ᠪᠠᠶᠢᠳᠠᠯ ᠤᠨ ᠬᠢᠨᠠᠨ ᠬᠡᠮᠵᠢᠯᠳᠡ ᠶᠢ | ᠴᠢᠩᠭᠠᠳᠬᠠᠵᠤ᠂ ᠬᠢᠨᠠᠨ ᠬᠡᠮᠵᠢᠭᠰᠡᠨ ᠦᠷ᠎ᠡ ᠳ᠋ᠦᠩ ᠢᠶᠠᠨ ᠴᠠᠭ ᠲᠤᠬᠠᠢ ᠳᠤ ᠨᠢ ᠲᠤᠰ ᠭᠠᠵᠠᠷ ᠤᠨ ᠠᠷᠠᠳ ᠤᠨ | ᠵᠠᠰᠠᠭ ᠤᠨ ᠤᠷᠳᠤᠨ ᠳᠤ ᠮᠡᠳᠡᠬᠦᠯᠵᠦ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤ ᠨᠢ ᠰᠠᠶᠢᠵᠢᠷᠠᠭᠤᠯᠬᠤ | ᠬᠡᠷᠡᠭᠳᠡᠢ᠃ | ᠠᠷᠪᠠᠨ ᠳᠤᠯᠤᠳᠤᠭᠠᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠪᠠᠶᠢᠭ᠎ᠠ ᠭᠠᠵᠠᠷ ᠤᠨ | ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ᠂ ᠨᠠᠭᠤᠷ ᠲᠤ ᠤᠷᠤᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠳᠠ ᠶᠢ ᠴᠢᠩᠭᠠᠳᠬᠠᠵᠤ᠂ ᠠᠶᠤᠯ ᠠᠴᠠ ᠵᠠᠪᠳᠤᠨ ᠠᠪᠤᠷᠠᠬᠤ᠂ ᠭᠠᠮᠰᠢᠭ ᠠᠴᠠ ᠠᠪᠤᠷᠠᠬᠤ | ᠂ ᠰᠠᠭᠤᠭᠠᠯᠢ ᠠᠷᠠᠳ ᠤᠨ ᠪᠠᠴᠢᠮ ᠪᠠᠶᠢᠳᠠᠯ ᠢ ᠠᠷᠭᠠᠴᠠᠬᠤ ᠳᠤ ᠤᠰᠤ ᠬᠠᠩᠭᠠᠬᠤ ᠠᠴᠠ ᠭᠠᠳᠠᠨ᠎ᠠ᠂ ᠬᠤᠶᠠᠷ ᠨᠠᠭᠤᠷ | ᠤᠨ ᠰᠠᠪᠠ ᠭᠠᠵᠠᠷ ᠲᠤ ᠨᠠᠭᠤᠷ ᠲᠤ ᠤᠷᠤᠬᠤ ᠤᠰᠤᠨ ᠤ ᠡᠬᠢ ᠰᠤᠷᠪᠤᠯᠵᠢ ᠶᠢ ᠳᠠᠰᠤᠯᠬᠤ ᠪᠤᠶᠤ ᠲᠤᠷ᠎ᠠ ᠪᠠᠷ ᠢᠶᠠᠨ | ᠤᠰᠤ ᠠᠪᠬᠤ ᠶᠢ ᠴᠠᠭᠠᠵᠠᠯᠠᠬᠤ ᠬᠡᠷᠡᠭᠳᠡᠢ᠃ | ᠠᠷᠪᠠᠨ ᠨᠠᠢᠮᠠᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠴᠠᠬᠢᠯᠭᠠᠨ ᠦᠩᠭᠡᠯᠡᠯᠳᠡ᠂ ᠬᠢᠮᠢ | ᠶᠢᠨ ᠠᠵᠤ ᠦᠢᠯᠡᠳᠪᠦᠷᠢ᠂ ᠡᠮ ᠤᠨ ᠦᠢᠯᠡᠳᠭᠡᠯ᠂ ᠠᠷᠠᠰᠤ ᠰᠢᠷᠢ ᠵᠡᠷᠭᠡ ᠠᠽᠤᠲ᠂ ᠹᠤᠰᠹᠤᠷ᠂ ᠬᠦᠨᠳᠦ ᠳᠡᠮᠦᠷᠯᠢᠭ | ᠵᠡᠷᠭᠡ ᠶᠢ ᠠᠭᠤᠯᠤᠭᠰᠠᠨ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠠᠵᠤ ᠠᠬᠤᠶᠢᠯᠠᠯ ᠵᠢᠴᠢ ᠦᠨᠳᠦᠷ ᠬᠤᠷᠤᠭᠳᠠᠯᠳᠤ | ᠤᠰᠤ᠂ ᠦᠨᠳᠦᠷ ᠪᠤᠬᠢᠷᠳᠤᠯ ᠤᠨ ᠲᠦᠷᠦᠯ ᠵᠦᠢᠯ ᠤᠳ ᠢ ᠰᠢᠨ᠎ᠡ ᠪᠠᠷ ᠪᠠᠶᠢᠭᠤᠯᠬᠤ ᠶᠢ ᠴᠠᠭᠠᠵᠠᠯᠠᠨ᠎ᠠ᠃ ᠤᠯᠤᠰ | ᠤᠨ ᠤᠷᠴᠢᠨ ᠲᠤᠭᠤᠷᠢᠨ ᠤ ᠶᠠᠰᠤ ᠴᠢᠨᠠᠷ ᠤᠨ ᠪᠠᠷᠢᠮᠵᠢᠶᠠᠵᠢᠯ ᠳᠤ ᠬᠦᠷᠦᠭᠡᠳᠦᠢ ᠨᠢᠭᠡᠨᠳᠡ ᠪᠠᠶᠢᠭ᠎ᠠ ᠠᠵᠤ | ᠠᠬᠤᠶᠢᠯᠠᠯ ᠳᠤ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ | ᠵᠠᠰᠠᠭ ᠤᠨ ᠤᠷᠳᠤᠨ ᠲᠡᠬᠦᠨ ᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠦᠭᠡᠷ᠎ᠡ | ᠪᠦᠳᠦᠭᠡᠭᠳᠡᠬᠦᠨ ᠦᠢᠯᠡᠳᠬᠦ ᠪᠤᠶᠤ ᠡᠬᠦᠳᠡ ᠬᠠᠭᠠᠬᠤ ᠶᠢ ᠨᠢ ᠬᠠᠤᠯᠢ ᠶᠤᠰᠤᠭᠠᠷ ᠵᠠᠷᠯᠢᠭᠳᠠᠨ᠎ᠠ᠃ | ᠠᠷᠪᠠ ᠶᠢᠰᠦᠳᠦᠭᠡᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠳᠠ ᠬᠢᠵᠦ᠂ ᠲᠠᠷᠢᠶᠠᠯᠠᠩ ᠤᠨ ᠤᠰᠤᠯᠠᠯᠳᠠ ᠶᠢᠨ ᠤᠰᠤᠨ ᠤ ᠡᠬᠢ ᠰᠤᠷᠪᠤᠯᠵᠢ᠂ ᠤᠰᠤᠯᠠᠬᠤ ᠶᠢ | ᠳᠠᠳᠠᠷᠠᠭᠤᠯᠬᠤ ᠪᠠᠷᠢᠯᠭ᠎ᠠ ᠶᠢᠨ ᠲᠦᠬᠦᠭᠡᠷᠦᠮᠵᠢ ᠶᠢ ᠡᠵᠡᠯᠡᠬᠦ ᠪᠤᠶᠤ ᠤᠤᠯ ᠤᠨ ᠤᠰᠤᠯᠠᠯᠳᠠ ᠶᠢᠨ ᠬᠡᠷᠡᠭᠯᠡᠭᠡᠨ ᠤ | ᠤᠰᠤ᠂ ᠬᠠᠩᠭᠠᠯᠳᠠ ᠶᠢᠨ ᠤᠰᠤᠨ ᠤ ᠡᠬᠢ ᠰᠤᠷᠪᠤᠯᠵᠢ ᠳᠤ ᠠᠰᠢᠭ ᠦᠭᠡᠢ ᠨᠦᠯᠦᠭᠡ ᠲᠠᠢ ᠪᠤᠯᠤᠭᠰᠠᠨ ᠪᠣᠯ᠂ | ᠪᠦᠲᠦᠭᠡᠨ ᠪᠠᠶᠢᠭᠤᠯᠤᠯᠳᠠ ᠶᠢᠨ ᠨᠢᠭᠡᠴᠡ ᠵᠤᠬᠢᠴᠠᠩᠭᠤᠢ ᠨᠦᠬᠦᠵᠦ ᠵᠠᠰᠠᠬᠤ ᠠᠷᠭ᠎ᠠ ᠪᠠᠷᠢᠯ ᠠᠪᠬᠤ ᠬᠡᠷᠡᠭᠳᠡᠢ︔ | ᠬᠤᠬᠢᠷᠠᠯ ᠤᠴᠠᠷᠠᠭᠤᠯᠤᠭᠰᠠᠨ ᠪᠣᠯ᠂ ᠬᠠᠤᠯᠢ ᠶᠤᠰᠤᠭᠠᠷ ᠨᠦᠬᠦᠵᠦ ᠲᠦᠯᠦᠭᠦ ᠬᠡᠷᠡᠭᠳᠡᠢ᠃ | ᠬᠤᠷᠢᠳᠤᠭᠠᠷ ᠵᠦᠢᠯ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ | ᠬᠤᠶᠠᠷ ᠨᠠᠭᠤᠷ ᠤᠨ ᠰᠠᠪᠠ ᠭᠠᠵᠠᠷ ᠲᠤ ᠮᠠᠯᠳᠠᠬᠤ ᠶᠢ ᠴᠠᠭᠠᠵᠠᠯᠠᠭᠰᠠᠨ ᠲᠤᠭᠤᠷᠢᠭ ᠢ ᠬᠡᠰᠡᠭᠯᠡᠨ ᠲᠤᠭᠳᠠᠭᠠᠵᠤ᠂ | ᠬᠤᠲᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠭᠰᠡᠨ ᠤ ᠳᠠᠷᠠᠭ᠎ᠠ ᠬᠡᠷᠡᠭᠵᠢᠬᠦᠯᠵᠦ᠂ ᠮᠠᠯᠳᠠᠬᠤ | ᠶᠢ ᠴᠠᠭᠠᠵᠠᠯᠠᠭᠰᠠᠨ ᠲᠤᠭᠤᠷᠢᠭ ᠲᠤ ᠬᠠᠶᠢᠷ ᠴᠢᠯᠠᠭᠤ ᠮᠠᠯᠳᠠᠬᠤ᠂ ᠰᠢᠷᠤᠢ ᠠᠪᠬᠤ ᠶᠢ ᠴᠠᠭᠠᠵᠠᠯᠠᠬᠤ ᠬᠡᠷᠡᠭᠳᠡᠢ᠃ | ᠬᠤᠷᠢᠨ ᠨᠢᠭᠡᠳᠦᠭᠡᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠵᠠᠰᠠᠭ ᠤᠨ ᠤᠷᠳᠤᠨ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠬᠠᠮᠤᠭ ᠤᠨ | ᠴᠢᠩᠭ᠎ᠠ ᠲᠦᠷᠢᠮ ᠢ ᠬᠡᠷᠡᠭᠵᠢᠬᠦᠯᠵᠦ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠦᠲᠦᠭᠡᠨ ᠪᠠᠶᠢᠭᠤᠯᠤᠯᠳᠠ | ᠬᠢᠵᠦ ᠪᠠᠶᠢᠭᠤᠯᠤᠯᠳᠠ ᠬᠢᠵᠦ᠂ ᠲᠠᠷᠢᠶᠠᠯᠠᠩ ᠤᠨ ᠤᠰᠤ ᠠᠷᠪᠢᠯᠠᠯᠳᠠ᠂ ᠠᠵᠤ ᠦᠢᠯᠡᠳᠪᠦᠷᠢ ᠶᠢᠨ ᠤᠰᠤ ᠬᠡᠷᠡᠭᠯᠡᠯᠳᠡ | ᠬᠠᠯᠠᠬᠤ ᠠᠷᠭ᠎ᠠ ᠪᠠᠷᠢᠯ ᠢ ᠬᠡᠷᠡᠭᠵᠢᠬᠦᠯᠵᠦ᠂ ᠰᠢᠨ᠎ᠡ ᠤᠰᠤ ᠶᠢ ᠠᠪᠴᠤ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠰᠠᠪᠠ | ᠭᠠᠵᠠᠷ ᠤᠨ ᠤᠰᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠬᠦᠯᠬᠦ ᠬᠡᠷᠡᠭᠳᠡᠢ᠃ | ᠲᠠᠷᠢᠶᠠᠯᠠᠩ ᠳᠤ ᠤᠰᠤ ᠬᠡᠷᠡᠭᠯᠡᠬᠦ ᠳᠤ ᠪᠠᠨ ᠤᠰᠤ ᠠᠷᠪᠢᠯᠠᠬᠤ ᠤᠰᠤᠯᠠᠯᠳᠠ ᠶᠢᠨ ᠠᠷᠭ᠎ᠠ ᠮᠠᠶ᠋ᠢᠭ ᠪᠠ ᠤᠰᠤ | ᠠᠷᠪᠢᠯᠠᠬᠤ ᠮᠡᠷᠭᠡᠵᠢᠯ ᠢ ᠳᠡᠯᠭᠡᠷᠡᠬᠦᠯᠵᠦ᠂ ᠲᠠᠷᠢᠶᠠᠯᠠᠩ ᠤᠨ ᠤᠰᠤ ᠬᠠᠳᠠᠭᠠᠯᠠᠬᠤ᠂ ᠤᠰᠤ ᠳᠠᠮᠵᠢᠭᠤᠯᠬᠤ ᠪᠠᠷᠢᠯᠭ᠎ᠠ | ᠳᠤ ᠨᠡᠪᠴᠢᠬᠦ ᠭᠤᠭᠤᠵᠢᠬᠤ ᠶᠢ ᠰᠡᠷᠭᠡᠶᠢᠯᠡᠬᠦ ᠴᠢᠬᠤᠯᠠ ᠪᠦᠬᠦᠢ ᠠᠷᠭ᠎ᠠ ᠪᠠᠷᠢᠯ ᠠᠪᠴᠤ᠂ ᠲᠠᠷᠢᠶᠠᠯᠠᠩ ᠳᠤ ᠤᠰᠤ | ᠬᠡᠷᠡᠭᠯᠡᠬᠦ ᠦᠷ᠎ᠡ ᠠᠰᠢᠭ ᠢ ᠳᠡᠭᠡᠭᠰᠢᠯᠡᠬᠦᠯᠵᠦ᠂ ᠤᠰᠤᠯᠠᠬᠤ ᠪᠠᠨ ᠪᠤᠯᠢᠵᠤ ᠤᠰᠤ ᠠᠷᠪᠢᠳᠤᠭᠤᠯᠬᠤ᠂ ᠲᠠᠷᠢᠶᠠᠯᠠᠬᠤ | ᠪᠠᠨ ᠪᠤᠯᠢᠵᠤ ᠨᠤᠭᠤ ᠭᠠᠵᠠᠷ ︵ᠤᠢ᠂ ᠡᠪᠡᠰᠦ︶ ᠪᠤᠯᠭᠠᠬᠤ ᠶᠢ ᠠᠭᠠᠵᠢᠮ ᠢᠶᠠᠷ ᠶᠠᠪᠤᠭᠳᠠᠭᠤᠯᠵᠤ᠂ ᠤᠰᠤᠨ ᠤ ᠡᠬᠢ | ᠰᠤᠷᠪᠤᠯᠵᠢ ᠶᠢᠨ ᠬᠤᠷᠤᠭᠳᠠᠯ ᠤᠨ ᠬᠡᠮᠵᠢᠶ᠎ᠡ ᠶᠢ ᠪᠠᠭᠠᠰᠬᠠᠬᠤ ᠬᠡᠷᠡᠭᠳᠡᠢ᠃ | ᠠᠵᠤ ᠦᠢᠯᠡᠳᠪᠦᠷᠢ ᠳᠤ ᠤᠰᠤ ᠬᠡᠷᠡᠭᠯᠡᠬᠦ ᠳᠤ ᠪᠠᠨ ᠲᠡᠷᠢᠬᠦᠨ ᠤ ᠮᠡᠷᠭᠡᠵᠢᠯ᠂ ᠤᠷᠠᠨ ᠳᠠᠷᠬ᠎ᠠ ᠪᠠ | ᠲᠦᠬᠦᠭᠡᠷᠦᠮᠵᠢ ᠶᠢ ᠬᠡᠷᠡᠭᠯᠡᠵᠦ᠂ ᠤᠷᠴᠢᠯ ᠲᠠᠢ ᠪᠠᠷ ᠤᠰᠤ ᠬᠡᠷᠡᠭᠯᠡᠬᠦ ᠤᠳᠠᠭ᠎ᠠ ᠲᠤᠭ᠎ᠠ ᠶᠢ ᠨᠡᠮᠡᠭᠳᠡᠬᠦᠯᠵᠦ᠂ ᠤᠰᠤᠨ | ᠤ ᠳᠠᠬᠢᠨ ᠳᠠᠪᠳᠠᠨ ᠠᠰᠢᠭᠯᠠᠬᠤ ᠨᠤᠷᠮ᠎ᠠ ᠶᠢ ᠳᠡᠭᠡᠭᠰᠢᠯᠡᠬᠦᠯᠵᠦ᠂ ᠬᠤᠴᠤᠷᠤᠩᠭᠤᠢ᠂ ᠤᠰᠤᠨ ᠤ ᠬᠤᠷᠤᠭᠳᠠᠯ ᠤᠨ | ᠬᠡᠮᠵᠢᠶ᠎ᠡ ᠪᠠᠷ ᠶᠡᠭᠡ ᠤᠷᠠᠨ ᠳᠠᠷᠬ᠎ᠠ᠂ ᠲᠦᠬᠦᠭᠡᠷᠦᠮᠵᠢ ᠪᠠ ᠪᠦᠲᠦᠭᠡᠭᠳᠡᠬᠦᠨ ᠢ ᠠᠭᠠᠵᠢᠮ ᠢᠶᠠᠷ ᠰᠢᠭᠰᠢᠭᠳᠡᠬᠦᠯᠬᠦ | ᠬᠡᠷᠡᠭᠳᠡᠢ᠃ | ᠬᠤᠲᠠ ᠶᠢᠨ ᠠᠮᠢᠳᠤᠷᠠᠯ ᠳᠤ ᠤᠰᠤ ᠬᠡᠷᠡᠭᠯᠡᠬᠦ ᠳᠤ ᠪᠠᠨ ᠲᠤᠬᠠᠢ ᠶᠢᠨ ᠭᠠᠵᠠᠷ ᠤᠨ ᠪᠠᠶᠢᠳᠠᠯ ᠳᠤ ᠨᠢ | ᠲᠤᠬᠢᠷᠠᠭᠤᠯᠤᠨ ᠪᠦᠲᠦᠮᠵᠢᠳᠠᠢ ᠠᠷᠭ᠎ᠠ ᠪᠠᠷᠢᠯ ᠠᠪᠴᠤ᠂ ᠤᠰᠤ ᠠᠷᠪᠢᠯᠠᠬᠤ ᠮᠠᠶ᠋ᠢᠭ ᠤᠨ ᠠᠮᠢᠳᠤᠷᠠᠯ ᠤᠨ ᠤᠰᠤ | ᠬᠡᠷᠡᠭᠯᠡᠬᠦ ᠪᠠᠭᠠᠵᠢ ᠬᠡᠷᠡᠭᠰᠡᠯ ᠢ ᠳᠡᠯᠭᠡᠷᠡᠭᠦᠯᠵᠦ᠂ ᠬᠤᠲᠠ ᠶᠢᠨ ᠤᠰᠤ ᠬᠠᠩᠭᠠᠬᠤ ᠬᠤᠭᠤᠯᠠᠢ ᠶᠢᠨ ᠲᠤᠤᠷ ᠤᠨ | ᠭᠤᠭᠤᠵᠢᠬᠤ ᠨᠤᠷᠮ᠎ᠠ ᠶᠢ ᠳᠤᠷᠤᠭᠰᠢᠯᠠᠭᠤᠯᠵᠤ᠂ ᠠᠮᠢᠳᠤᠷᠠᠯ ᠤᠨ ᠤᠰᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠬᠦᠯᠵᠦ | ᠂ ᠬᠤᠲᠠ ᠶᠢᠨ ᠪᠤᠵᠠᠷ ᠤᠰᠤ ᠶᠢ ᠲᠦᠪᠯᠡᠷᠡᠬᠦᠯᠦᠨ ᠰᠢᠢᠳᠪᠦᠷᠢᠯᠡᠬᠦ ᠶᠢ ᠴᠢᠩᠭᠠᠳᠬᠠᠵᠤ᠂ ᠳᠠᠬᠢᠯᠳᠠ ᠤᠰᠤ ᠬᠡᠷᠡᠭᠯᠡᠬᠦ | ᠶᠢ ᠵᠤᠷᠢᠭᠵᠢᠭᠤᠯᠵᠤ᠂ ᠪᠤᠵᠠᠷ ᠤᠰᠤ ᠶᠢ ᠳᠠᠬᠢᠯᠳᠠ ᠲᠠᠢ ᠠᠰᠢᠭᠯᠠᠬᠤ ᠨᠤᠷᠮ᠎ᠠ ᠶᠢ ᠳᠡᠭᠡᠭᠰᠢᠯᠡᠬᠦᠯᠬᠦ ᠬᠡᠷᠡᠭᠳᠡᠢ᠃ | ᠬᠤᠷᠢᠨ ᠬᠤᠶᠠᠳᠤᠭᠠᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ | ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠬᠤᠲᠠ ᠬᠦᠳᠡᠭᠡ ᠶᠢᠨ ᠬᠤᠭ ᠨᠤᠪᠰᠢ ᠴᠤᠭᠯᠠᠭᠤᠯᠬᠤ᠂ | ᠵᠦᠭᠡᠭᠡᠪᠦᠷᠢᠯᠡᠬᠦ᠂ ᠰᠢᠢᠳᠪᠦᠷᠢᠯᠡᠬᠦ ᠲᠦᠬᠦᠭᠡᠷᠦᠮᠵᠢ ᠶᠢ ᠨᠢᠭᠡᠳᠦᠯᠳᠡᠢ ᠲᠦᠯᠦᠪᠯᠡᠨ ᠲᠤᠬᠢᠷᠠᠭᠤᠯᠤᠨ ᠪᠦᠲᠦᠭᠡᠨ | ᠪᠠᠶᠢᠭᠤᠯᠵᠤ᠂ ᠭᠠᠴᠠᠭ᠎ᠠ ᠲᠤᠰᠬᠤᠨ ᠳᠤ ᠬᠤᠭ ᠨᠤᠪᠰᠢ ᠴᠤᠭᠯᠠᠭᠤᠯᠬᠤ ᠴᠢᠭ᠋ ᠭᠠᠷᠭᠠᠵᠤ᠂ ᠬᠢᠮᠢ ᠶᠢᠨ ᠪᠤᠷᠳᠤᠭᠤᠷ᠂ | ᠲᠠᠷᠢᠶᠠᠨ ᠡᠮ᠂ ᠡᠪᠡᠰᠦ ᠠᠷᠢᠯᠭᠠᠬᠤ ᠡᠳ᠋ ᠵᠡᠷᠭᠡ ᠶᠢ ᠪᠠᠭᠯᠠᠬᠤ ᠪᠤᠳᠠᠰ ᠢ ᠢᠯᠭᠠᠪᠤᠷᠢᠯᠠᠨ ᠰᠢᠢᠳᠪᠦᠷᠢᠯᠡᠵᠦ᠂ ᠬᠤᠭ | ᠨᠤᠪᠰᠢ ᠶᠢᠨ ᠰᠢᠢᠳᠪᠦᠷᠢᠯᠡᠯᠳᠡ ᠶᠢᠨ ᠬᠡᠮᠵᠢᠭᠳᠡᠯ ᠬᠠᠰᠤᠭᠳᠠᠭᠤᠯᠤᠯᠳᠠ᠂ ᠬᠤᠤᠷ ᠦᠭᠡᠶᠢᠳᠦᠬᠦᠯᠦᠯᠳᠡ ᠪᠠ ᠡᠬᠢ | ᠪᠠᠶᠠᠯᠢᠭᠵᠢᠭᠤᠯᠤᠯᠳᠠ ᠶᠢᠨ ᠬᠢᠷᠢ ᠲᠦᠪᠰᠢᠨ ᠢ ᠳᠡᠭᠡᠭᠰᠢᠯᠡᠬᠦᠯᠬᠦ ᠬᠡᠷᠡᠭᠳᠡᠢ᠃ | ᠬᠤᠷᠢᠨ ᠭᠤᠷᠪᠠᠳᠤᠭᠠᠷ ᠵᠦᠢᠯ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ | ᠪᠠᠶᠢᠭᠤᠯᠤᠮᠵᠢ ᠰᠠᠪᠠ ᠭᠠᠵᠠᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠴᠢᠳᠠᠮᠵᠢ ᠶᠢᠨ ᠬᠡᠷᠡᠭᠴᠡᠭᠡ ᠶᠢ | ᠦᠨᠳᠦᠰᠦᠯᠡᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠭᠤᠤᠯ ᠤᠷᠤᠰᠬᠠᠯ᠂ ᠨᠠᠭᠤᠷ | ᠴᠦᠬᠦᠷᠦᠮ᠂ ᠨᠤᠭᠤ ᠭᠠᠵᠠᠷ ᠤᠨ ᠬᠠᠮᠠᠭᠠᠯᠠᠯᠳᠠ ᠪᠠ ᠰᠡᠯᠪᠢᠨ ᠵᠠᠰᠠᠯᠳᠠ ᠬᠢᠵᠦ᠂ ᠲᠤᠬᠠᠢ ᠶᠢᠨ ᠭᠠᠵᠠᠷ ᠤᠨ ᠪᠠᠶᠢᠳᠠᠯ | ᠳᠤ ᠨᠢ ᠲᠤᠬᠢᠷᠠᠭᠤᠯᠤᠨ ᠬᠢᠮᠡᠯ ᠨᠤᠭᠤ ᠭᠠᠵᠠᠷ᠂ ᠤᠰᠤᠨ ᠤ ᠡᠬᠢ ᠰᠤᠷᠪᠤᠯᠵᠢ ᠶᠢᠨ ᠪᠠᠭᠳᠠᠭᠠᠮᠵᠢ ᠶᠢᠨ ᠤᠢ᠂ ᠭᠤᠤᠯ | ᠳᠠᠭᠠᠤ ᠨᠠᠭᠤᠷ ᠳᠠᠭᠠᠤ ᠶᠢᠨ ᠤᠷᠭᠤᠮᠠᠯ ᠤᠨ ᠬᠤᠴᠢᠯᠳᠠ ᠶᠢᠨ ᠨᠠᠮᠬᠠᠳᠬᠠᠬᠤ ᠪᠦᠰᠡ ᠪᠠ ᠲᠤᠰᠠᠭᠠᠷᠯᠠᠬᠤ ᠪᠦᠰᠡ | ᠵᠡᠷᠭᠡ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠪᠠ ᠬᠠᠮᠠᠭᠠᠯᠠᠯᠳᠠ ᠶᠢᠨ ᠪᠠᠷᠢᠯᠭ᠎ᠠ ᠶᠢ ᠪᠦᠲᠦᠭᠡᠨ | ᠪᠠᠶᠢᠭᠤᠯᠵᠤ᠂ ᠬᠠᠷ᠎ᠠ ᠦᠮᠡᠭᠡᠢ ᠤᠰᠤᠨ ᠴᠤᠭᠴᠠ ᠶᠢ ᠴᠡᠭᠴᠡᠯᠡᠨ ᠵᠠᠰᠠᠵᠤ᠂ ᠰᠠᠪᠠ ᠭᠠᠵᠠᠷ ᠤᠨ ᠤᠷᠴᠢᠨ | ᠲᠤᠭᠤᠷᠢᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠳᠡᠢ᠃ | ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠵᠢᠴᠢ ᠬᠤᠶᠠᠷ ᠨᠠᠭᠤᠷ | ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠰᠢᠨᠵᠢᠯᠡᠬᠦ ᠤᠬᠠᠭᠠᠨᠴᠢ | ᠵᠤᠬᠢᠰᠳᠠᠢ ᠠᠷᠭ᠎ᠠ ᠪᠠᠷᠢᠯ ᠠᠪᠴᠤ᠂ ᠬᠤᠭᠤᠴᠠᠭ᠎ᠠ ᠲᠤᠭᠳᠠᠭᠠᠵᠤ ᠨᠠᠭᠤᠷ ᠴᠦᠬᠦᠷᠦᠮ ᠨᠠᠭᠤᠷ ᠲᠤ ᠤᠷᠤᠬᠤ ᠭᠤᠤᠯ | ᠤᠨ ᠵᠠᠮ ᠤᠨ ᠬᠤᠷᠠᠮᠠᠭ ᠴᠡᠪᠡᠷᠯᠡᠬᠦ ᠶᠢ ᠵᠤᠬᠢᠶᠠᠨ ᠪᠠᠶᠢᠭᠤᠯᠵᠤ᠂ ᠲᠦᠷ ᠴᠠᠭ ᠭᠠᠵᠠᠷ ᠰᠢᠷᠤᠢ ᠡᠵᠡᠯᠡᠵᠦ ᠬᠡᠷᠡᠭᠯᠡᠬᠦ | ᠴᠢᠬᠤᠯᠠ ᠲᠠᠢ ᠪᠣᠯ᠂ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠠᠴᠠ | ᠲᠤᠬᠢᠷᠠᠭᠤᠯᠬᠤ ᠬᠡᠷᠡᠭᠳᠡᠢ᠃ | ᠬᠤᠷᠢᠨ ᠲᠦᠷᠪᠡᠳᠦᠭᠡᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠶᠡᠭᠡ ᠬᠤᠤᠷ ᠲᠠᠢ᠂ ᠶᠡᠭᠡ | ᠦᠯᠡᠳᠡᠭᠳᠡᠯ ᠲᠠᠢ ᠳᠠᠷᠢᠶᠠᠨ ᠡᠮ ᠬᠡᠷᠡᠭᠯᠡᠬᠦ ᠶᠢ ᠴᠠᠭᠠᠵᠠᠯᠠᠵᠤ᠂ ᠤᠷᠭᠠᠨᠢᠭ ᠪᠤᠷᠳᠤᠭᠤᠷ ᠪᠠ ᠦᠨᠳᠦᠷ ᠠᠰᠢᠭ ᠲᠠᠢ᠂ | ᠪᠠᠭ᠎ᠠ ᠬᠤᠤᠷ ᠲᠠᠢ᠂ ᠪᠠᠭ᠎ᠠ ᠦᠯᠡᠳᠡᠭᠳᠡᠯ ᠲᠠᠢ᠂ ᠬᠢᠯᠪᠡᠷ ᠪᠠᠭᠤᠷᠠᠨ ᠵᠠᠳᠠᠷᠠᠬᠤ ᠲᠠᠷᠢᠶᠠᠨ ᠡᠮ ᠢ ᠳᠡᠯᠭᠡᠷᠡᠬᠦᠯᠦᠨ | ᠬᠡᠷᠡᠭᠯᠡᠵᠦ᠂ ᠤᠨᠤᠪᠴᠢᠳᠠᠢ ᠪᠤᠷᠳᠤᠭᠤᠷ ᠤᠷᠤᠭᠤᠯᠬᠤ᠂ ᠨᠠᠶᠢᠷᠠᠯᠭ᠎ᠠ ᠲᠠᠢ ᠪᠤᠷᠳᠤᠭᠤᠷ ᠤᠷᠤᠭᠤᠯᠬᠤ ᠵᠡᠷᠭᠡ | ᠰᠢᠨᠵᠢᠯᠡᠬᠦ ᠤᠬᠠᠭᠠᠨᠴᠢ ᠪᠠᠷ ᠪᠤᠷᠳᠤᠭᠤᠷ ᠤᠷᠤᠭᠤᠯᠬᠤ ᠮᠡᠷᠭᠡᠵᠢᠯ ᠢ ᠳᠡᠯᠭᠡᠷᠡᠬᠦᠯᠵᠦ᠂ ᠠᠮᠢᠳᠤ ᠪᠤᠳᠠᠰ ᠤᠨ ᠳᠠᠷᠢᠶᠠᠨ | ᠡᠮ ᠬᠡᠷᠡᠭᠯᠡᠬᠦ ᠪᠠ ᠬᠡᠮ ᠬᠤᠷᠤᠬᠠᠢ ᠶᠢᠨ ᠬᠦᠨᠦᠭᠡᠯ ᠢ ᠶᠡᠷᠦᠩᠭᠡᠶᠢᠯᠠᠨ ᠰᠡᠷᠭᠡᠶᠢᠯᠡᠨ ᠵᠠᠰᠠᠬᠤ ᠮᠡᠷᠭᠡᠵᠢᠯ ᠬᠡᠷᠡᠭᠯᠡᠬᠦ ᠶᠢ ᠨᠢ | ᠵᠤᠷᠢᠭᠵᠢᠭᠤᠯᠵᠤ᠂ ᠲᠠᠷᠢᠶᠠᠯᠠᠩ ᠤᠨ ᠠᠷᠢᠭᠤᠨ ᠴᠡᠪᠡᠷ ᠦᠢᠯᠡᠳᠪᠦᠷᠢᠯᠡᠯ ᠪᠠ ᠬᠦᠳᠡᠭᠡ ᠲᠤᠰᠬᠤᠨ ᠤ ᠠᠷᠢᠭᠤᠨ | ᠴᠡᠪᠡᠷ ᠢᠨᠵᠧᠨᠧᠷᠢᠩ ᠢ ᠳᠡᠯᠭᠡᠷᠡᠭᠦᠯᠵᠦ᠂ ᠰᠠᠪᠠ ᠭᠠᠵᠠᠷ ᠳᠠᠬᠢ ᠲᠠᠷᠢᠶᠠᠨ ᠭᠠᠵᠠᠷ ᠤᠨ ᠬᠢᠮᠢ ᠶᠢᠨ ᠪᠤᠷᠳᠤᠭᠤᠷ᠂ | ᠲᠠᠷᠢᠶᠠᠨ ᠡᠮ ᠤᠨ ᠬᠡᠷᠡᠭᠯᠡᠭᠡᠨ ᠤ ᠶᠡᠷᠦᠩᠭᠡᠢ ᠬᠡᠮᠵᠢᠶᠡᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠰᠠᠪᠠ ᠭᠠᠵᠠᠷ | ᠤᠨ ᠤᠰᠤᠨ ᠴᠤᠭᠴᠠ ᠶᠢᠨ ᠪᠤᠬᠢᠷᠳᠤᠬᠤ ᠶᠢ ᠰᠡᠷᠭᠡᠶᠢᠯᠡᠬᠦ ᠬᠡᠷᠡᠭᠳᠡᠢ᠃ | ᠬᠤᠷᠢᠨ ᠳᠠᠪᠤᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠲᠤᠤᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠤᠳ ᠢ ᠬᠢᠵᠦ ᠪᠤᠯᠬᠤ ᠦᠭᠡᠢ᠄ | ︵ᠨᠢᠭᠡ︶ ᠭᠠᠵᠠᠷ ᠳᠤᠤᠷᠠᠬᠢ ᠤᠰᠤ ᠶᠢ ᠲᠤᠤᠷ᠎ᠠ ᠪᠠᠷ ᠢᠶᠠᠨ ᠨᠡᠭᠡᠭᠡᠨ ᠮᠠᠯᠳᠠᠬᠤ︔ | ︵ᠬᠤᠶᠠᠷ︶ ᠰᠢᠢᠳᠪᠦᠷᠢᠯᠡᠯᠳᠡ ᠪᠠᠷ ᠳᠠᠮᠵᠢᠭᠰᠠᠨ ᠦᠭᠡᠢ ᠪᠤᠶᠤ ᠬᠡᠳᠦᠶᠢᠪᠡᠷ ᠰᠢᠢᠳᠪᠦᠷᠢᠯᠡᠯᠳᠡ ᠪᠠᠷ | ᠳᠠᠮᠵᠢᠭᠰᠠᠨ ᠪᠤᠯᠪᠠᠴᠤ ᠬᠠᠷᠠᠬᠠᠨ ᠪᠠᠷᠢᠮᠵᠢᠶᠠᠨ ᠳᠤ ᠬᠦᠷᠦᠭᠡᠳᠦᠢ ᠠᠵᠤ ᠦᠢᠯᠡᠳᠪᠦᠷᠢ ᠶᠢᠨ ᠬᠠᠶᠠᠭᠳᠠᠮᠠᠯ ᠤᠰᠤ᠂ | ᠠᠮᠢᠳᠤᠷᠠᠯ ᠤᠨ ᠪᠤᠵᠠᠷ ᠤᠰᠤ ᠵᠢᠴᠢ ᠪᠤᠰᠤᠳ ᠬᠠᠶᠠᠭᠳᠠᠮᠠᠯ ᠰᠢᠩᠭᠡᠨ ᠢ ᠭᠠᠳᠠᠭᠰᠢᠯᠠᠭᠤᠯᠬᠤ︔ | ︵ᠭᠤᠷᠪᠠ︶ ᠭᠤᠤᠯ ᠤᠷᠤᠰᠬᠠᠯ᠂ ᠨᠠᠭᠤᠷ ᠴᠦᠬᠦᠷᠦᠮ ᠳᠤ ᠬᠠᠶᠠᠭᠳᠠᠮᠠᠯ ᠪᠤᠳᠠᠰ ᠴᠢᠳᠬᠤᠬᠤ᠂ ᠪᠦᠭᠯᠡᠵᠦ | ᠪᠤᠯᠠᠬᠤ︔ | ︵ᠲᠦᠷᠪᠡ︶ ᠬᠠᠳᠠᠭᠤ ᠪᠡᠶᠡᠳᠦ ᠬᠠᠶᠠᠭᠳᠠᠮᠠᠯ ᠪᠤᠳᠠᠰ ᠪᠠ ᠪᠤᠰᠤᠳ ᠪᠤᠬᠢᠷᠳᠤᠯ ᠪᠤᠳᠠᠰ ᠢ ᠤᠪᠤᠭᠠᠯᠠᠵᠤ | ᠳᠠᠯᠪᠢᠬᠤ᠂ ᠬᠠᠳᠠᠭᠠᠯᠠᠬᠤ︔ | ︵ᠳᠠᠪᠤ︶ ᠨᠠᠭᠤᠷ ︵ᠭᠤᠤᠯ︶ ᠢ ᠪᠦᠭᠯᠡᠵᠦ ᠭᠠᠵᠠᠷ ᠪᠤᠯᠭᠠᠬᠤ᠂ ᠳᠠᠯᠠᠩ ᠪᠠᠶᠢᠭᠤᠯᠤᠨ ᠰᠠᠯᠪᠤᠷᠢ ᠶᠢ ᠬᠠᠰᠢᠬᠤ | ᠵᠢᠴᠢ ᠤᠰᠤᠨ ᠳᠠᠯᠠᠪᠠᠢ ᠶᠢ ᠡᠵᠡᠯᠡᠬᠦ ᠪᠠ ᠬᠡᠰᠡᠭᠯᠡᠬᠦ ᠪᠤᠰᠤᠳ ᠦᠢᠯᠡ ᠠᠵᠢᠯᠯᠠᠭ᠎ᠠ︔ | ︵ᠵᠢᠷᠭᠤᠭ᠎ᠠ︶ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠬᠤᠪᠢᠶᠠᠷᠢᠯᠠᠨ ᠲᠤᠭᠳᠠᠭᠠᠭᠰᠠᠨ | ᠮᠠᠯ ᠪᠡᠯᠴᠢᠭᠡᠷᠯᠡᠬᠦᠯᠬᠦ ᠶᠢ ᠴᠠᠭᠠᠵᠠᠯᠠᠭᠰᠠᠨ ᠲᠤᠭᠤᠷᠢᠭ ᠲᠤᠳᠤᠷ᠎ᠠ ᠮᠠᠯ ᠠᠳᠤᠭᠤᠯᠠᠬᠤ︔ | ︵ᠲᠤᠯᠤᠭ᠎ᠠ︶ ᠭᠤᠤᠯ ᠤᠷᠤᠰᠬᠠᠯ ᠨᠠᠭᠤᠷ ᠴᠦᠬᠦᠷᠦᠮ ᠳᠤ ᠪᠤᠬᠢᠷᠳᠤᠯ ᠢ ᠭᠠᠳᠠᠭᠰᠢᠯᠠᠭᠤᠯᠬᠤ ᠠᠮᠠᠰᠠᠷ ᠢ | ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠬᠦ᠂ ᠳᠠᠯᠳᠠᠭᠤᠷ ᠳᠠᠯᠳᠠ ᠬᠤᠭᠤᠯᠠᠢ ᠭᠠᠷᠭᠠᠵᠤ | ᠤᠰᠤ ᠪᠤᠬᠢᠷᠳᠤᠭᠤᠯᠬᠤ ᠪᠤᠳᠠᠰ ᠢ ᠭᠠᠳᠠᠭᠰᠢᠯᠠᠭᠤᠯᠬᠤ︔ | ︵ᠨᠠᠢᠮᠠ︶ ᠤᠰᠤᠨ ᠤ ᠴᠢᠨᠠᠷ ᠢ ᠪᠤᠬᠢᠷᠳᠤᠭᠤᠯᠬᠤ᠂ ᠤᠰᠤᠨ ᠤ ᠰᠤᠷᠪᠤᠯᠵᠢ ᠶᠢ ᠡᠵᠡᠯᠡᠬᠦ᠂ ᠤᠰᠤᠨ ᠤ ᠠᠮᠢ | ᠠᠬᠤᠢ ᠶᠢ ᠡᠪᠳᠡᠬᠦ ᠪᠤᠰᠤᠳ ᠦᠢᠯᠡ ᠠᠵᠢᠯᠯᠠᠭ᠎ᠠ︔ | ᠬᠤᠷᠢᠨ ᠵᠢᠷᠭᠤᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ | ᠠᠷᠠᠳ ᠤᠨ ᠵᠠᠰᠠᠭ ᠤᠨ ᠤᠷᠳᠤᠨ ᠨᠢ ᠤᠰᠤᠨ ᠠᠰᠢᠭᠯᠠᠯᠳᠠ᠂ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠨᠠᠭᠤᠷ ᠴᠦᠬᠦᠷᠦᠮ ᠤᠨ | ᠪᠤᠬᠢᠷᠳᠤᠯ ᠤᠨ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠦᠰᠦᠯ ᠢ ᠨᠠᠶᠢᠷᠠᠭᠤᠯᠤᠨ | ᠵᠤᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠰᠤᠷᠢᠯᠳᠠ ᠶᠢ ᠲᠤᠭᠳᠠᠭᠰᠠᠨ ᠬᠤᠭᠤᠴᠠᠭ᠎ᠠ ᠲᠠᠢ ᠶᠠᠪᠤᠭᠳᠠᠭᠤᠯᠵᠤ᠂ | ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ᠂ ᠪᠠᠴᠢᠮ ᠪᠠᠶᠢᠳᠠᠯ ᠢ ᠠᠷᠭᠠᠴᠠᠬᠤ ᠶᠢᠨ ᠰᠢᠢᠳᠪᠦᠷᠢᠯᠡᠯᠳᠡ ᠪᠠ ᠶᠠᠪᠤᠳᠠᠯ | ᠤᠨ ᠳᠠᠷᠠᠭᠠᠬᠢ ᠰᠡᠷᠬᠦᠭᠡᠯᠳᠡ ᠵᠡᠷᠭᠡ ᠠᠵᠢᠯ ᠢ ᠰᠠᠶᠢᠳᠤᠷ ᠬᠢᠬᠦ ᠬᠡᠷᠡᠭᠳᠡᠢ᠃ | | ᠭᠤᠷᠪᠠᠳᠤᠭᠠᠷ ᠪᠦᠯᠦᠭ ᠬᠢᠨᠠᠯᠳᠠ ᠪᠠ ᠬᠠᠮᠢᠶᠠᠷᠤᠯᠳᠠ | | | ᠬᠤᠷᠢᠨ ᠳᠤᠯᠤᠳᠤᠭᠠᠷ ᠵᠦᠢᠯ ᠬᠤᠶᠠᠷ ᠨᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ | ᠬᠤᠶᠠᠷ ᠨᠠᠭᠤᠷ ᠤᠨ ᠰᠠᠪᠠ ᠭᠠᠵᠠᠷ ᠤᠨ ᠡᠳᠦᠷ ᠳᠤᠳᠤᠮ ᠤᠨ ᠲᠤᠭᠤᠷᠢᠨ ᠪᠠᠶᠢᠴᠠᠭᠠᠯᠳᠠ ᠶᠢ ᠴᠢᠩᠭᠠᠳᠬᠠᠵᠤ᠂ ᠲᠤᠰ | ᠲᠦᠷᠢᠮ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠢ ᠵᠦᠷᠢᠴᠡᠭᠰᠡᠨ ᠠᠵᠢᠯᠯᠠᠭ᠎ᠠ ᠶᠢ ᠴᠠᠭ | ᠲᠤᠬᠠᠢ ᠳᠤ ᠨᠢ ᠬᠤᠷᠢᠭᠯᠠᠬᠤ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠴᠠᠯᠳᠤᠭᠤᠯᠤᠨ ᠰᠢᠢᠳᠪᠦᠷᠢᠯᠡᠬᠦ | ᠬᠡᠷᠡᠭᠳᠡᠢ᠃ | ᠬᠤᠷᠢᠨ ᠨᠠᠢᠮᠠᠳᠤᠭᠠᠷ ᠵᠦᠢᠯ ᠬᠤᠶᠠᠷ ᠨᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠵᠢᠯ | ᠪᠤᠯᠭᠠᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠳᠤ ᠬᠤᠶᠠᠷ ᠨᠠᠭᠤᠷ ᠤᠨ ᠰᠠᠪᠠ ᠭᠠᠵᠠᠷ ᠤᠨ ᠬᠠᠮᠠᠭᠠᠯᠠᠯᠳᠠ | ᠬᠠᠮᠢᠶᠠᠷᠤᠯᠳᠠ ᠶᠢᠨ ᠪᠠᠶᠢᠳᠠᠯ ᠢᠶᠠᠨ ᠮᠡᠳᠡᠬᠦᠯᠬᠦ ᠪᠦᠭᠡᠳ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠳᠡᠬᠦ ᠬᠡᠷᠡᠭᠳᠡᠢ᠃ | ᠬᠤᠷᠢ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤᠯᠤᠰ ᠤᠨ | ᠳᠤᠭᠳᠠᠭᠠᠯ ᠢᠶᠠᠷ ᠭᠤᠤᠯ ᠨᠠᠭᠤᠷ ᠤᠨ ᠳᠠᠷᠤᠭ᠎ᠠ ᠭᠠᠷᠭᠠᠵᠤ᠂ ᠭᠤᠤᠯ ᠨᠠᠭᠤᠷ ᠤᠨ ᠳᠠᠷᠤᠭ᠎ᠠ ᠶᠢᠨ ᠬᠠᠷᠢᠭᠤᠴᠠᠯᠭᠠᠳᠤ | ᠲᠦᠷᠢᠮ ᠢ ᠬᠡᠷᠡᠭᠵᠢᠬᠦᠯᠵᠦ᠂ ᠱᠠᠲᠤ ᠳᠠᠷᠠᠭᠠᠯᠠᠨ ᠬᠤᠶᠠᠷ ᠨᠠᠭᠤᠷ ᠤᠨ ᠬᠠᠮᠠᠭᠠᠯᠠᠯᠳᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠳᠡᠢ᠃ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ᠂ ᠲᠦᠷᠢᠮ ᠲᠤᠭᠳᠠᠭᠠᠯ᠂ ᠲᠦᠷᠦ ᠶᠢᠨ ᠪᠤᠳᠤᠯᠭ᠎ᠠ | ᠪᠠ ᠠᠵᠢᠯ ᠤᠨ ᠲᠦᠷᠢᠮ ᠢ ᠵᠦᠷᠢᠴᠡᠵᠦ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ ᠪᠤᠶᠤ ᠵᠦᠪ | ᠤᠨᠤᠪᠴᠢᠳᠠᠢ ᠬᠦᠢᠴᠡᠳᠭᠡᠬᠦ ᠦᠭᠡᠢ ᠠᠴᠠ ᠪᠤᠯᠵᠤ᠂ ᠨᠠᠭᠤᠷ ᠴᠦᠬᠦᠷᠦᠮ ︵ᠭᠤᠤᠯ ᠤᠨ ᠵᠠᠮ︶ ᠤᠨ ᠤᠰᠤᠨ ᠤ | ᠤᠷᠴᠢᠨ ᠲᠤᠭᠤᠷᠢᠨ ᠤ ᠴᠡᠭᠴᠡᠯᠡᠨ ᠵᠠᠰᠠᠯᠳᠠ ᠶᠢ ᠢᠳᠡ ᠬᠦᠴᠦᠨ ᠦᠭᠡᠢ ᠪᠤᠶᠤ ᠬᠡᠳᠡᠷᠬᠦ ᠪᠤᠴᠠᠬᠤ ᠪᠤᠯᠭᠠᠭᠰᠠᠨ | ᠭᠤᠤᠯ ᠨᠠᠭᠤᠷ ᠤᠨ ᠳᠠᠷᠤᠭ᠎ᠠ ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ ᠠᠮᠠᠨ ᠢᠳᠡ ᠪᠠᠷ ᠰᠠᠨᠠᠭᠤᠯᠬᠤ᠂ | ᠨᠡᠶᠢᠳᠡᠯᠡᠨ ᠰᠢᠬᠦᠮᠵᠢᠯᠡᠬᠦ᠂ ᠪᠢᠴᠢᠭ ᠤᠨ ᠢᠳᠡ ᠪᠠᠷ ᠰᠠᠨᠠᠭᠤᠯᠬᠤ᠂ ᠲᠤᠰᠢᠶᠠᠯ ᠢ ᠨᠢ ᠲᠤᠬᠢᠷᠠᠭᠤᠯᠬᠤ᠂ ᠵᠠᠰᠠᠭ ᠤᠨ | ᠰᠠᠬᠢᠯᠭ᠎ᠠ ᠪᠠᠲᠤ ᠶᠢᠨ ᠰᠢᠢᠳᠭᠡᠯ ᠦᠭᠭᠦ ᠵᠡᠷᠭᠡ ᠠᠷᠭ᠎ᠠ ᠮᠠᠶ᠋ᠢᠭ ᠢᠶᠠᠷ ᠬᠠᠷᠢᠭᠤᠴᠠᠯᠭ᠎ᠠ ᠨᠡᠭᠡᠮᠵᠢᠯᠡᠨ᠎ᠡ᠃ | ᠭᠤᠴᠢᠳᠤᠭᠠᠷ ᠵᠦᠢᠯ ᠶᠠᠮᠠᠷᠪᠠ ᠨᠢᠭᠡᠴᠡ ᠪᠠ ᠬᠤᠪᠢ ᠬᠦᠮᠦᠨ ᠴᠦᠮ ᠬᠤᠶᠠᠷ ᠨᠠᠭᠤᠷ ᠤᠨ ᠰᠠᠪᠠ | ᠭᠠᠵᠠᠷ ᠤᠨ ᠤᠷᠴᠢᠨ ᠲᠤᠭᠤᠴᠢᠨ᠂ ᠡᠬᠢ ᠪᠠᠶᠠᠯᠢᠭ᠂ ᠠᠮᠢ ᠠᠬᠤᠢ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ | ᠢᠯᠡᠴᠢᠯᠡᠨ ᠭᠠᠷᠭᠠᠬᠤ ᠪᠠ ᠢᠯᠡᠴᠢᠯᠡᠨ ᠮᠡᠳᠡᠬᠦᠯᠬᠦ ᠡᠷᠭᠡ ᠲᠠᠢ᠂ ᠬᠤᠶᠠᠷ ᠨᠠᠭᠤᠷ ᠤᠨ ᠬᠠᠮᠠᠭᠠᠯᠠᠯᠳᠠ ᠶᠢᠨ | ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠢᠯᠡᠴᠢᠯᠡᠨ ᠭᠠᠷᠭᠠᠬᠤ ᠪᠠ ᠢᠯᠡᠴᠢᠯᠡᠨ ᠮᠡᠳᠡᠬᠦᠯᠬᠦ ᠶᠢ ᠲᠤᠰᠴᠤ ᠠᠪᠤᠭᠰᠠᠨ | ᠤ ᠳᠠᠷᠠᠭ᠎ᠠ᠂ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠬᠤ᠂ ᠰᠢᠢᠳᠪᠦᠷᠢᠯᠡᠬᠦ ᠬᠡᠷᠡᠭᠳᠡᠢ᠃ | ᠭᠤᠴᠢᠨ ᠨᠢᠭᠡᠳᠦᠭᠡᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠰ ᠱᠠᠲᠤᠨ ᠤ | ᠠᠷᠠᠳ ᠤᠨ ᠵᠠᠰᠠᠭ ᠤᠨ ᠤᠷᠳᠤᠨ ᠤ ᠬᠤᠶᠠᠷ ᠨᠠᠭᠤᠷ ᠤᠨ ᠬᠠᠮᠠᠭᠠᠯᠠᠯᠳᠠ ᠶᠢᠨ ᠪᠠᠶᠢᠳᠠᠯ ᠤᠨ ᠳᠤᠬᠠᠢ ᠲᠤᠰᠬᠠᠢ | ᠠᠵᠢᠯ ᠤᠨ ᠮᠡᠳᠡᠬᠦᠯᠦᠯᠳᠡ ᠶᠢ ᠰᠤᠨᠤᠰᠴᠤ ᠬᠢᠨᠠᠨ ᠵᠦᠪᠯᠡᠵᠦ᠂ ᠲᠤᠰ ᠲᠦᠷᠢᠮ ᠤᠨ ᠬᠡᠷᠡᠭᠵᠢᠬᠦᠯᠦᠯᠳᠡ ᠶᠢᠨ ᠪᠠᠶᠢᠳᠠᠯ | ᠳᠤ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ ᠶᠢ ᠵᠤᠬᠢᠶᠠᠨ ᠪᠠᠶᠢᠭᠤᠯᠬᠤ ᠬᠡᠷᠡᠭᠳᠡᠢ︔ ᠲᠤᠰ ᠲᠦᠷᠢᠮ ᠤᠨ | ᠬᠠᠮᠢᠶ᠎ᠠ ᠪᠦᠬᠦᠢ ᠲᠤᠭᠳᠠᠭᠠᠯ ᠢ ᠵᠦᠷᠢᠴᠡᠭᠰᠡᠨ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠪᠦᠷᠢᠯᠳᠦᠬᠦᠨ | ᠰᠠᠯᠠᠭ᠎ᠠ ᠮᠦᠴᠢᠷ᠂ ᠪᠦᠷᠢᠯᠳᠦᠬᠦᠨ ᠬᠦᠮᠦᠰ ᠲᠤ ᠯᠠᠪᠯᠠᠨ ᠠᠰᠠᠭᠤᠬᠤ᠂ ᠤᠨᠴᠠ ᠲᠤᠭᠳᠠᠭᠠᠭᠰᠠᠨ ᠠᠰᠠᠭᠤᠳᠠᠯ ᠤᠨ | ᠪᠠᠶᠢᠴᠠᠭᠠᠯᠳᠠ ᠪᠠ ᠲᠤᠰᠢᠶᠠᠯ ᠠᠴᠠ ᠨᠢ ᠤᠭᠴᠠᠷᠠᠭᠤᠯᠬᠤ ᠵᠡᠷᠭᠡ ᠬᠢᠨᠠᠯᠳᠠ ᠳᠠᠯᠪᠢᠬᠤ ᠶᠠᠪᠤᠴᠠ ᠶᠢ ᠬᠠᠤᠯᠢ ᠶᠤᠰᠤᠭᠠᠷ | ᠬᠦᠳᠡᠯᠬᠡᠬᠦ ᠬᠡᠷᠡᠭᠳᠡᠢ᠃ | | ᠲᠦᠷᠪᠡᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | | ᠭᠤᠴᠢᠨ ᠬᠤᠶᠠᠳᠤᠭᠠᠷ ᠵᠦᠢᠯ ᠲᠤᠰ ᠲᠦᠷᠢᠮ ᠤᠨ ᠲᠤᠭᠳᠠᠭᠠᠯ ᠢ ᠵᠦᠷᠢᠴᠡᠭᠰᠡᠨ ᠦᠢᠯᠡ ᠠᠵᠢᠯᠯᠠᠭ᠎ᠠ | ᠳᠤ᠂ ᠬᠠᠤᠯᠢ ᠴᠠᠭᠠᠵᠠ ᠬᠠᠤᠯᠢ ᠲᠤᠭᠳᠠᠭᠠᠯ ᠳᠤ ᠪᠤᠳᠠᠳᠠᠢ ᠲᠤᠷᠭᠠᠨ ᠰᠢᠢᠳᠭᠡᠬᠦ ᠶᠢ ᠨᠢᠭᠡᠨᠳᠡ ᠲᠤᠭᠳᠠᠭᠠᠭᠰᠠᠨ ᠪᠣᠯ᠂ | ᠲᠡᠬᠦᠨ ᠤ ᠲᠤᠭᠳᠠᠭᠠᠯ ᠢ ᠳᠠᠭᠠᠨ᠎ᠠ᠃ | ᠭᠤᠴᠢᠨ ᠭᠤᠷᠪᠠᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠵᠦᠪᠰᠢᠶᠡᠷᠡᠬᠦᠯᠦᠭᠰᠡᠨ ᠦᠭᠡᠢ | ᠪᠠᠷ ᠨᠠᠭᠤᠷ ᠲᠤ ᠤᠷᠤᠬᠤ ᠤᠰᠤᠨ ᠤ ᠡᠬᠢ ᠰᠤᠷᠪᠤᠯᠵᠢ ᠶᠢ ᠳᠠᠰᠤᠯᠬᠤ ᠪᠤᠶᠤ ᠲᠤᠷ᠎ᠠ ᠪᠠᠷ ᠢᠶᠠᠨ ᠤᠰᠤ ᠠᠪᠤᠭᠰᠠᠨ | ᠪᠣᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ | ᠤᠨ ᠤᠷᠳᠤᠨ ᠤ ᠤᠰᠤᠨ ᠤ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠤ | ᠪᠠᠶᠢᠭᠠᠳ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠤᠭᠰᠤᠭᠠᠵᠤ᠂ ᠬᠤᠭᠤᠴᠠᠭ᠎ᠠ ᠬᠢᠵᠠᠭᠠᠷᠯᠠᠨ ᠨᠦᠬᠦᠵᠦ | ᠵᠠᠰᠠᠬᠤ ᠠᠷᠭ᠎ᠠ ᠬᠡᠮᠵᠢᠶ᠎ᠡ ᠠᠪᠤᠭᠤᠯᠬᠤ ᠪᠦᠭᠡᠳ 5 ᠲᠦᠮᠡᠨ ᠲᠦᠬᠦᠷᠢᠭ ᠠᠴᠠ ᠳᠡᠭᠡᠭᠰᠢ 10 ᠲᠦᠮᠡᠨ ᠲᠦᠬᠦᠷᠢᠭ | ᠠᠴᠠ ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ᠃ | ᠭᠤᠴᠢᠨ ᠲᠦᠷᠪᠡᠳᠦᠭᠡᠷ ᠵᠦᠢᠯ ᠬᠤᠶᠠᠷ ᠨᠠᠭᠤᠷ ᠤᠨ ᠰᠠᠪᠠ ᠭᠠᠵᠠᠷ ᠤᠨ ᠮᠠᠯᠳᠠᠬᠤ ᠶᠢ ᠴᠠᠭᠠᠵᠠᠯᠠᠭᠰᠠᠨ | ᠭᠠᠵᠠᠷ ᠲᠤ ᠬᠠᠶᠢᠷ ᠴᠢᠯᠠᠭᠤ ᠮᠠᠯᠳᠠᠬᠤ᠂ ᠰᠢᠷᠤᠢ ᠠᠪᠬᠤ ᠵᠡᠷᠭᠡ ᠠᠵᠢᠯᠯᠠᠭ᠎ᠠ ᠬᠢᠭᠰᠡᠨ ᠨᠢᠭᠡᠴᠡ ᠪᠠ ᠬᠤᠪᠢ ᠬᠦᠮᠦᠨ | ᠳᠤ᠂ ᠶᠠᠯ᠎ᠠ ᠳᠤ ᠬᠦᠷᠦᠭᠰᠡᠨ ᠠᠴᠠ ᠨᠢ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ︔ | | ᠡᠷᠡᠬᠦᠦ ᠶᠢᠨ ᠬᠡᠷᠡᠭ ᠢᠶᠠᠷ ᠲᠤᠷᠭᠠᠨ ᠰᠢᠢᠳᠭᠡᠬᠦ ᠳᠤ ᠬᠠᠷᠠᠬᠠᠨ ᠬᠦᠷᠦᠭᠡᠳᠦᠢ ᠮᠦᠷᠳᠡᠭᠡᠨ ᠦᠶᠡᠷ ᠢ | ᠰᠡᠷᠭᠡᠶᠢᠯᠡᠬᠦ ᠬᠠᠤᠯᠢ ᠳᠤ ᠲᠤᠭᠳᠠᠭᠠᠯ ᠭᠠᠷᠭᠠᠭᠰᠠᠨ ᠦᠭᠡᠢ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ | ᠭᠠᠵᠠᠷ ᠤᠨ ᠬᠤᠰᠢᠭᠤ ᠰᠢᠶᠠᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠤᠭᠰᠤᠭᠠᠵᠤ᠂ | ᠨᠦᠬᠦᠵᠦ ᠵᠠᠰᠠᠬᠤ ᠠᠷᠭ᠎ᠠ ᠪᠠᠷᠢᠯ ᠠᠪᠤᠭᠤᠯᠬᠤ ᠪᠦᠭᠡᠳ 2 ᠲᠦᠮᠡᠨ ᠲᠦᠬᠦᠷᠢᠭ ᠠᠴᠠ ᠳᠡᠭᠡᠭᠰᠢ 5 ᠲᠦᠮᠡᠨ | ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ᠃ | ᠭᠤᠴᠢᠨ ᠳᠠᠪᠤᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠶᠡᠭᠡ ᠬᠤᠤᠷᠳᠠᠯ ᠲᠠᠢ᠂ ᠶᠡᠭᠡ | ᠦᠯᠡᠳᠡᠭᠳᠡᠯ ᠲᠠᠢ ᠲᠠᠷᠢᠶᠠᠨ ᠡᠮ ᠬᠡᠷᠡᠭᠯᠡᠭᠰᠡᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ | ᠳᠠᠷᠢᠶᠠᠯᠠᠩ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠯᠠᠷᠠᠭᠤᠯᠬᠤ ᠶᠢ ᠨᠢ | ᠵᠠᠷᠯᠢᠭᠳᠠᠵᠤ᠂ ᠲᠠᠷᠢᠶᠠᠨ ᠡᠮ ᠤᠨ ᠬᠡᠷᠡᠭᠯᠡᠭᠴᠢᠳ ᠨᠢ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠠᠵᠤ ᠠᠬᠤᠶᠢᠯᠠᠯ᠂ ᠢᠳᠡᠭᠡᠨ ᠪᠠ ᠢᠳᠡᠬᠦ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠤ ᠰᠠᠩ ᠬᠠᠳᠠᠭᠠᠯᠠᠯᠳᠠ | ᠶᠢᠨ ᠠᠵᠤ ᠠᠬᠤᠶᠢᠯᠠᠯ᠂ ᠲᠤᠰᠬᠠᠶᠢᠵᠢᠭᠰᠠᠨ ᠬᠡᠮ ᠬᠤᠷᠤᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠬᠤ ᠦᠢᠯᠡᠴᠢᠯᠡᠭᠡᠨ | ᠤ ᠵᠤᠬᠢᠶᠠᠨ ᠪᠠᠶᠢᠭᠤᠯᠤᠯᠳᠠ ᠪᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠠᠷᠢᠶᠠᠴᠢᠨ ᠤ ᠲᠤᠰᠬᠠᠢ | ᠬᠤᠷᠰᠢᠶ᠎ᠠ ᠵᠡᠷᠭᠡ ᠨᠢᠭᠡᠴᠡ ᠪᠠᠶᠢᠪᠠᠯ᠂ 8 ᠲᠦᠮᠡᠨ ᠲᠦᠬᠦᠷᠢᠭ ᠠᠴᠠ ᠳᠡᠭᠡᠭᠰᠢ 10 ᠲᠦᠮᠡᠨ ᠲᠦᠬᠦᠷᠢᠭ ᠠᠴᠠ | ᠲᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ᠂ ᠲᠠᠷᠢᠶᠠᠨ ᠡᠮ ᠤᠨ ᠬᠡᠷᠡᠭᠯᠡᠭᠴᠢᠳ ᠨᠢ ᠬᠤᠪᠢ ᠬᠦᠮᠦᠨ ᠪᠠᠶᠢᠪᠠᠯ | ᠂ 500 ᠲᠦᠬᠦᠷᠢᠭ ᠠᠴᠠ ᠳᠡᠭᠡᠭᠰᠢ 5000 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠰᠢᠢᠳᠬᠡᠨ᠎ᠡ᠃ | ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃ | ᠭᠤᠴᠢᠨ ᠵᠢᠷᠭᠤᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠵᠦᠪᠰᠢᠶᠡᠷᠡᠬᠦᠯᠦᠭᠰᠡᠨ | ᠦᠭᠡᠢ ᠪᠤᠶᠤ ᠵᠦᠪᠰᠢᠶᠡᠷᠡᠭᠰᠡᠨ ᠱᠠᠭᠠᠷᠳᠠᠯᠭ᠎ᠠ ᠶᠤᠰᠤᠭᠠᠷ ᠭᠠᠵᠠᠷ ᠳᠤᠤᠷᠠᠬᠢ ᠤᠰᠤᠨ ᠤ ᠡᠬᠢ ᠰᠤᠷᠪᠤᠯᠵᠢ ᠶᠢ | ᠨᠡᠭᠡᠭᠡᠨ ᠮᠠᠯᠳᠠᠭᠰᠠᠨ ᠦᠭᠡᠢ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠦᠴᠢᠷ ᠠᠴᠠ ᠵᠠᠯᠠᠷᠠᠭᠤᠯᠬᠤ ᠶᠢ ᠨᠢ ᠵᠠᠷᠯᠢᠭᠳᠠᠬᠤ ᠪᠦᠭᠡᠳ 5 ᠲᠦᠮᠡᠨ ᠲᠦᠬᠦᠷᠢᠭ ᠠᠴᠠ ᠳᠡᠭᠡᠭᠰᠢ 10 | ᠲᠦᠮᠡᠨ ᠲᠦᠬᠦᠷᠢᠭ ᠠᠴᠠ ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ᠃ | ᠭᠤᠴᠢᠨ ᠳᠤᠯᠤᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠰᠢᠢᠳᠪᠦᠷᠢᠯᠡᠯᠳᠡ ᠪᠠᠷ | ᠳᠠᠮᠵᠢᠭᠰᠠᠨ ᠦᠭᠡᠢ ᠪᠤᠶᠤ ᠰᠢᠢᠳᠪᠦᠷᠢᠯᠡᠯᠳᠡ ᠨᠢ ᠪᠠᠷᠢᠮᠵᠢᠶᠠᠨ ᠳᠤ ᠬᠦᠷᠦᠭᠰᠡᠨ ᠦᠭᠡᠢ ᠠᠵᠤ ᠦᠢᠯᠡᠳᠪᠦᠷᠢ ᠶᠢᠨ | ᠪᠤᠬᠢᠷ ᠤᠰᠤ ᠭᠠᠳᠠᠭᠰᠢᠯᠠᠭᠤᠯᠵᠤ᠂ ᠬᠠᠶᠠᠭᠳᠠᠯ ᠪᠤᠳᠠᠰ ᠪᠠ ᠪᠤᠰᠤᠳ ᠪᠤᠬᠢᠷᠳᠤᠯ ᠪᠤᠳᠠᠰ ᠢ ᠤᠪᠤᠭᠠᠯᠠᠵᠤ᠂ | ᠴᠢᠳᠬᠤᠭᠰᠠᠨ ᠪᠤᠶᠤ ᠪᠤᠯᠠᠭᠰᠠᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ | ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠠᠷᠯᠢᠭᠳᠠᠵᠤ ᠪᠠᠶᠢᠭᠠᠳ ᠬᠠᠤᠯᠢ ᠵᠦᠷᠢᠴᠡᠭᠰᠡᠨ ᠦᠢᠯᠡ | ᠠᠵᠢᠯᠯᠠᠭ᠎ᠠ ᠶᠢ ᠨᠢ ᠵᠤᠭᠰᠤᠭᠠᠵᠤ᠂ ᠬᠤᠭᠤᠴᠠᠭ᠎ᠠ ᠬᠢᠵᠠᠭᠠᠷᠯᠠᠨ ᠵᠠᠰᠠᠬᠤ ᠠᠷᠭ᠎ᠠ ᠪᠠᠷᠢᠯ ᠠᠪᠤᠭᠤᠯᠵᠤ᠂ ᠪᠤᠬᠢᠷᠳᠤᠯ ᠢ | ᠠᠷᠢᠯᠭᠠᠭᠤᠯᠬᠤ ᠪᠦᠭᠡᠳ 10 ᠲᠦᠮᠡᠨ ᠲᠦᠭᠦᠷᠢᠭ ᠠᠴᠠ ᠳᠡᠭᠡᠭᠰᠢ 20 ᠲᠦᠮᠡᠨ ᠲᠦᠬᠦᠷᠢᠭ ᠠᠴᠠ ᠲᠤᠷᠤᠭᠰᠢ | ᠵᠤᠭᠤᠰ ᠢᠶᠠᠷ ᠲᠤᠷᠭᠠᠵᠤ ᠰᠢᠢᠳᠭᠡᠨ᠎ᠡ︔ ᠬᠤᠭᠤᠴᠠᠭ᠎ᠠ ᠨᠢ ᠬᠡᠲᠦᠷᠡᠭᠡᠳ ᠵᠠᠰᠠᠬᠤ ᠠᠷᠭ᠎ᠠ ᠪᠠᠷᠢᠯ ᠠᠪᠤᠭᠰᠠᠨ ᠦᠭᠡᠢ | ᠪᠠᠶᠢᠪᠠᠯ᠂ ᠤᠷᠴᠢᠨ ᠲᠤᠭᠤᠷᠢᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠠᠰᠠᠬᠤ | ᠴᠢᠳᠠᠪᠤᠷᠢ ᠲᠠᠢ ᠨᠢᠭᠡᠴᠡ ᠪᠠᠷ ᠤᠷᠤᠯᠠᠭᠤᠯᠤᠨ ᠵᠠᠰᠠᠭᠤᠯᠬᠤ ᠶᠢ ᠵᠢᠭᠠᠨ ᠲᠤᠭᠳᠠᠭᠠᠵᠤ᠂ ᠬᠡᠷᠡᠭᠰᠡᠭᠰᠡᠨ ᠵᠠᠷᠤᠳᠠᠯ ᠢ | ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠲᠠᠢ ᠬᠦᠮᠦᠨ ᠢᠶᠠᠷ ᠡᠬᠦᠷᠭᠡᠯᠡᠬᠦᠯᠵᠦ ᠪᠤᠯᠤᠨ᠎ᠠ᠃ | ᠭᠤᠴᠢᠨ ᠨᠠᠢᠮᠠᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠨᠠᠭᠤᠷ ᠢ ᠪᠦᠭᠯᠡᠵᠦ ᠭᠠᠵᠠᠷ | ᠪᠤᠯᠭᠠᠬᠤ᠂ ᠨᠠᠭᠤᠷ ᠢ ᠬᠦᠷᠢᠶᠡᠯᠡᠵᠦ ᠳᠠᠷᠢᠶᠠᠨ ᠭᠠᠵᠠᠷ ᠪᠤᠯᠭᠠᠬᠤ᠂ ᠨᠠᠭᠤᠷ ᠤᠬᠤᠬᠤ᠂ ᠠᠭᠤᠷᠬᠠᠢ ᠨᠡᠭᠡᠭᠡᠬᠦ᠂ ᠳᠠᠯᠠᠩ | ᠪᠤᠰᠬᠠᠵᠤ ᠰᠠᠯᠪᠤᠷᠢ ᠤᠷᠤᠰᠬᠠᠯ ᠢ ᠬᠠᠰᠢᠬᠤ ᠵᠢᠴᠢ ᠤᠰᠤᠨ ᠤ ᠳᠠᠯᠠᠪᠠᠢ ᠶᠢ ᠡᠵᠡᠯᠡᠭᠰᠡᠨ ᠪᠠ ᠬᠡᠰᠡᠭᠯᠡᠭᠰᠡᠨ ᠪᠤᠰᠤᠳ | ᠦᠢᠯᠡ ᠠᠵᠢᠯᠯᠠᠭ᠎ᠠ ᠬᠢᠭᠰᠡᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠦᠴᠢᠷ ᠵᠠᠷᠯᠢᠭᠳᠠᠵᠤ ᠪᠠᠶᠢᠭᠠᠳ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠤᠭᠰᠤᠭᠠᠵᠤ᠂ | ᠬᠤᠭᠤᠴᠠᠭ᠎ᠠ ᠬᠢᠵᠠᠭᠠᠷᠯᠠᠨ ᠬᠠᠤᠯᠢ ᠵᠦᠷᠢᠴᠡᠭᠰᠡᠨ ᠪᠠᠷᠢᠯᠭ᠎ᠠ ᠶᠢ ᠨᠢ ᠨᠤᠷᠠᠭᠠᠨ ᠠᠷᠢᠯᠭᠠᠵᠤ᠂ ᠬᠠᠷᠰᠢ ᠰᠠᠭᠠᠳ ᠢ ᠨᠢ | ᠴᠡᠪᠡᠷᠯᠡᠬᠦ ᠪᠤᠶᠤ ᠪᠤᠰᠤᠳ ᠨᠦᠬᠦᠵᠦ ᠵᠠᠰᠠᠬᠤ ᠠᠷᠭ᠎ᠠ ᠪᠠᠷᠢᠯ ᠠᠪᠤᠭᠤᠯᠬᠤ ᠪᠦᠭᠡᠳ 2 ᠲᠦᠮᠡᠨ ᠲᠦᠬᠦᠷᠢᠭ ᠠᠴᠠ | ᠳᠡᠭᠡᠭᠰᠢ 5 ᠲᠦᠮᠡᠨ ᠳᠦᠬᠦᠷᠢᠭ ᠠᠴᠠ ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ︔ ᠬᠤᠭᠤᠴᠠᠭ᠎ᠠ ᠨᠢ | ᠬᠡᠲᠦᠷᠡᠭᠡᠳ ᠨᠤᠷᠠᠭᠠᠵᠤ ᠠᠷᠢᠯᠭᠠᠭᠰᠠᠨ ᠦᠭᠡᠢ ᠪᠠᠶᠢᠪᠠᠯ᠂ ᠬᠠᠤᠯᠢ ᠶᠤᠰᠤᠭᠠᠷ ᠠᠯᠪᠠᠳᠠᠵᠤ ᠪᠠᠶᠢᠭᠠᠳ ᠨᠤᠷᠠᠭᠠᠵᠤ | ᠠᠷᠢᠯᠭᠠᠭᠤᠯᠤᠨ᠎ᠠ᠃ | ᠭᠤᠴᠢ ᠶᠢᠰᠦᠳᠦᠭᠡᠷ ᠵᠦᠢᠯ ᠬᠤᠶᠠᠷ ᠨᠠᠭᠤᠷ ᠤᠨ ᠰᠠᠪᠠ ᠭᠠᠵᠠᠷ ᠤᠨ ᠮᠠᠯ ᠮᠠᠯᠵᠢᠬᠤ ᠶᠢ | ᠴᠠᠭᠠᠵᠠᠯᠠᠭᠰᠠᠨ ᠤᠷᠤᠨ ᠳᠤ ᠮᠠᠯ ᠬᠠᠷᠢᠭᠤᠯᠠᠭᠰᠠᠨ ᠪᠠᠶᠢᠪᠠᠯ᠂ ᠤᠢ ᠰᠢᠭᠤᠢ ᠶᠢᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠪᠤᠶᠤ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ | ᠰᠡᠷᠡᠮᠵᠢᠯᠡᠬᠦᠯᠬᠦ ᠪᠦᠬᠡᠳ ᠬᠤᠨᠢᠨ ᠨᠢᠭᠡᠴᠢ ᠪᠦᠷᠢ ᠠᠴᠠ 30 ᠲᠦᠬᠦᠷᠢᠭ ᠵᠤᠭᠤᠰ ᠢᠶᠠᠷ ᠲᠤᠷᠭᠠᠵᠤ ᠰᠢᠢᠳᠭᠡᠨ᠎ᠡ᠃ | ᠲᠦᠴᠢᠳᠦᠭᠡᠷ ᠵᠦᠢᠯ ᠬᠤᠶᠠᠷ ᠨᠠᠭᠤᠷ ᠤᠨ ᠰᠠᠪᠠ ᠭᠠᠵᠠᠷ ᠤᠨ ᠭᠤᠤᠯ ᠤᠷᠤᠰᠬᠠᠯ ᠨᠠᠭᠤᠷ ᠴᠦᠬᠦᠷᠦᠮ | ᠳᠤ ᠪᠤᠬᠢᠷᠳᠤᠯ ᠢ ᠭᠠᠳᠠᠭᠰᠢᠯᠠᠭᠤᠯᠬᠤ ᠠᠮᠠᠰᠠᠷ ᠢ ᠰᠢᠨ᠎ᠡ ᠪᠠᠷ ᠪᠠᠶᠢᠭᠤᠯᠵᠤ᠂ ᠦᠭᠡᠷᠡᠴᠢᠯᠡᠨ ᠪᠠᠶᠢᠭᠤᠯᠵᠤ᠂ | ᠦᠷᠭᠡᠳᠭᠡᠨ ᠪᠠᠶᠢᠭᠤᠯᠤᠭᠰᠠᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠤᠭᠰᠤᠭᠠᠵᠤ᠂ | ᠬᠤᠭᠤᠴᠠᠭ᠎ᠠ ᠬᠢᠵᠠᠭᠠᠷᠯᠠᠨ ᠤᠤᠯ ᠲᠦᠷᠰᠦ ᠶᠢ ᠰᠡᠷᠭᠦᠭᠡᠯᠭᠡᠬᠦ ᠪᠦᠭᠡᠳ 8 ᠲᠦᠮᠡᠨ ᠲᠦᠬᠦᠷᠢᠭ ᠠᠴᠠ ᠳᠡᠭᠡᠭᠰᠢ 10 | ᠲᠦᠮᠡᠨ ᠲᠦᠬᠦᠷᠢᠭ ᠠᠴᠠ ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ︔ ᠬᠤᠭᠤᠴᠠᠭ᠎ᠠ ᠨᠢ ᠬᠡᠲᠦᠷᠡᠭᠡᠳ | ᠨᠤᠷᠠᠭᠠᠵᠤ ᠠᠷᠢᠯᠭᠠᠭᠰᠠᠨ ᠦᠭᠡᠢ ᠪᠠᠶᠢᠪᠠᠯ᠂ ᠬᠠᠤᠯᠢ ᠶᠤᠰᠤᠭᠠᠷ ᠠᠯᠪᠠᠳᠠᠵᠤ ᠪᠠᠶᠢᠭᠠᠳ ᠨᠤᠷᠠᠭᠠᠵᠤ ᠠᠷᠢᠯᠭᠠᠭᠤᠯᠤᠨ᠎ᠠ | ᠃ | ᠨᠢᠭᠤᠴᠠ ᠪᠠᠷ ᠳᠠᠯᠳᠠ ᠬᠤᠭᠤᠯᠠᠢ ᠭᠠᠷᠭᠠᠵᠤ ᠪᠤᠬᠢᠷᠳᠤᠯ ᠪᠤᠳᠠᠰ ᠢ ᠭᠠᠳᠠᠭᠰᠢᠯᠠᠭᠤᠯᠤᠭᠰᠠᠨ ᠪᠠᠶᠢᠪᠠᠯ᠂ | ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ | ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠦᠴᠢᠷ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠬᠤ ᠪᠤᠶᠤ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠶᠢ ᠨᠢ | ᠵᠤᠭᠰᠤᠭᠠᠬᠤ᠂ ᠦᠢᠯᠡᠳᠪᠦᠷᠢᠯᠡᠯ ᠢ ᠨᠢ ᠵᠤᠭᠰᠤᠭᠠᠵᠤ ᠴᠡᠭᠴᠡᠯᠡᠨ ᠵᠠᠰᠠᠭᠤᠯᠬᠤ ᠪᠦᠭᠡᠳ 30 ᠲᠦᠮᠡᠨ ᠲᠦᠬᠦᠷᠢᠭ | ᠠᠴᠠ ᠳᠡᠭᠡᠭᠰᠢ 100 ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ︔ ᠪᠠᠶᠢᠳᠠᠯ | ᠢᠶᠠᠷ ᠬᠦᠨᠳᠦ ᠪᠤᠯᠤᠭᠰᠠᠨ ᠪᠠᠶᠢᠪᠠᠯ᠂ ᠵᠦᠪᠰᠢᠶᠡᠷᠡᠬᠦ ᠡᠷᠭᠡ ᠲᠠᠢ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ | ᠵᠦᠪᠰᠢᠶᠡᠷᠡᠬᠦᠯᠵᠦ᠂ ᠵᠠᠷᠯᠢᠭᠳᠠᠵᠤ ᠪᠠᠶᠢᠭᠠᠳ ᠠᠵᠢᠯᠯᠠᠬᠤ ᠶᠢ ᠨᠢ ᠵᠤᠭᠰᠤᠭᠠᠵᠤ᠂ ᠬᠠᠭᠠᠨ᠎ᠠ᠃ | ᠲᠦᠴᠢᠨ ᠨᠢᠭᠡᠳᠦᠭᠡᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ | ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ | ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠪᠠ ᠬᠤᠶᠠᠷ ᠨᠠᠭᠤᠷ ᠤᠨ | ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠪᠠᠶᠢᠭᠤᠯᠤᠮᠵᠢ ᠳᠤ ᠲᠤᠤᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠪᠤᠶᠤ | ᠬᠤᠯᠪᠤᠭᠳᠠᠯ ᠪᠦᠬᠦᠢ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠡᠷᠭᠡ ᠲᠤᠰᠢᠶᠠᠯ ᠢᠶᠠᠨ ᠦᠨᠳᠦᠰᠦᠯᠡᠵᠦ ᠵᠠᠯᠠᠷᠠᠭᠤᠯᠬᠤ | ᠶᠢ ᠨᠢ ᠵᠠᠷᠯᠢᠭᠳᠠᠵᠤ᠂ ᠨᠡᠶᠢᠳᠡᠯᠡᠨ ᠰᠢᠬᠦᠮᠵᠢᠯᠡᠨ᠎ᠡ︔ ᠰᠢᠭᠤᠳ ᠬᠠᠷᠢᠭᠤᠴᠠᠭᠰᠠᠨ ᠭᠤᠤᠯ ᠬᠠᠮᠢᠶᠠᠷᠤᠭᠴᠢ ᠪᠠ | ᠪᠤᠰᠤᠳ ᠰᠢᠭᠤᠳ ᠬᠠᠷᠢᠭᠤᠴᠠᠭᠴᠢ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠤᠯᠭᠤᠨ᠎ᠠ︔ ᠶᠠᠯ᠎ᠠ | ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠄ | ︵ᠨᠢᠭᠡ︶ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠪᠠ ᠲᠤᠰᠬᠠᠢ | ᠲᠦᠯᠦᠪᠵᠢᠬᠦᠯᠭᠡ ᠶᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠭᠰᠠᠨ ᠦᠭᠡᠢ︔ | ︵ᠬᠤᠶᠠᠷ︶ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠪᠠ ᠲᠤᠰᠬᠠᠢ | ᠲᠦᠯᠦᠪᠵᠢᠬᠦᠯᠭᠡ ᠶᠢ ᠲᠤᠷ᠎ᠠ ᠪᠠᠷ ᠢᠶᠠᠨ ᠬᠤᠪᠢᠷᠠᠭᠤᠯᠤᠭᠰᠠᠨ︔ | ︵ᠭᠤᠷᠪᠠ︶ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠪᠠ ᠲᠤᠰᠬᠠᠢ | ᠲᠦᠯᠦᠪᠵᠢᠬᠦᠯᠭᠡ ᠶᠢ ᠵᠦᠷᠢᠴᠡᠵᠦ᠂ ᠨᠠᠭᠤᠷ ᠴᠦᠬᠦᠷᠦᠮ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ | ᠵᠦᠪᠰᠢᠶᠡᠷᠡᠭᠰᠡᠨ ᠪᠤᠶᠤ ᠲᠦᠯᠦᠪᠯᠡᠭᠡ ᠶᠤᠰᠤᠭᠠᠷ ᠲᠠᠷᠢᠶᠠᠯᠠᠬᠤ ︵ᠮᠠᠯᠵᠢᠬᠤ︶ ᠪᠠᠨ ᠵᠤᠭᠰᠤᠵᠤ ᠨᠠᠭᠤᠷ ᠪᠤᠯᠭᠠᠭᠰᠠᠨ | ᠦᠭᠡᠢ᠂ ᠨᠤᠭᠤ ᠭᠠᠵᠠᠷ ᠪᠤᠯᠭᠠᠭᠰᠠᠨ ᠦᠭᠡᠢ᠂ ᠪᠡᠯᠴᠢᠭᠡᠷ ᠪᠤᠯᠭᠠᠭᠰᠠᠨ ᠦᠭᠡᠢ᠂ ᠤᠢ ᠪᠤᠯᠭᠠᠭᠰᠠᠨ ᠦᠭᠡᠢ︔ | ︵ᠲᠦᠷᠪᠡ︶ ᠬᠢᠨᠠᠨ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ ᠪᠤᠶᠤ | ᠬᠠᠮᠠᠭᠠᠯᠠᠯᠳᠠ ᠪᠠᠷ ᠬᠦᠴᠦᠨ ᠦᠭᠡᠢ ᠪᠤᠯᠤᠭᠰᠠᠨ ᠠᠴᠠ ᠪᠤᠯᠵᠤ᠂ ᠬᠦᠨᠳᠦ ᠨᠤᠴᠢᠳᠠᠢ ᠦᠷ᠎ᠡ ᠤᠷᠰᠢᠭ ᠭᠠᠷᠭᠠᠭᠰᠠᠨ︔ | | | ︵ᠳᠠᠪᠤ︶ ᠠᠯᠪᠠᠨ ᠲᠤᠰᠢᠶᠠᠯ ᠳᠤ ᠠᠯᠮᠠᠶᠢᠷᠠᠨ ᠤᠰᠤᠯᠳᠠᠭᠰᠠᠨ᠂ ᠡᠷᠭᠡ ᠲᠤᠰᠢᠶᠠᠯ ᠢ ᠲᠤᠷ᠎ᠠ ᠪᠠᠷ | ᠬᠡᠷᠡᠭᠯᠡᠭᠰᠡᠨ᠂ ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃ | | ᠳᠠᠪᠤᠳᠤᠭᠠᠷ ᠪᠦᠯᠦᠭ ᠳᠠᠭᠠᠯᠳᠤᠭᠤᠯᠤᠯ ᠲᠦᠷᠢᠮ | | ᠲᠦᠴᠢᠨ ᠬᠤᠶᠠᠳᠤᠭᠠᠷ ᠵᠦᠢᠯ ᠲᠤᠰ ᠲᠦᠷᠢᠮ ᠢ 2018 ᠤᠨ ᠤ 7 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ |