ᠰᠢᠩ ᠾᠧ ᠰᠢᠶᠠᠨ ︽8 · 1︾ ᠤ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠢᠴᠢᠯᠠᠯᠳᠠ ᠶᠢᠨ ᠴᠡᠷᠢᠭ ᠠᠩᠬᠢ ᠪᠠ ᠣᠷᠣᠨ ᠨᠤᠲᠤᠭ ᠤᠨ ᠬᠠᠮᠲᠤᠷᠠᠭᠰᠠᠨ ᠵᠢᠯᠤᠭᠤᠳᠤᠯᠭ᠎ᠠ ᠶᠢᠨ ᠰᠤᠳᠤᠯᠭᠠᠨ ᠤ ᠴᠢᠨᠠᠷᠲᠠᠢ ᠰᠣᠷᠢᠯᠲᠠ ᠬᠢᠪᠡ
ᠨᠡᠶᠢᠲᠡᠯᠡᠭᠰᠡᠨ ᠴᠠᠭ᠄
2022/8/1
     ᠣᠶᠢᠷ᠎ᠠ ᠳᠤ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠪᠣᠯᠬᠤ ᠲᠠᠰᠢᠷᠠᠮ ᠢᠶᠠᠷ᠂ ᠰᠢᠩ ᠾᠧ ᠰᠢᠶᠠᠨ ︽8.1︾ ᠤ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠵᠢᠯᠣᠭᠤᠳᠣᠯᠭ᠎ᠠ ᠶᠢᠨ ᠰᠤᠳᠤᠯᠭᠠᠨ ᠤ ᠴᠢᠨᠠᠷᠲᠠᠶ ᠰᠣᠷᠢᠯᠲᠠ ᠶᠢ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠪᠦᠬᠦ ᠬᠥᠮᠦᠰ ︽ᠴᠡᠷᠢᠭ ᠢ ᠬᠦᠴᠦᠷᠬᠡᠭᠵᠢᠭᠦᠯᠬᠦ ᠲᠤᠬᠠᠶ ᠶᠠᠷᠢᠶ᠎ᠠ—ᠥᠭᠡᠷᠡᠴᠢᠯᠡᠯᠲᠡ ᠪᠣᠯ ᠮᠠᠨ ᠤ ᠴᠡᠷᠢᠭ ᠤᠨ ᠬᠥᠭᠵᠢᠨ ᠪᠤᠵᠠᠭᠠᠶᠢᠷᠠᠵᠤ᠂ ᠢᠷᠡᠭᠡᠳᠦᠶ ᠳᠤ ᠢᠯᠠᠯᠲᠠ ᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ︾ ᠭᠡᠬᠦ ᠣᠬᠤᠷ ᠳᠦᠷᠰᠦ ᠰᠢᠩᠭᠡᠭᠡᠯᠲᠡ ᠶᠢ ᠦᠵᠡᠵᠦ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠬᠢᠵᠦ ᠴᠡᠷᠢᠭ ᠢ ᠬᠦᠴᠦᠷᠬᠡᠭᠵᠢᠭᠦᠯᠬᠦ ᠴᠢᠬᠤᠯᠠ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠪᠦᠬᠦ ᠬᠥᠮᠦᠰ ᠢ ᠬᠦᠲᠦᠯᠦᠨ ᠵᠢᠯᠣᠭᠤᠳᠴᠤ ᠪᠠᠶᠢᠭᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ᠂ ᠰᠠᠨᠠᠭᠠᠰᠢᠷᠠᠨ ᠵᠣᠪᠠᠨᠢᠬᠤ ᠤᠬᠠᠮᠰᠠᠷ ᠢ ᠨᠢ ᠴᠢᠨᠠᠭᠰᠢᠳᠠ ᠴᠢᠩᠭᠠᠳᠬᠠᠵᠤ᠂ ᠠᠮᠤᠷ ᠠᠮᠤᠭᠤᠯᠠᠩᠲᠤ ᠰᠢᠩ ᠾᠧ ᠢ ᠪᠠᠶᠢᠭᠤᠯᠬᠤ᠂ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠰᠠᠭᠤᠷᠢ ᠲᠤᠯᠭᠠᠭᠤᠷᠢᠯᠠᠯ ᠢ ᠪᠠᠲᠤᠳᠬᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠰᠢᠩ ᠡᡁᠧ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠴᠡᠷᠢᠭ ᠠᠩᠬᠢ ᠪᠠ ᠣᠷᠣᠨ ᠨᠤᠲᠤᠭ ᠤᠨ ᠬᠠᠮᠲᠤᠷᠠᠭᠰᠠᠨ ᠵᠢᠯᠣᠭᠤᠳᠬᠤ ᠰᠢᠰᠲ᠋ᠧᠮ ᠢ ᠵᠠᠳᠠᠯᠤᠨ ᠰᠢᠨᠵᠢᠯᠡᠵᠦ᠂ ᠪᠦᠬᠦ ᠬᠥᠮᠦᠰ ᠲᠣᠨᠣᠭᠯᠠᠯ ᠪᠠᠭᠠᠵᠢ ᠬᠡᠷᠡᠭᠰᠡᠯ ᠤᠨ ᠲᠤᠬᠢᠷᠠᠭᠤᠯᠤᠯᠳᠠ᠂ ᠤᠢ ᠰᠢᠭᠤᠢ ᠶᠢᠨ ᠭᠠᠯ ᠲᠦᠢᠮᠡᠷ ᠤᠨ  ᠰᠡᠷᠭᠡᠶᠢᠯᠡᠯᠲᠡ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ ᠶᠢ ᠲᠣᠭᠤᠷᠢᠨ ᠦᠵᠡᠭᠰᠡᠨ ᠪᠥᠭᠡᠳ ᠡᠯ᠎ᠡ ᠵᠦᠢᠯ ᠤᠨ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃      ᠬᠤᠷᠠᠯ ᠠᠴᠠ᠂ ᠡᠯ᠎ᠡ ᠪᠦᠷᠢᠯᠳᠦᠬᠦᠨ ᠨᠢᠭᠡᠴᠢ ᠶᠢᠨ ᠬᠢᠨ ᠠᠵᠤ ᠠᠬᠤᠢ ᠶᠢ ᠠᠳᠬᠤᠬᠤ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢ ᠦᠯᠦ ᠮᠠᠷᠲᠠᠬᠤ᠂ ᠠᠮᠤᠷ ᠲᠠᠶᠢᠪᠤᠩ ᠪᠠᠶᠢᠬᠤ ᠳᠤ ᠳᠠᠶᠢᠨ ᠳᠤ ᠪᠡᠯᠡᠳᠬᠡᠬᠦ ᠶᠢ ᠦᠯᠦ ᠮᠠᠷᠲᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠪᠦᠬᠦ ᠨᠡᠶᠢᠭᠡᠮ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠳᠡᠮᠵᠢᠬᠦ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠳᠡᠮᠵᠢᠬᠦ ᠬᠡᠷᠡᠭᠲᠡᠢ᠃ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ᠂ ᠥᠷᠭᠡᠨ ᠤᠯᠠᠨ ᠡᠷᠦᠬᠡ ᠶᠢᠨ ᠴᠡᠷᠢᠭ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠷᠢᠮᠲᠠᠯᠠᠵᠤ᠂ ᠴᠡᠷᠢᠭ ᠠᠷᠠᠳ ᠤᠨ ᠬᠤᠭᠤᠷᠣᠨᠳᠣᠬᠢ ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠴᠢᠨᠠᠭᠰᠢᠳᠠ ᠪᠠᠬᠢᠵᠢᠭᠦᠯᠦᠨ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃                                           ᠣᠷᠴᠢᠭᠤᠯᠤᠭᠴᠢ᠄ ᠤᠳᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2