ᠨᠢᠭᠡ ᠳᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠴᠢᠩᠭᠠᠳᠬᠠᠪᠠ᠃ 1ᠳᠥᠷᠪᠡᠯᠵᠢᠨ | ᠦᠷᠦᠭᠡ ᠶᠢᠨ ᠲᠤᠷᠰᠢᠯᠲᠠ ᠶᠢᠨ ᠲᠠᠰᠤᠭ ᠬᠤᠳᠠᠯᠳᠤᠨ ᠠᠪᠴᠤ᠂ 5 ᠢᠵᠢ ᠪᠠᠶᠢᠴᠠᠭᠠᠨ ᠬᠡᠮᠵᠢᠬᠦ ᠲᠥᠬᠦᠭᠡᠷᠦᠮᠵᠢ ᠶᠢ | ᠰᠢᠨ᠎ᠡ ᠪᠠᠷ ᠨᠡᠮᠡᠵᠦ᠂ ᠣᠳᠣᠬᠠᠨ ᠳᠤ ᠱᠠᠩᠳᠤ ᠰᠢᠶᠠᠨ ᠤ ᠪᠠᠶᠢᠴᠠᠭᠠᠨ ᠬᠡᠮᠵᠢᠬᠦ ᠲᠥᠬᠦᠭᠡᠷᠦᠮᠵᠢ 14 ᠢᠵᠢ ᠪᠠᠶᠢᠵᠤ᠂ | ᠡᠳᠦᠷ ᠤᠨ ᠳᠠᠩ ᠢᠶᠠᠷ ᠪᠠᠶᠢᠴᠠᠭᠠᠬᠤ ᠴᠢᠳᠠᠪᠤᠷᠢ 10080 ᠳᠤ ᠬᠦᠷᠴᠡᠢ᠃ | ᠬᠤᠶᠠᠷ ᠲᠤ᠂ ᠪᠣᠯᠪᠠᠰᠤᠷᠠᠯ ᠰᠣᠷᠢᠯᠲᠠ ᠶᠢ ᠵᠢᠷᠤᠮᠵᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠭᠠᠷ ᠳᠡᠪᠲᠡᠷ︾ ᠢ ᠴᠠᠭ ᠲᠤᠬᠠᠶ ᠳᠤᠨᠢ 1000 ᠳᠡᠪᠲᠡᠷ ᠳᠠᠬᠢᠨ ᠬᠡᠪᠯᠡᠭᠦᠯᠵᠦ᠂ ᠪᠥᠬᠦ ᠰᠢᠶᠠᠨ ᠤ | ᠡᠷᠡᠭᠦᠯ ᠬᠠᠮᠠᠭᠠᠯᠠᠯ ᠤᠨ ᠰᠢᠰᠲ᠋ᠧᠮ ᠤᠨ ᠬᠢᠨ ᠢ ᠵᠣᠬᠢᠶᠠᠨ ᠪᠠᠶᠢᠭᠤᠯᠤᠨ ᠱᠠᠲᠤ ᠳᠠᠷᠠᠭᠠᠯᠠᠨ ᠪᠣᠯᠪᠠᠰᠤᠷᠠᠭᠤᠯᠤᠨ | ᠰᠤᠷᠤᠯᠴᠠᠭᠤᠯᠵᠤ᠂ ᠣᠲᠣ ᠪᠣᠯᠲᠠᠯ᠎ᠠ ᠨᠡᠶᠢᠲᠡ 364 ᠲᠠᠯᠠᠪᠤᠷ ᠤᠳᠠᠭ᠎ᠠ᠂ 3467 ᠬᠥᠮᠦᠨ ᠤᠳᠠᠭ᠎ᠠ | ᠪᠣᠯᠪᠠᠰᠤᠷᠠᠭᠤᠯᠵᠤ᠂ ᠬᠤᠲᠠ ᠶᠢᠨ ᠲᠣᠭᠤᠷᠢᠭ ᠤᠨ ᠡᠯ᠎ᠡ ᠨᠡᠶᠢᠭᠡᠮ ᠲᠣᠭᠤᠷᠢᠭ ᠢ ᠬᠠᠮᠤᠷᠤᠭᠰᠠᠨ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠡᠶᠡᠯᠡᠭᠦᠯᠵᠦ᠂ ᠡᠯ᠎ᠡ ᠱᠠᠲᠤᠨ ᠤ | ᠬᠢᠵᠢᠭ ᠢ ᠰᠡᠷᠭᠡᠶᠢᠯᠡᠬᠦ ᠬᠥᠮᠦᠰ ᠤᠨ ᠭᠡᠨᠡᠳᠲᠡ ᠶᠢᠨ ᠬᠢᠵᠢᠭ ᠢ ᠰᠢᠶᠳᠪᠦᠷᠢᠯᠡᠬᠦ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠪᠡ᠃ | ᠭᠤᠷᠪᠠ ᠳᠤ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ᠠᠵᠢᠯ ᠤᠨ ᠲᠣᠭᠲᠠᠴᠠ ᠶᠢ | ᠨᠠᠶᠢᠳᠠᠪᠤᠷᠢᠵᠢᠭᠤᠯᠪᠠ᠃ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ ᠠᠵᠢᠯ ᠤᠨ ᠲᠤᠰᠬᠠᠶ ᠠᠩᠭᠢ ᠶᠢ | ᠪᠠᠶᠢᠭᠤᠯᠵᠤ᠂ ︽ᠱᠠᠩᠳᠤ ᠰᠢᠶᠠᠨ ᠤ ᠰᠢᠨ᠎ᠡ ᠲᠢᠲᠢᠮᠯᠡᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠳᠤ | ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ ᠪᠠ ᠣᠯᠠᠨ ᠭᠠᠵᠠᠷ ᠲᠤ ᠬᠥᠨᠳᠡᠭᠳᠡᠬᠦ ᠶᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠠᠵᠢᠯ ᠤᠨ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠳᠣᠤᠷ᠎ᠠ ᠨᠢ 14 | ᠠᠵᠢᠯᠯᠠᠬᠤ ᠳᠤᠭᠤᠶᠢᠯᠠᠩ ᠭᠠᠷᠭᠠᠪᠠ᠃ ᠣᠳᠣᠬᠠᠨ ᠳᠤ᠂ ᠬᠠᠮᠢᠶ᠎ᠠ ᠪᠥᠬᠦᠶ ᠭᠤᠤᠯᠳᠠᠯᠭ᠎ᠠ ᠲᠠᠢ ᠬᠥᠮᠦᠰ ᠢ ᠴᠥᠮ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠬᠥᠮᠦᠰ ᠤᠨ ᠪᠠᠶᠢᠴᠠᠭᠠᠬᠤ ᠶᠣᠰᠣᠲᠠᠶ ᠶᠢ | ᠨᠢ ᠪᠦᠬᠦᠨ ᠢ ᠪᠠᠶᠢᠴᠠᠭᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ︾ ᠳᠤ ᠣᠷᠣᠭᠤᠯᠤᠭᠰᠠᠨ ᠪᠠᠶᠢᠨ᠎ᠠ᠃ | ᠱᠠᠭᠠᠷᠳᠠᠯᠭ᠎ᠠ ᠶᠣᠰᠣᠭᠠᠷ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠣᠷᠣᠨ ᠪᠠᠶᠢᠷᠢ᠂ | ᠭᠤᠤᠯᠳᠠᠯᠭ᠎ᠠ ᠲᠠᠢ ᠬᠥᠮᠦᠰ ᠤᠨ ︽ᠬᠥᠮᠦᠨ᠂ ᠪᠣᠳᠠᠰ᠂ ᠣᠷᠴᠢᠨ ᠲᠣᠭᠤᠷᠢᠨ︾ ᠳᠤ ᠲᠣᠭᠲᠠᠮᠠᠯ | ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠪᠡ᠃ ᠣᠲᠣ ᠪᠣᠯᠲᠠᠯ᠎ᠠ᠂ | ᠭᠤᠤᠯᠳᠠᠯᠭ᠎ᠠ ᠲᠠᠢ ᠬᠥᠮᠦᠰ ᠵᠢᠴᠢ ᠪᠣᠳᠠᠰ ᠤᠨ ᠭᠠᠳᠠᠷᠭᠤ ᠶᠢᠨ ᠥᠯᠢᠭᠡᠷ ᠶᠠᠩᠵᠤ᠂ ᠣᠷᠴᠢᠨ ᠠᠬᠤᠶ ᠶᠢᠨ ᠥᠯᠢᠭᠡᠷ | ᠡᠳ᠋ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠨᠡᠶᠢᠲᠡ 472986 ᠬᠤᠪᠢ ᠪᠡᠶᠡᠯᠡᠭᠦᠯᠵᠦ᠂ ᠴᠥᠮ | ᠪᠢᠯᠢᠭ ᠴᠢᠨᠠᠷᠲᠠᠶ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |