ᠵᠢᠨᠢᠩ ᠲᠣᠭᠤᠷᠢᠭ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠥᠷᠪᠡᠳᠦᠭᠡᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/12
     8 ᠰᠠᠷ᠎ᠠ ᠶᠢᠨ 11 ᠤ ᠡᠳᠦᠷ᠂ ᠵᠢᠨᠢᠩ ᠲᠣᠭᠤᠷᠢᠭ ᠤᠨ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠳᠥᠷᠪᠡᠳᠦᠭᠡᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠪᠠᠶᠢᠳᠠᠯ ᠢ ᠵᠠᠷᠯᠠᠨ ᠮᠡᠳᠡᠭᠳᠡᠪᠡ᠃      8 ᠰᠠᠷ᠎ᠠ ᠶᠢᠨ 10 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠵᠢᠨᠢᠩ ᠲᠣᠭᠤᠷᠢᠭ ᠤᠨ ᠲᠥᠪᠯᠡᠷᠡᠭᠦᠯᠦᠨ ᠲᠤᠰᠠᠭᠠᠷᠯᠠᠭᠰᠠᠨ ᠬᠥᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ 2 ᠠᠷᠭ᠎ᠠ ᠴᠢᠨᠠᠷᠲᠠᠶ ᠬᠠᠯᠳᠠᠪᠤᠷᠢᠯᠠᠭᠰᠠᠳ ᠢ ᠪᠠᠶᠢᠴᠠᠭᠠᠨ ᠭᠠᠷᠭᠠᠵᠠᠶ᠂ ᠡᠨᠡ ᠪᠣᠯ 8 ᠰᠠᠷ᠎ᠠ ᠶᠢᠨ 6 ᠤ ᠡᠳᠦᠷ ᠣᠨᠣᠰᠢᠯᠠᠭᠰᠠᠨ ᠵᠠᠩ ᠣᠪᠣᠭᠲᠤ ᠶᠢᠨ ᠨᠢᠭᠲᠠ ᠣᠶᠢᠷᠠᠲᠤᠭᠰᠠᠳ ᠪᠣᠯᠤᠨ᠎ᠠ᠂ ᠲᠡᠷᠡ ᠳᠠᠷᠤᠶ ᠳᠤᠨᠢ ᠴᠡᠭ ᠠᠴᠠ ᠴᠡᠭ ᠲᠤ ᠰᠢᠯᠵᠢᠭᠦᠯᠬᠦ ᠠᠷᠭ᠎ᠠ ᠪᠠᠷ ᠲᠣᠭᠲᠠᠭᠰᠠᠨ ᠡᠮᠨᠡᠨ ᠵᠠᠰᠠᠬᠤ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠣᠨᠣᠰᠢᠯᠠᠭᠰᠠᠨ ᠢᠶᠠᠷ᠂ 1 ᠨᠢ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ︵ᠬᠥᠩᠭᠡᠨ ᠬᠡᠯᠪᠡᠷᠢ︶᠂ 1 ᠨᠢ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠪᠣᠯᠤᠨ᠎ᠠ᠃      8 ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠂ ᠵᠢᠨᠢᠩ ᠲᠣᠭᠤᠷᠢᠭ ᠲᠤ ᠬᠠᠯᠳᠠᠪᠤᠷᠢᠯᠠᠭᠰᠠᠳ ᠢ ᠨᠡᠶᠢᠲᠡ 12 ᠮᠡᠳᠡᠭᠦᠯᠪᠡ᠂ ᠡᠭᠦᠨ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ 10 ︵ᠬᠥᠩᠭᠡᠨ ᠬᠡᠯᠪᠡᠷᠢ︶᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ 2 ᠪᠣᠶ᠃ ᠣᠳᠣᠬᠠᠨ ᠳᠤ᠂ ᠪᠣᠶ ᠪᠥᠬᠦᠶ ᠬᠥᠮᠦᠰ ᠤᠨ ᠪᠠᠶᠢᠳᠠᠯ ᠲᠣᠭᠲᠠᠭᠤᠨ ᠪᠠᠶᠢᠵᠤ᠂ ᠲᠡᠳᠡᠨ ᠤ ᠨᠢᠭᠲᠠ ᠣᠶᠢᠷᠠᠲᠤᠭᠰᠠᠳ ᠪᠠ ᠳᠡᠳ᠋ ᠨᠢᠭᠲᠠ ᠣᠶᠢᠷᠠᠲᠤᠭᠰᠠᠳ ᠢ ᠨᠢᠭᠡᠨᠲᠡ ᠪᠦᠬᠦᠨ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠵᠦ᠂ ᠣᠳᠣᠬᠢ ᠱᠠᠲᠤᠨ ᠤ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠠᠶᠢᠵᠤ᠂ ᠡᠨᠡᠬᠡᠨ ᠬᠤᠭᠤᠴᠠᠭᠠᠨ ᠳᠤ ᠬᠢᠵᠢᠭ ᠤᠨ ᠪᠠᠶᠢᠳᠠᠯ ᠭᠠᠳᠠᠭᠰᠢ ᠬᠠᠯᠳᠠᠪᠤᠷᠢᠯᠠᠬᠤ ᠲᠦᠭᠰᠢᠭᠦᠷᠢ ᠥᠬᠡᠶ᠃      ᠲᠦᠷᠦᠭᠦᠤ ᠬᠡᠳᠦᠨ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠲᠠ ᠪᠠᠷ ᠳᠡᠮᠵᠢᠨ᠂ ᠵᠢᠨᠢᠩ ᠲᠣᠭᠤᠷᠢᠭ ᠤᠨ ᠨᠡᠶᠢᠭᠡᠮ ᠤᠨ ᠲᠠᠯ᠎ᠠ ᠳᠤ ᠠᠷᠭ᠎ᠠ ᠶᠢᠨ ᠴᠢᠨᠠᠷᠲᠠᠶ ᠬᠠᠯᠳᠠᠪᠤᠷᠢᠯᠠᠭᠴᠢ ᠭᠠᠷᠤᠭᠰᠠᠨ ᠥᠬᠡᠶ᠃ 10 ᠤ ᠡᠳᠦᠷ ᠶᠠᠪᠤᠭᠳᠠᠭᠰᠠᠨ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠯᠢᠭᠡᠷ ᠠᠪᠬᠤ ᠠᠵᠢᠯ ᠰᠢᠪᠲᠤᠷᠭᠠᠨ ᠳᠠᠭᠠᠨ ᠣᠷᠣᠵᠤ᠂ ᠦᠷ᠎ᠡ ᠳ᠋ᠦᠩ ᠢ ᠲᠡᠷᠡ ᠳᠠᠷᠤᠢ ᠳᠤᠨᠢ ᠨᠡᠶᠢᠭᠡᠮ ᠳᠤ ᠨᠡᠶᠢᠲᠡᠯᠡᠬᠦ ᠪᠣᠯᠤᠨ᠎ᠠ᠃      ᠬᠢᠵᠢᠭ ᠤᠨ ᠪᠠᠶᠢᠳᠠᠯ ᠢᠯᠡᠷᠡᠭᠰᠡᠨ ᠠᠴᠠ ᠨᠠᠰᠢ᠂ ᠵᠢᠨᠢᠩ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠪᠣᠯᠤᠨ ᠡᠪᠯᠡᠯ ᠲᠣᠭᠤᠷᠢᠭ ᠤᠨ ᠬᠤᠷᠢᠶ᠎ᠠ ᠶᠢᠨ ᠬᠢᠨ ᠲᠡᠷᠡ ᠳᠠᠷᠤᠢ ᠳᠤᠨᠢ ᠴᠤᠤᠷᠢᠶᠠᠲᠤᠨ ᠲᠠᠭᠠᠵᠦ᠂ ᠥᠷᠭᠡᠨ ᠤᠯᠠᠨ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠵᠦ᠂ ᠡᠯ᠎ᠡ ᠱᠠᠲᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠳᠠᠶᠢᠴᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭᠤᠯᠵᠠᠢ᠃ ᠣᠲᠣ ᠪᠣᠯᠲᠠᠯ᠎ᠠ᠂ ᠵᠢᠨᠢᠩ ᠲᠣᠭᠤᠷᠢᠭ ᠤᠨ ᠠᠵᠢᠯ ᠤᠨ ᠪᠠᠶᠢᠷᠢ ᠳᠤ ᠭᠠᠷᠤᠭᠰᠠᠨ ᠰᠠᠶᠢᠨ ᠳᠤᠷ᠎ᠠ ᠶᠢᠨ ᠠᠵᠢᠯᠯᠠᠭᠴᠢ ᠨᠡᠶᠢᠲᠡ 23000 ᠭᠠᠷᠤᠶ ᠬᠥᠮᠦᠨ ᠤᠳᠠᠭ᠎ᠠ ᠳᠤ ᠬᠦᠷᠴᠦ᠂ ᠳᠤᠮᠳᠠᠴᠢ ᠪᠠᠷ ᠡᠳᠦᠷ ᠪᠦᠷᠢ 3389 ᠬᠥᠮᠦᠨ ᠠᠵᠢᠯ ᠤᠨ ᠪᠠᠶᠢᠷᠢ ᠳᠤ ᠭᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠣᠷᠣᠯᠴᠠᠭᠰᠠᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠤᠭ᠎ᠠ ᠲᠠᠰᠤᠷᠠᠯᠲᠠ ᠥᠬᠡᠶ ᠨᠡᠮᠡᠭᠳᠡᠵᠦ᠂ ᠡᠳᠦᠷ ᠪᠦᠷᠢ 200 ᠭᠠᠷᠤᠶ ᠬᠥᠮᠦᠨ ᠨᠡᠮᠡᠭᠳᠡᠵᠦ ᠪᠠᠶᠢᠨ᠎ᠠ᠃ ᠰᠠᠶᠢᠨ ᠳᠤᠷ᠎ᠠ ᠶᠢᠨ ᠠᠵᠢᠯᠯᠠᠭᠴᠢ ᠨᠢ ᠪᠦᠬᠦᠯᠢ 18 ᠨᠠᠰᠤᠨ ᠠᠴᠠ ᠪᠦᠬᠦᠯᠢ 60 ᠨᠠᠰᠤᠨ ᠤ ᠡᠯ᠎ᠡ ᠠᠵᠢᠯ ᠲᠥᠷᠥᠯ ᠤᠨ ᠬᠥᠮᠦᠰ ᠢ ᠬᠠᠮᠤᠷᠴᠤ᠂ ᠠᠮᠠᠷᠠᠯᠲᠠ ᠶᠢᠨ ᠬᠤᠭᠤᠴᠠᠭᠠᠨ ᠳᠤ ᠨᠤᠲᠤᠭ ᠲᠠᠭᠠᠨ ᠪᠤᠴᠠᠭᠰᠠᠨ ᠣᠶᠤᠲᠠᠨ᠂ ᠨᠠᠮ ᠤᠨ ᠭᠡᠰᠢᠭᠦᠨ ᠺᠠᠳ᠋ᠷ᠂ ᠰᠠᠭᠤᠭᠠᠯᠢ ᠠᠷᠠᠳ ᠤᠨ ᠲᠣᠭᠤᠷᠢᠭ ᠤᠨ ᠬᠠᠯᠠᠭᠤᠨ  ᠰᠡᠳᠬᠢᠯᠲᠦ ᠰᠠᠭᠤᠭᠠᠯᠢ ᠠᠷᠠᠳ᠂ ᠳᠤᠮᠳᠠᠳᠤ ᠪᠠᠭ᠎ᠠ ᠰᠤᠷᠭᠠᠭᠤᠯᠢ ᠶᠢᠨ ᠮᠠᠰᠢ ᠣᠯᠠᠨ ᠰᠤᠷᠤᠭᠴᠢᠳ ᠴᠤ ᠰᠠᠭᠤᠭᠠᠯᠢ ᠠᠷᠠᠳ ᠤᠨ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠶ ᠣᠷᠣᠯᠴᠠᠭᠰᠠᠨ ᠪᠠᠶᠢᠨ᠎ᠠ᠃ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠨᠢ ᠵᠢᠨᠢᠩ ᠤᠨ ᠠᠷᠠᠳ ᠲᠦᠮᠡᠨ ᠤ ᠬᠠᠷᠢᠭᠤᠴᠠᠯᠭ᠎ᠠ ᠲᠠᠢ᠂ ᠡᠭᠦᠷᠭᠡ ᠡᠭᠦᠷᠭᠡᠯᠡᠵᠦ ᠴᠢᠳᠠᠬᠤ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠢᠯᠡᠷᠡᠭᠦᠯᠪᠡ᠃                                         ᠣᠷᠴᠢᠭᠤᠯᠤᠭᠴᠢ᠄ ᠤᠳᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
1
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2