ᠰᠢᠩ ᠾᠧ ᠰᠢᠶᠠᠨ ᠤ 2022 ᠣᠨ ᠤ 7 ᠰᠠᠷ᠎ᠠ ᠶᠢᠨ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠷᠤᠭᠴᠠᠭ᠎ᠠ ᠪᠠᠶᠢᠳᠠᠯ
ᠨᠡᠶᠢᠲᠡᠯᠡᠭᠰᠡᠨ ᠴᠠᠭ᠄
2022/8/15
     ᠰᠢᠩ ᠾᠧ ᠰᠢᠶᠠᠨ ᠤ 7 ᠰᠠᠷ᠎ᠠ ᠶᠢᠨ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠷᠤᠭᠴᠠᠭ᠎ᠠ ᠪᠠᠶᠢᠳᠠᠯ᠄ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ 38.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ᠂ ᠡᠭᠦᠨ ᠳᠤ᠂ ᠨᠢᠭᠡᠳᠦᠭᠡᠷ ᠠᠵᠤ ᠦᠶᠯᠡᠰ 3.8 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 2.1% ᠪᠠᠷ ᠨᠡᠮᠡᠭᠳᠡᠵᠦ᠂ ᠬᠤᠶᠠᠳᠤᠭᠠᠷ ᠠᠵᠤ ᠦᠶᠯᠡᠰ 13 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 28.9% ᠪᠠᠷ ᠨᠡᠮᠡᠭᠳᠡᠵᠦ᠂ ᠭᠤᠷᠪᠠᠳᠤᠭᠠᠷ ᠠᠵᠤ ᠦᠶᠯᠡᠰ 21.8 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠵᠦ᠂ ᠭᠤᠷᠪᠠᠨ ᠠᠵᠤ ᠦᠶᠯᠡᠰ ᠤᠨ ᠬᠠᠷᠢᠴᠠᠯ ᠨᠢ 10᠄ 33.5᠄ 56.5 ᠪᠣᠯᠪᠠ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 20235 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ︔ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 7385 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19% ᠪᠠᠷ ᠨᠡᠮᠡᠭᠳᠡᠪᠡ︔ ᠪᠦᠬᠦ ᠰᠢᠶᠠᠨ ᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 59 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠪᠡ︔ ᠪᠦᠬᠦ ᠰᠢᠶᠠᠨ ᠤ ᠠᠵᠤ ᠦᠢᠯᠡᠳᠪᠦᠷᠢ ᠶᠢᠨ ᠶᠡᠷᠦᠩᠬᠡᠢ ᠭᠠᠷᠤᠯᠲᠠ ᠶᠢᠨ ᠨᠡᠮᠡᠭᠳᠡᠯ ᠦᠷᠳᠡᠭ 11.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠪᠡ︔ ᠨᠡᠶᠢᠭᠡᠮ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 6.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠪᠡ︔ ᠡᠳ᠋ ᠤᠨ ᠵᠠᠰᠠᠭ ᠤᠨ ᠶᠡᠷᠦᠩᠬᠡᠶ ᠣᠷᠣᠯᠭ᠎ᠠ 1.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ᠃                                  ᠣᠷᠴᠢᠭᠤᠯᠤᠭᠴᠢ᠄ ᠤᠳᠠ                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2