ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠪᠠᠨ ᠬᠤᠶᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2022/8/16
     8 ᠰᠠᠷ᠎ᠠ ᠶᠢᠨ 15 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠪᠠᠨ ᠬᠤᠶᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠰᠢᠨ᠎ᠡ ᠪᠠᠶᠢᠳᠠᠯ ᠢ ᠮᠡᠳᠡᠭᠳᠡᠪᠡ᠃      8 ᠰᠠᠷ᠎ᠠ ᠶᠢᠨ 14 ᠤ ᠡᠳᠦᠷ ᠤᠨ 0 ᠠᠴᠠ 24 ᠴᠠᠭ ᠪᠣᠯᠲᠠᠯ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠳᠤᠰ ᠭᠠᠵᠠᠷ ᠤᠨ ᠡᠪᠡᠳᠴᠢᠨ ᠤ ᠢᠯᠡᠷᠡᠯ ᠦᠬᠡᠢ ᠬᠠᠯᠳᠠᠪᠤᠷᠢᠯᠠᠭᠰᠠᠳ ᠰᠢᠨ᠎ᠡ ᠪᠠᠷ 9 ᠨᠡᠮᠡᠭᠳᠡᠭᠰᠡᠨ ᠢ ᠮᠡᠳᠡᠭᠦᠯᠪᠡ ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠵᠠᠶ︶᠃ 8 ᠰᠠᠷ᠎ᠠ ᠶᠢᠨ 14 ᠤ ᠡᠳᠦᠷ ᠤᠨ 24 ᠴᠠᠭ ᠪᠣᠯᠲᠠᠯ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠮᠨᠡᠯᠭᠡ ᠠᠴᠠ ᠭᠠᠷᠤᠭᠰᠠᠨ ᠣᠨᠣᠰᠢᠯᠠᠭᠰᠠᠨ ᠡᠪᠡᠳᠴᠢᠨ ᠤ ᠵᠢᠱᠢᠶ᠎ᠡ 2 ᠪᠠᠶᠢᠵᠤ᠂ ᠣᠲᠣ ᠲᠣᠰ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ 63 ︵ᠡᠮᠴᠢᠯᠡᠭᠡᠨ ᠤ ᠣᠨᠣᠰᠢᠯᠠᠯᠲᠠ ᠪᠠᠷ ᠬᠥᠩᠭᠡᠨ ᠬᠡᠯᠪᠡᠷᠢ ᠶᠢᠨ︶ ᠪᠠᠶᠢᠵᠤ᠂ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠤᠭᠰᠠᠨ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ 1 ᠪᠠᠶᠢᠵᠤ᠂ ᠲᠣᠰ ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ 38 ᠪᠠᠶᠢᠵᠤ᠂ ᠴᠥᠮ ᠤᠯᠠᠭᠠᠨᠴᠠᠪ ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶᠠᠨ ᠳᠤ ᠡᠮᠨᠡᠭᠦᠯᠵᠦ ᠪᠠᠶᠢᠬᠤ ᠪᠦᠭᠡᠳ ᠬᠦᠨᠳᠦ ᠡᠪᠡᠳᠴᠢᠲᠡᠨ᠂ ᠬᠦᠨᠳᠦ ᠲᠦᠭᠰᠢᠭᠦᠷᠢᠲᠡᠶ ᠡᠪᠡᠳᠴᠢᠲᠡᠨ ᠪᠠᠶᠢᠬᠤ ᠥᠬᠡᠶ᠃ ᠨᠢᠭᠲᠠ ᠣᠶᠢᠷᠠᠲᠤᠭᠰᠠᠳ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ  ᠂ ᠬᠢᠵᠢᠭ ᠤᠨ ᠥᠷᠭᠡᠵᠢᠨ ᠳᠡᠯᠭᠡᠷᠡᠬᠦ ᠶᠢ ᠴᠢᠩᠭ᠎ᠠ ᠰᠡᠷᠭᠡᠶᠢᠯᠡᠪᠡ᠃      ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢᠯᠡᠷᠡᠭᠰᠡᠨ ᠠᠴᠠ ᠨᠠᠰᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢᠳᠡᠪᠬᠢᠲᠡᠶ ᠬᠥᠳᠡᠯᠦᠯᠴᠡᠵᠦ᠂ ᠲᠡᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠲᠤᠰᠬᠠᠶ ᠮᠡᠷᠭᠡᠵᠢᠯ ᠢᠶᠠᠨ ᠪᠠᠳᠠᠷᠠᠭᠤᠯᠵᠤ᠂ ᠡᠰᠡᠬᠦᠯ᠎ᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠨᠢᠭᠡᠳᠦᠭᠡᠷ ᠹᠷᠣᠨᠲ ᠲᠤ ᠡᠷᠡᠯᠬᠡᠭᠯᠡᠨ ᠠᠵᠢᠯᠯᠠᠵᠤ᠂ ᠡᠰᠡᠬᠦᠯ᠎ᠡ ᠬᠠᠶᠢᠷ᠎ᠠ ᠰᠡᠳᠬᠢᠯᠭᠡ ᠪᠠᠨ ᠡᠷᠭᠦᠵᠦ᠂ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠡᠰᠡᠬᠦᠯ᠎ᠡ ᠰᠠᠶᠢᠨ ᠳᠤᠷ᠎ᠠ ᠠᠴᠠ ᠪᠠᠨ ᠦᠢᠯᠡᠴᠢᠯᠡᠵᠦ᠂ ᠰᠡᠷᠭᠡᠶᠢᠯᠡᠨ ᠡᠵᠡᠮᠳᠡᠬᠦ ᠳᠤ ᠬᠦᠴᠦ ᠨᠡᠮᠡᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ︽ᠡᠮᠦᠨ᠎ᠡ ᠨᠢ ᠶᠠᠪᠤᠵᠤ᠂ ᠡᠮᠦᠨ᠎ᠡ ᠨᠢ ᠠᠵᠢᠯᠯᠠᠬᠤ︾ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠬᠢᠵᠢᠭ ᠤᠨ ᠪᠠᠶᠢᠳᠠᠯ ᠢ ᠡᠰᠡᠷᠭᠦᠴᠡᠬᠦ ᠶᠠᠪᠤᠴᠠ ᠳᠤ ᠬᠢᠵᠢᠭ ᠢ ᠡᠰᠡᠷᠭᠦᠴᠡᠬᠦ ᠬᠦᠴᠦᠷᠬᠡᠭ ᠶᠡᠭᠡ ᠬᠦᠴᠦᠨ ᠢ ᠬᠤᠷᠠᠮᠳᠤᠭᠤᠯᠵᠠᠶ᠃      14 ᠤ ᠡᠳᠦᠷ ᠪᠣᠯᠲᠠᠯ᠎ᠠ᠂ ᠬᠤᠲᠠ ᠬᠤᠰᠢᠭᠤ ᠬᠤᠶᠠᠷ ᠱᠠᠲᠤᠨ ᠤ 45 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠤᠨ ᠵᠣᠭᠤᠰ ᠢᠶᠠᠷ ᠨᠤᠭᠤᠯᠤᠨ ᠪᠣᠳᠣᠪᠠᠯ᠂ ᠨᠡᠶᠢᠲᠡ 50000 ᠲᠥᠭᠦᠷᠢᠭ ︵ᠡᠭᠦᠨ ᠳᠤ ᠬᠠᠨᠳᠢᠪᠯᠠᠭᠰᠠᠨ ᠵᠣᠭᠤᠰ 17700 ᠲᠥᠭᠦᠷᠢᠭ ᠪᠠᠭᠲᠠᠨ᠎ᠠ︶ ᠤᠨ ᠡᠳ᠋ ᠪᠣᠳᠠᠰ ᠬᠠᠨᠳᠢᠪᠯᠠᠭᠰᠠᠨ  ᠪᠠᠶᠢᠨ᠎ᠠ︔ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠷᠠᠳ ᠤᠨ ᠵᠣᠭᠤᠰ ᠢᠶᠠᠷ ᠨᠤᠭᠤᠯᠤᠨ ᠪᠤᠳᠤᠪᠠᠯ᠂ ᠨᠡᠶᠢᠲᠡ 154400 ᠲᠥᠭᠦᠷᠢᠭ ᠤᠨ  ᠡᠳ᠋ ᠪᠣᠳᠠᠰ᠂ ᠮᠥᠩᠭᠦ  ᠬᠠᠨᠳᠢᠪᠯᠠᠭᠰᠠᠨ ᠪᠠᠶᠢᠨ᠎ᠠ︔ ᠰᠢᠯᠢ ᠰᠢᠶᠠᠩ ᠤᠨ 15 ᠨᠠᠮ ᠤᠨ ᠡᠭᠦᠷ ︵ᠪᠠᠶᠢᠭᠤᠯᠤᠯᠭ᠎ᠠ ᠶᠢᠨ ᠨᠠᠮ ᠤᠨ ᠡᠭᠦᠷ ᠪᠠᠭᠲᠠᠨ᠎ᠠ︶ ᠤᠨ 333 ᠨᠠᠮ ᠤᠨ ᠭᠡᠰᠢᠭᠦᠨ ᠨᠡᠶᠢᠲᠡ 53800 ᠲᠥᠭᠦᠷᠢᠭ ᠤᠨ ᠣᠨᠴᠠᠭᠠᠶ ᠨᠠᠮ ᠤᠨ ᠰᠦᠶᠳᠬᠡᠯ ᠲᠤᠰᠢᠶᠠᠵᠠᠶ᠃ ᠣᠳᠣᠬᠠᠨ ᠳᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠵᠣᠭᠤᠰ ᠮᠥᠩᠭᠦ᠂ ᠡᠳ᠋ ᠪᠣᠳᠠᠰ ᠤᠨ ᠬᠠᠨᠳᠢᠪᠯᠠᠯ ᠮᠥᠨ ᠬᠦ ᠶᠠᠪᠤᠭᠳᠠᠭᠰᠠᠭᠠᠷ ᠪᠠᠶᠢᠨ᠎ᠠ᠃ ᠤᠳᠠᠭ᠎ᠠ ᠪᠦᠷᠢ ᠶᠢᠨ ᠬᠠᠨᠳᠢᠪᠯᠠᠭᠰᠠᠨ ᠵᠣᠭᠤᠰ ᠮᠥᠩᠭᠦ᠂ ᠲᠦᠷᠦᠯ ᠪᠦᠷᠢ ᠶᠢᠨ ᠡᠳ᠋ ᠪᠣᠳᠠᠰ ᠨᠢ ᠴᠥᠮ ᠨᠠᠮ ᠤᠨ ᠭᠡᠰᠢᠭᠦᠨ ᠺᠠᠳ᠋ᠷ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠰᠡᠳᠬᠢᠯ ᠨᠢᠭᠡᠳᠦᠨ ᠪᠦᠯᠬᠦᠮᠳᠡᠵᠦ᠂ ᠬᠢᠵᠢᠭ ᠤᠨ ᠪᠠᠶᠢᠳᠠᠯ ᠢ ᠡᠰᠡᠷᠭᠦᠴᠡᠬᠦ ᠡᠭᠦᠷᠭᠡᠯᠡᠯ ᠪᠣᠯᠤᠨ ᠬᠠᠷᠢᠭᠤᠴᠠᠯᠭ᠎ᠠ ᠶᠢ ᠰᠢᠩᠭᠡᠭᠡᠵᠦ ᠪᠠᠶᠢᠬᠤ ᠨᠢ ᠢᠯᠡᠷᠬᠡᠢ᠃                                             ᠣᠷᠴᠢᠭᠤᠯᠤᠭᠴᠢ᠄ ᠤᠳᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2