︽2022 ᠣᠨ ᠤ ᠵᠣᠨ ᠤ ᠤᠯᠠᠷᠢᠯ ᠤᠨ ᠠᠵᠤ ᠠᠬᠤᠶ · ᠰᠥᠨᠢ ᠶᠢᠨ ᠠᠮᠢᠳᠤᠷᠠᠯ ᠢ ᠡᠳ᠋ᠯᠡᠬᠦ︾ ᠤᠯᠠᠭᠠᠨᠴᠠᠪ ᠤᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠠᠮᠲᠠᠲᠤ ᠢᠳᠡᠭᠡᠨ ᠤ ᠤᠯᠠᠷᠢᠯ ᠤᠨ ᠬᠤᠶᠠᠳᠤᠭᠠᠷ ᠤᠯᠠᠷᠢᠯ ᠤᠨ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2022/7/8
     ᠠᠮᠲᠠᠲᠤ ᠢᠳᠡᠭᠡᠨ ᠣᠪᠣᠭᠠᠷᠠᠵᠤ᠂ ᠰᠦᠯᠵᠢᠶᠡᠨ ᠤ ᠨᠡᠷᠡᠲᠦ ᠬᠦᠮᠦᠰ ᠴᠤᠭᠯᠠᠷᠠᠨ᠂ ᠵᠢᠨᠢᠩ ᠲᠣᠭᠤᠷᠢᠭ ᠢᠳᠡᠭᠡᠨ ᠤᠮᠳᠠᠭᠠᠨ᠂ ᠵᠤᠭ᠎ᠠ ᠴᠡᠩᠭᠡᠯ᠂ ᠵᠤᠭᠠᠴᠠᠯ᠂ ᠰᠡᠯᠡᠭᠦᠴᠡᠯ᠂ ᠪᠠᠷᠠᠭ᠎ᠠ ᠬᠤᠳᠠᠯᠳᠤᠭᠠᠨ ᠵᠡᠷᠭᠡ ᠰᠥᠨᠢ ᠶᠢᠨ ᠬᠡᠷᠡᠭᠯᠡᠭᠡᠨ ᠤ ᠬᠡᠷᠡᠭᠴᠡᠭᠡ ᠶᠢ ᠨᠢᠭᠡ ᠯᠡ ᠥᠷᠲᠡᠭᠡᠨ ᠤ ᠮᠠᠶ᠋ᠢᠭ ᠢᠶᠠᠷ ᠬᠠᠩᠭᠠᠬᠤ ᠶᠢ ᠭᠤᠣᠯᠴᠢᠯᠠᠨ ᠪᠦᠲᠦᠭᠡᠨ ᠪᠠᠶᠢᠭᠤᠯᠵᠤ᠂ ᠬᠤᠳᠠ ᠶᠢᠨ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠢᠲᠡᠭᠡᠯ ᠢ ᠬᠥᠪᠴᠢᠯᠡᠵᠦ᠂ ᠰᠥᠨᠢ ᠶᠢᠨ ᠠᠵᠤ ᠠᠬᠤᠢ ᠶᠢᠨ ᠬᠥᠭᠵᠢᠯ ᠴᠡᠴᠡᠭᠯᠡᠯ ᠢ ᠠᠬᠢᠭᠤᠯᠵᠠᠢ ᠃ 7 ᠰᠠᠷ᠎ᠠ ᠶᠢᠨ 5 ᠳᠤ᠂ ︽2022 ᠣᠨ ᠤ ᠵᠣᠨ ᠤ ᠤᠯᠠᠷᠢᠯ ᠤᠨ ᠠᠵᠤ ᠠᠬᠤᠶ · ᠰᠥᠨᠢ ᠶᠢᠨ ᠠᠮᠢᠳᠤᠷᠠᠯ ᠢ ᠡᠳ᠋ᠯᠡᠬᠦ︾ ᠤᠯᠠᠭᠠᠨᠴᠠᠪ ᠤᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠠᠮᠲᠠᠲᠤ ᠢᠳᠡᠭᠡᠨ ᠤ ᠤᠯᠠᠷᠢᠯ ᠤᠨ ᠬᠤᠶᠠᠳᠤᠭᠠᠷ ᠤᠯᠠᠷᠢᠯ ᠤᠨ ᠠᠵᠢᠯᠯᠠᠭ᠎ᠠ ᠵᠢᠨᠢᠩ ᠵᠠᠮ ᠤᠨ ᠢᠳᠡᠭᠡᠨ ᠤ ᠵᠡᠭᠡᠯᠢ ᠶᠢᠨ ᠵᠢᠢ ᠰᠢᠶᠠᠩ ᠲᠠᠯᠠᠪᠠᠶ ᠳᠤ ᠵᠢᠩᠬᠢᠨᠢ ᠪᠠᠷ ᠡᠬᠢᠯᠡᠵᠦ᠂ ᠨᠠᠭᠠᠳᠤᠮᠴᠢᠳ ᠴᠤᠭᠯᠠᠷᠠᠨ᠂ ᠠᠮᠲᠠᠲᠤ ᠢᠳᠡᠭᠡᠨ ᠣᠪᠣᠭᠠᠷᠠᠵᠤ᠂ ᠬᠤᠲᠠ ᠶᠢᠨ ᠠᠷᠠᠳ ᠤᠨ ᠵᠣᠨ ᠤ ᠡᠳᠦᠷ ᠤᠨ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠪᠡ᠃      ᠲᠣᠰ ᠤᠳᠠᠭᠠᠨ ᠤ ᠠᠵᠢᠯᠯᠠᠭ᠎ᠠ ᠨᠢ 7 ᠰᠠᠷ᠎ᠠ ᠶᠢᠨ 5 ᠤ ᠡᠳᠦᠷ ᠠᠴᠠ ᠡᠬᠢᠯᠡᠵᠦ᠂ 7 ᠰᠠᠷ᠎ᠠ ᠶᠢᠨ 20 ᠤ ᠡᠳᠦᠷ ᠳᠠᠭᠤᠰᠤᠨ᠎ᠠ᠂ ᠬᠤᠭᠤᠴᠠᠭ᠎ᠠ ᠨᠢ 15 ᠡᠳᠦᠷ ᠪᠣᠯᠤᠨ᠎ᠠ᠃ ᠲᠣᠰ ᠠᠵᠢᠯᠯᠠᠭ᠎ᠠ ᠶᠢ ᠳᠡᠯᠭᠡᠴᠡ ᠶᠢᠨ ᠠᠵᠤ ᠠᠬᠤᠶ᠂ ᠫᠢᠸᠤ᠋ ᠠᠮᠲᠠᠲᠤ ᠢᠳᠡᠭᠡᠨ᠂ ᠲᠡᠷᠭᠡᠨ ᠤ ᠠᠷᠤ  ᠪᠡᠯᠡᠳᠬᠡᠯ ᠬᠠᠶᠢᠷᠴᠠᠭ ᠤᠨ ᠮᠠᠶᠢᠮᠠᠶ᠂ ᠬᠡᠤᠬᠡᠳ ᠤᠨ ᠴᠡᠩᠭᠡᠯ ᠤᠨ ᠬᠦᠷᠢᠶᠡᠯᠡᠩ ᠵᠡᠷᠭᠡ ᠬᠡᠰᠡᠭ ᠢᠶᠠᠷ ᠬᠤᠪᠢᠶᠠᠵᠤ᠂ 100 ᠭᠠᠷᠤᠶ ᠳᠡᠯᠭᠡᠭᠦᠷ ᠭᠠᠷᠭᠠᠵᠤ᠂ ᠢᠳᠡᠬᠦ᠂ ᠬᠤᠳᠠᠯᠳᠤᠨ ᠠᠪᠬᠤ᠂ ᠵᠤᠭ᠎ᠠ ᠴᠡᠩᠭᠡᠯ ᠬᠠᠩᠭᠠᠬᠤ ᠶᠢ ᠪᠡᠶᠡᠯᠡᠭᠦᠯᠵᠦ᠂ ᠬᠤᠲᠠ ᠶᠢᠨ ᠠᠷᠠᠳ ᠲᠤ ᠰᠢᠨ᠎ᠡ ︽ᠰᠥᠨᠢ ᠶᠢᠨ ᠭᠠᠵᠠᠷ ᠤᠨ ᠲᠡᠮᠳᠡᠭ︾ ︽ᠰᠥᠨᠢ ᠶᠢᠨ ᠠᠮᠢᠳᠤᠷᠠᠯ ᠤᠨ IP︾ ︽ᠰᠥᠨᠢ ᠶᠢᠨ ᠠᠮᠢᠳᠤᠷᠠᠯ ᠤᠨ ᠰᠦᠯᠵᠢᠶᠡᠨ ᠤ ᠺᠠᠷᠲ ᠴᠣᠬᠢᠬᠤ ᠭᠠᠵᠠᠷ︾ ᠬᠠᠩᠭᠠᠭᠰᠠᠨ ᠢᠶᠠᠷ ᠪᠠᠷᠠᠬᠤ ᠥᠬᠡᠶ ᠪᠠᠰᠠ ᠵᠢᠨᠢᠩ ᠲᠣᠭᠤᠷᠢᠭ ᠴᠢᠨᠠᠭᠰᠢᠯᠠᠪᠠᠯ ᠤᠯᠠᠭᠠᠨᠴᠠᠪ ᠬᠤᠲᠠ ᠶᠢᠨ ᠰᠣᠶᠣᠯ᠂ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢᠨ ᠣᠯᠤᠭᠰᠠᠨ ᠦᠷ᠎ᠡ ᠪᠦᠲᠦᠭᠡᠯ ᠢ ᠭᠦᠶᠴᠡᠳ ᠬᠠᠷᠠᠭᠤᠯᠤᠭᠰᠠᠨ ᠪᠠᠶᠢᠨ᠎ᠠ᠃                                         ᠣᠷᠴᠢᠭᠤᠯᠤᠭᠴᠢ᠄ ᠤᠳᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2