ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/19
   8 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ ︵ᠵᠠᠰᠠᠪᠤᠷᠢᠯᠠᠭᠰᠠᠨ ᠨᠣᠤᠷᠠᠭ︶︾ ᠢ ᠬᠢᠨᠠᠨ ᠶᠠᠷᠢᠯᠴᠠᠵᠤ᠂ 2021 ᠣᠨ ᠤ ᠬᠤᠲᠠ ᠶᠢᠨ ᠲᠣᠰ ᠱᠠᠲᠤᠨ ᠤ ᠲᠥᠰᠦᠪ ᠤᠨ ᠭᠦᠢᠴᠡᠳᠬᠡᠯ᠂ 2022 ᠣᠨ ᠤ ᠳᠡᠭᠡᠷ᠎ᠡ ᠬᠠᠭᠠᠰ ᠵᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ ᠵᠡᠷᠭᠡ ᠤᠴᠢᠷ ᠶᠠᠪᠤᠳᠠᠯ ᠢ ᠰᠤᠳᠤᠯᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠠᠳᠠᠯ ᠠᠬᠤᠢ ᠶᠢᠨ ᠬᠠᠮᠢᠶᠠᠷᠤᠯᠲᠠ ᠨᠢ ᠨᠢᠭᠡ ᠵᠦᠢᠯ ᠤᠨ ᠠᠷᠠᠳ ᠤᠨ ᠠᠮᠢᠳᠤᠷᠠᠯ ᠤᠨ ᠠᠵᠢᠯ ᠪᠣᠯᠤᠭᠰᠠᠨ ᠤ ᠬᠤᠪᠢ ᠳᠤ᠂ ᠨᠡᠶᠢᠭᠡᠮ ᠤᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠢᠯᠡᠷᠡᠭᠦᠯᠬᠦ ᠴᠢᠬᠤᠯᠠ ᠭᠦᠢᠴᠡᠳᠬᠡᠯ ᠲᠤᠭ᠎ᠠ ᠪᠣᠯᠤᠨ᠎ᠠ᠃ ᠠᠵᠢᠯ ᠲᠥᠷᠥᠯ ᠤᠨ ᠬᠥᠭᠵᠢᠯᠲᠡ ᠶᠢᠨ ᠬᠥᠳᠡᠯᠦᠯ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠠᠳᠠᠯ ᠠᠬᠤᠶ ᠶᠢᠨ ᠦᠢᠯᠡᠴᠢᠯᠡᠭᠡᠨ ᠤ ᠰᠢᠯᠢᠳᠡᠭ ᠬᠥᠲᠥᠴᠢ ᠠᠵᠤ ᠠᠬᠤᠶᠢᠯᠠᠯ ᠢ ᠪᠤᠶᠢᠵᠢᠭᠤᠯᠤᠨ᠂ ᠰᠢᠯᠢᠳᠡᠭ ᠨᠢ ᠢᠯᠠᠵᠤ ᠰᠢᠭᠠᠷᠤ ᠨᠢ ᠰᠢᠭᠰᠢᠭᠳᠡᠬᠦ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠰᠣᠩᠭᠤᠨ ᠤᠷᠢᠬᠤ ᠶᠢ ᠵᠢᠷᠤᠮᠵᠢᠭᠤᠯᠵᠤ᠂ ᠦᠮᠴᠢᠳᠠᠳ ᠤᠨ ᠶᠡᠭᠡ ᠬᠤᠷᠠᠯ᠂ ᠦᠮᠴᠢᠳᠠᠳ ᠤᠨ ᠵᠥᠪᠯᠡᠯ ᠢ ᠵᠣᠬᠢᠶᠠᠨ ᠪᠠᠶᠢᠭᠤᠯᠬᠤ ᠪᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠠᠳᠠᠯ ᠠᠬᠤᠶ ᠶᠢᠨ ᠬᠠᠮᠢᠶᠠᠷᠤᠯᠲᠠ ᠳᠠᠬᠢ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠳᠣᠪᠤᠶᠢᠯᠭᠠᠨ᠂ ᠦᠮᠴᠢᠳᠠᠳ ᠤᠨ ᠵᠥᠪᠯᠡᠯ ᠤᠨ ᠡᠭᠦᠷᠭᠡ ᠲᠤᠰᠢᠶᠠᠯ ᠢᠶᠠᠨ  ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠵᠢᠯ ᠤᠨ ᠡᠬᠢᠨ ᠳᠤ ᠲᠣᠭᠲᠠᠭᠠᠭᠰᠠᠨ ᠵᠢᠱᠢᠭᠰᠡᠨ ᠬᠠᠷᠠᠯᠲᠠ ᠲᠠᠢ ᠬᠠᠷᠢᠴᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠡᠳ᠋ ᠤᠨ ᠵᠠᠰᠠᠭ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠣᠨ ᠤ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃                                                        ᠣᠷᠴᠢᠭᠤᠯᠤᠭᠴᠢ᠄ ᠭᠤᠸ᠎ᠠ                                                        ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2