ᠰᠦᠢ ᠸᠧᠢ ᠵᠢᠶᠦ᠋ᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/18
   8 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    ᠰᠦᠢ ᠸᠧᠢ ᠵᠢᠶᠦ᠋ᠨ ᠶᠤᠸᠠᠨ ᠵᠢᠩ᠂ ᠲᠦᠩ ᠸᠧᠢ᠂ ᠳᠤᠮᠳᠠᠳᠤ ᠤᠯᠤᠰ ᠤᠨ ᠪᠠᠩᠬᠢ ᠶᠢᠨ ᠳᠠᠭᠠᠳᠬᠠᠯ ᠢᠲᠡᠭᠡᠮᠵᠢ᠂ ᠬᠤᠷᠳᠤᠨ ᠭᠠᠷ ᠪᠣᠯᠤᠨ ᠢᠦᠢ ᠫᠸᠢ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠯᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ᠠᠰᠢᠭᠯᠠᠯᠲᠠ ᠳᠤ ᠣᠷᠣᠭᠤᠯᠤᠨ ᠡᠵᠡᠩᠨᠡᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠪᠠ    ᠰᠦᠶ ᠸᠧᠶ ᠵᠢᠶᠦ᠋ᠨ᠂ ᠭᠠᠭᠴᠠ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠢᠯᠡᠳᠪᠦᠷᠢᠯᠡᠯ ᠢ ᠰᠠᠶᠢᠲᠤᠷ ᠠᠳᠬᠤᠪᠠᠯ ᠰᠠᠶ᠋ᠢ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠪᠣᠯᠤᠨ ᠠᠯᠤᠰ ᠬᠡᠳᠦ ᠶᠢᠨ ᠬᠥᠭᠵᠢᠯᠲᠡ ᠶᠢ ᠪᠠᠲᠤᠯᠠᠵᠤ ᠴᠢᠳᠠᠨ᠎ᠠ᠃ ᠠᠵᠤ ᠠᠬᠤᠶᠢᠯᠠᠯ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠣᠨᠣᠯᠵᠢᠬᠤᠨ ᠢ ᠪᠣᠶ ᠪᠣᠯᠭᠠᠵᠤ᠂ ᠦᠢᠯᠡᠳᠪᠦᠷᠢ ᠶᠢᠨ ᠲᠣᠭᠤᠷᠢᠭ ᠲᠠᠬᠢ ᠪᠢᠲᠡᠭᠦᠦ ᠴᠠᠭᠠᠷᠢᠭ ᠢᠶᠠᠷ ᠬᠠᠮᠢᠶᠠᠷᠴᠤ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠬᠢᠵᠢᠭ ᠤᠨ ᠪᠠᠶᠢᠳᠠᠯ ᠠᠴᠠ ᠪᠣᠯᠤᠭᠰᠠᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠢᠵᠢᠭ ᠢ ᠰᠡᠷᠭᠡᠶᠢᠯᠡᠬᠦ ᠪᠠ ᠦᠢᠯᠡᠳᠪᠦᠷᠢᠯᠡᠯ ᠢ ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠢ ᠪᠠᠲᠤᠯᠠᠵᠤ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠵᠡᠷᠭᠡ ᠲᠠᠯ᠎ᠠ ᠪᠠᠷ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠳᠤ ᠦᠢᠯᠡᠴᠢᠯᠡᠭᠡ ᠬᠠᠩᠭᠠᠵᠤ᠂ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠳᠠ ᠶᠢᠨ ᠤᠳᠤᠷᠢᠳᠤᠯᠭ᠎ᠠ ᠶᠦᠨ ᠫᠧᠩ ᠭᠠᠩ᠂ ᠯᠢᠦ ᠭᠦᠸᠧ ᠭᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2