ᠶᠡᠭᠡ ᠰᠤᠷᠭᠠᠭᠤᠯᠢ ᠶᠢᠨ ᠰᠢᠨ᠎ᠡ ᠰᠣᠷᠣᠭᠴᠢ ᠡᠯᠰᠡᠬᠦ ᠮᠡᠳᠡᠭᠳᠡᠯ ᠤᠨ ᠪᠢᠴᠢᠭ ᠢ ᠵᠠᠯᠭᠠᠭ᠎ᠠ ᠪᠠᠷ | ᠭᠠᠷᠳᠠᠭᠤᠯᠬᠤ ᠶᠢ ᠳᠠᠭᠠᠯᠳᠤᠨ᠂ ᠯᠢᠶᠠᠩᠴᠧᠩ ᠰᠢᠶᠠᠨ ᠤ ᠰᠣᠷᠣᠭᠴᠢ ᠶᠢᠨ ᠢᠷᠡᠯᠲᠡ ᠶᠢᠨ ᠭᠠᠵᠠᠷ ᠤᠨ | ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢ ᠶᠢᠨ ᠵᠢᠭᠡᠯᠡᠯᠭᠡ ᠶᠢᠨ ᠠᠵᠢᠯ ᠴᠤ ︽ᠬᠥᠭᠵᠢᠯᠲᠡᠶ ᠤᠯᠠᠷᠢᠯ︾ ᠳᠤ | ᠣᠷᠣᠪᠠ᠃ ᠣᠶᠢᠷ᠎ᠠ ᠳᠤ᠂ ᠯᠢᠶᠠᠩᠴᠧᠩ ᠬᠤᠲᠠ ᠶᠢᠨ ᠬᠢᠨ ᠰᠣᠷᠣᠭᠴᠢ ᠶᠢᠨ ᠢᠷᠡᠯᠲᠡ ᠶᠢᠨ ᠭᠠᠵᠠᠷ ᠤᠨ | ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢ ᠶᠢᠨ ᠵᠢᠭᠡᠯᠡᠯᠭᠡ ᠶᠢ ᠭᠤᠶᠤᠴᠢᠯᠠᠨ ᠡᠷᠭᠢᠯᠡᠬᠦ ᠵᠡᠷᠭᠡ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠦᠶᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠡᠷ | ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠤᠶᠤᠲᠠᠳ ᠲᠤ ︿ᠰᠠᠭᠠᠳ ᠥᠬᠡᠶ ᠨᠡᠪᠲᠡᠷᠡᠬᠦ ᠵᠠᠮ﹀ ᠬᠠᠩᠭᠠᠵᠤ᠂ | ᠲᠤᠰᠠᠯᠠᠪᠠᠰᠤ ᠵᠣᠬᠢᠬᠤ ᠶᠢ ᠨᠢ ᠴᠥᠮ ᠲᠤᠰᠠᠯᠠᠬᠤ᠂ ᠵᠢᠭᠡᠯᠡᠭᠦᠯᠪᠡᠰᠦ ᠵᠣᠬᠢᠬᠤ ᠶᠢ ᠨᠢ ᠴᠥᠮ ᠵᠢᠭᠡᠯᠡᠭᠦᠯᠵᠦ᠂ ᠨᠢᠭᠡ | ᠰᠣᠷᠣᠭᠴᠢ ᠶᠢ ᠴᠤ ᠬᠡᠷ ᠤᠨ ᠠᠮᠢᠳᠤᠷᠠᠯ ᠬᠦᠴᠢᠷᠳᠡᠯᠲᠡᠶ ᠠᠴᠠ ᠪᠣᠯᠵᠣ ᠰᠤᠷᠤᠯᠭ᠎ᠠ ᠠᠯᠳᠠᠭᠤᠯᠬᠤ ᠥᠬᠡᠶ ᠭᠡᠵᠡᠢ᠃ | ᠡᠨᠡ ᠵᠢᠯ ᠰᠣᠷᠣᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢ ᠶᠢᠨ | ᠵᠢᠭᠡᠯᠡᠯᠭᠡ ᠳᠤ ᠦᠷᠭᠦᠯᠵᠢᠯᠡᠨ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠬᠤᠤᠰ ᠠᠷᠭ᠎ᠠ ᠵᠠᠮ ᠢᠶᠠᠷ | ᠭᠦᠶᠴᠡᠳᠬᠡᠬᠦ ᠠᠷᠭ᠎ᠠ ᠮᠠᠶ᠋ᠢᠭ ᠢ ᠬᠡᠷᠡᠭᠯᠡᠪᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠡᠷ ᠪᠦᠯᠢ ᠶᠢᠨ ᠦᠷ᠎ᠡ ᠬᠡᠤᠬᠡᠳ ᠵᠢᠴᠢ ᠥᠨᠥᠴᠢᠨ ᠬᠡᠤᠬᠡᠳ ᠤᠨ ᠶᠡᠭᠡ ᠰᠤᠷᠭᠠᠭᠤᠯᠢ ᠶᠢᠨ ᠰᠢᠨ᠎ᠡ | ᠰᠣᠷᠣᠭᠴᠢ ᠵᠢᠯ ᠪᠦᠷᠢ 6000 ᠲᠥᠭᠦᠷᠢᠭ ᠤᠨ ᠲᠡᠳᠬᠦᠮᠵᠢ ᠭᠤᠶᠤᠴᠢᠯᠠᠵᠤ ᠪᠣᠯᠤᠨ᠎ᠠ︔ ᠪᠤᠰᠤᠳ ᠬᠡᠷ ᠪᠦᠯᠢ ᠶᠢᠨ | ᠠᠮᠢᠳᠤᠷᠠᠯ ᠨᠢ ᠬᠦᠴᠢᠷᠳᠡᠯᠲᠡᠶ ᠶᠡᠭᠡ ᠰᠤᠷᠭᠠᠭᠤᠯᠢ ᠶᠢᠨ ᠰᠢᠨ᠎ᠡ ᠰᠣᠷᠣᠭᠴᠢ ᠨᠢᠭᠡ ᠤᠳᠠᠭ᠎ᠠ ᠶᠢᠨ ᠴᠢᠨᠠᠷᠲᠠᠶ ᠵᠠᠮ ᠤᠨ | ᠰᠦᠶᠳᠬᠡᠯ ᠤᠨ ᠨᠥᠬᠦᠪᠥᠷᠢ ᠭᠤᠶᠤᠴᠢᠯᠠᠵᠤ ᠪᠣᠯᠤᠨ᠎ᠠ︔ ᠰᠤᠷᠭᠠᠭᠤᠯᠢ ᠳᠤ ᠣᠷᠣᠬᠤ ᠠᠴᠠ ᠡᠮᠦᠨ᠎ᠡ ᠡᠷᠦᠬᠡ | ᠠᠮᠠ ᠶᠢᠨ ᠳᠠᠩᠰᠠ ᠨᠢ ᠯᠢᠶᠠᠩᠴᠧᠩ ᠰᠢᠶᠠᠨ ᠳᠤ ᠪᠠᠶᠢᠭᠰᠠᠨ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ | ᠰᠤᠷᠤᠭᠴᠢᠳ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠪᠤᠶᠤ ᠰᠢᠦᠳᠠᠨ ᠤ ᠬᠠᠳᠠᠭᠠᠯᠠᠮᠵᠢ ᠶᠢᠨ | ᠪᠠᠩᠬᠢ ᠶᠢᠨ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ | ᠭᠤᠶᠤᠴᠢᠯᠠᠵᠤ ᠪᠣᠯᠤᠨ᠎ᠠ᠂ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠵᠢᠭᠡᠯᠡᠯᠭᠡ ᠪᠣᠯ ᠬᠠᠮᠤᠭ | ᠥᠨᠳᠥᠷ ᠲᠡᠭᠡᠨ 12000 ᠲᠥᠭᠦᠷᠢᠭ᠂ ᠰᠤᠳᠤᠯᠬᠤ ᠰᠤᠷᠤᠭᠴᠢ ᠶᠢᠨ ᠵᠢᠭᠡᠯᠡᠯᠭᠡ ᠪᠣᠯ ᠬᠠᠮᠤᠭ ᠥᠨᠳᠥᠷ ᠲᠡᠭᠡᠨ | 16000 ᠲᠥᠭᠦᠷᠢᠭ ᠪᠣᠯᠤᠨ᠎ᠠ᠃ | ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠶᠢ | 7 ᠳ᠋ᠤᠭᠠᠷ ᠰᠠᠷ᠎ᠠ ᠶᠢᠨ ᠳᠤᠮᠳᠠᠴᠢ ᠠᠴᠠ ᠡᠬᠢᠯᠡᠵᠦ᠂ 9 ᠳ᠋ᠦ᠋ᠭᠡᠷ ᠰᠠᠷ᠎ᠠ ᠶᠢᠨ ᠳᠤᠮᠳᠠᠴᠢ ᠪᠠᠷ ᠳᠠᠭᠤᠰᠬᠠᠨ᠎ᠠ᠃ ᠣᠲᠣ | ᠪᠣᠯᠲᠠᠯ᠎ᠠ᠂ ᠨᠢᠭᠡᠨᠲᠡ 1201 ᠣᠶᠤᠲᠠᠨ ᠤ ᠲᠤᠰᠠᠯᠠᠮᠵᠢ ᠶᠢᠨ ᠭᠤᠶᠤᠴᠢᠯᠠᠯ ᠢ ᠭᠥᠯᠢᠶᠡᠨ ᠠᠪᠴᠤ ᠰᠢᠶᠳᠪᠦᠷᠢᠯᠡᠵᠦ᠂ | 188 ᠬᠥᠮᠥᠨ ᠤ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠠᠩᠬᠠᠨ ᠤ ᠵᠢᠭᠡᠯᠡᠯᠭᠡ ᠶᠢ ᠭᠦᠢᠴᠡᠳᠬᠡᠵᠦ᠂ | 839 ᠬᠥᠮᠦᠨ ᠳᠤ ᠦᠷᠭᠦᠯᠵᠢᠯᠡᠨ ᠵᠢᠭᠡᠯᠡᠭᠦᠯᠵᠦ᠂ ᠵᠢᠭᠡᠯᠡᠯᠭᠡ ᠶᠢᠨ ᠵᠣᠭᠤᠰ ᠤᠨ ᠲᠤᠭ᠎ᠠ ᠨᠢ 890.2 ᠲᠦᠮᠡᠨ | ᠲᠥᠭᠦᠷᠢᠭ ᠲᠤ ᠬᠦᠷᠴᠡᠶ᠃ ᠵᠠᠯᠭᠠᠭᠠᠳ ᠯᠢᠶᠠᠩᠴᠧᠩ ᠰᠢᠶᠠᠨ ᠤ ᠬᠢᠨ ᠰᠤᠷᠤᠭᠴᠢ ᠶᠢᠨ ᠢᠷᠡᠯᠲᠡ ᠶᠢᠨ ᠭᠠᠵᠠᠷ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠭᠦᠢᠴᠡᠳᠬᠡᠬᠦ ᠠᠵᠢᠯ ᠤᠨ ᠬᠢᠷᠢ ᠲᠦᠪᠰᠢᠨ ᠢᠶᠠᠨ ᠦᠷᠭᠦᠯᠵᠢᠯᠡᠨ | ᠳᠡᠭᠡᠭᠰᠢᠯᠡᠭᠦᠯᠵᠦ᠂ ᠨᠠᠷᠢᠨ ᠨᠢᠮᠪᠠᠶ᠂ ᠴᠢᠩ ᠦᠨᠡᠨᠴᠢ᠂ ᠬᠠᠯᠠᠭᠤᠨ ᠳᠣᠲᠣᠨᠣ ᠰᠡᠳᠬᠢᠯ ᠤᠨ ᠦᠢᠯᠡᠴᠢᠯᠡᠭᠡ ᠪᠠᠷ ᠦᠶ | ᠣᠯᠠᠨ ᠰᠤᠷᠤᠭᠴᠢᠳ ᠤᠨ ᠰᠤᠷᠭᠠᠭᠤᠯᠢ ᠳᠡᠪᠰᠢᠬᠦ ᠶᠢ ᠬᠠᠮᠠᠭᠠᠯᠠᠬᠤ ᠪᠣᠯᠤᠨ᠎ᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |