8 ᠰᠠᠷ᠎ᠠ ᠶᠢᠨ 15 ᠤ ᠡᠳᠦᠷ᠂ ᠰᠢᠩ ᠡᡁᠧ ᠰᠢᠶᠠᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | 2022 ᠣᠨ ᠤ 9 ᠳ᠋ᠦ᠋ᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ | ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 8 ᠳ᠋ᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠪᠡᠯᠡᠳᠬᠡᠯ ᠲᠤᠰᠠᠭᠠᠷᠯᠠᠬᠤ ᠪᠠᠭᠤᠳᠠᠯ ᠤᠨ ᠥᠭᠡᠷᠡᠴᠢᠯᠡᠯᠲᠡ ᠶᠢᠨ ᠠᠵᠢᠯ ᠪᠠ ᠵᠢᠷᠤᠮᠵᠢᠭᠰᠠᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠠᠭᠤᠳᠠᠯ ᠤᠨ ᠬᠡᠷᠡᠭᠴᠡᠭᠡ ᠲᠠᠢ ᠦᠶ᠎ᠡ ᠳᠤ ᠴᠠᠭ | ᠲᠤᠬᠠᠶ ᠳᠤᠨᠢ ᠬᠡᠷᠡᠭᠯᠡᠵᠦ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠡᠯ᠎ᠡ ᠵᠠᠮ ᠬᠠᠷᠢᠯᠴᠠᠭᠠᠨ ᠤ ᠪᠣᠭᠤᠮᠲᠠ ᠨᠢ | ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ︽ᠬᠤᠤᠰ | ᠴᠢᠭᠯᠡᠯ ᠢᠶᠠᠷ︾ ᠪᠠᠶᠢᠴᠠᠭᠠᠨ ᠰᠢᠯᠭᠠᠵᠤ ᠬᠠᠮᠢᠶᠠᠷᠤᠨ ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ | ᠪᠠᠶᠢᠳᠠᠯ ᠢ ᠣᠷᠣᠭᠤᠯᠵᠤ ᠭᠠᠷᠭᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ︔ | ᠪᠥᠭᠡᠮ ᠬᠦᠴᠢᠯ ᠢ ᠪᠠᠶᠢᠴᠠᠭᠠᠨ ᠰᠢᠯᠭᠠᠬᠤ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ | ᠡᠮᠴᠢᠯᠡᠭᠡᠨ ᠤ ᠡᠳ᠋ ᠪᠣᠳᠠᠰ ᠤᠨ ᠪᠠᠲᠤᠯᠠᠭ᠎ᠠ ᠶᠢ ᠨᠢᠭᠡᠳᠦᠯᠲᠡᠶ ᠲᠥᠯᠥᠪᠯᠡᠨ᠂ ᠪᠥᠬᠦ ᠰᠢᠶᠠᠨ ᠤ ᠪᠥᠭᠡᠮ ᠬᠦᠴᠢᠯ ᠢ | ᠪᠠᠶᠢᠴᠠᠭᠠᠨ ᠰᠢᠯᠭᠠᠬᠤ ᠥᠯᠢᠭᠡᠷ ᠠᠪᠬᠤ ᠦᠶᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ︔ | ᠦᠨᠳᠦᠰᠦᠨ ᠱᠠᠲᠤᠨ ᠤ ᠲᠤᠤᠷᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠢᠵᠢᠭ ᠲᠤ | ᠬᠤᠯᠪᠣᠭᠳᠠᠭᠰᠠᠨ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠤᠨ ᠪᠠᠶᠢᠳᠠᠯ ᠢ ᠣᠶᠢᠯᠠᠭᠠᠵᠤ ᠬᠠᠮᠢᠶᠠᠷᠤᠨ | ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ | ᠠᠵᠢᠯ ᠢ ᠨᠠᠷᠢᠯᠢᠭ ᠪᠣᠳᠠᠲᠠᠢ ᠬᠢᠵᠦ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠭᠰᠡᠨ ᠦᠷ᠎ᠡ ᠪᠦᠲᠦᠭᠡᠯ ᠢ ᠡᠷᠡᠰ ᠪᠠᠲᠤᠳᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠴᠢᠬᠤᠯᠠ ᠶᠡᠭᠡ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠢ ᠨᠠᠷᠢᠯᠢᠭ ᠠᠳᠬᠤᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ | |