8 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ | ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ | ᠤᠯᠠᠭᠠᠨᠴᠠᠪ ᠬᠤᠲᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ ︵ᠵᠠᠰᠠᠪᠤᠷᠢᠯᠠᠭᠰᠠᠨ ᠨᠣᠤᠷᠠᠭ︶︾ ᠢ | ᠬᠢᠨᠠᠨ ᠶᠠᠷᠢᠯᠴᠠᠵᠤ᠂ 2021 ᠣᠨ ᠤ ᠬᠤᠲᠠ ᠶᠢᠨ ᠲᠣᠰ ᠱᠠᠲᠤᠨ ᠤ ᠲᠥᠰᠦᠪ ᠤᠨ ᠭᠦᠢᠴᠡᠳᠬᠡᠯ᠂ 2022 | ᠣᠨ ᠤ ᠳᠡᠭᠡᠷ᠎ᠡ ᠬᠠᠭᠠᠰ ᠵᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ ᠵᠡᠷᠭᠡ ᠤᠴᠢᠷ ᠶᠠᠪᠤᠳᠠᠯ ᠢ ᠰᠤᠳᠤᠯᠵᠤ᠂ | ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠳᠠᠯ ᠠᠬᠤᠢ ᠶᠢᠨ ᠬᠠᠮᠢᠶᠠᠷᠤᠯᠲᠠ ᠨᠢ ᠨᠢᠭᠡ ᠵᠦᠢᠯ ᠤᠨ ᠠᠷᠠᠳ ᠤᠨ ᠠᠮᠢᠳᠤᠷᠠᠯ ᠤᠨ ᠠᠵᠢᠯ | ᠪᠣᠯᠤᠭᠰᠠᠨ ᠤ ᠬᠤᠪᠢ ᠳᠤ᠂ ᠨᠡᠶᠢᠭᠡᠮ ᠤᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠢᠯᠡᠷᠡᠭᠦᠯᠬᠦ | ᠴᠢᠬᠤᠯᠠ ᠭᠦᠢᠴᠡᠳᠬᠡᠯ ᠲᠤᠭ᠎ᠠ ᠪᠣᠯᠤᠨ᠎ᠠ᠃ ᠠᠵᠢᠯ ᠲᠥᠷᠥᠯ ᠤᠨ ᠬᠥᠭᠵᠢᠯᠲᠡ ᠶᠢᠨ ᠬᠥᠳᠡᠯᠦᠯ ᠪᠠᠶᠢᠳᠠᠯ ᠢ ᠪᠥᠬᠦ | ᠲᠠᠯ᠎ᠠ ᠪᠠᠷ ᠡᠵᠡᠮᠰᠢᠵᠦ᠂ ᠠᠳᠠᠯ ᠠᠬᠤᠶ ᠶᠢᠨ ᠦᠢᠯᠡᠴᠢᠯᠡᠭᠡᠨ ᠤ ᠰᠢᠯᠢᠳᠡᠭ ᠬᠥᠲᠥᠴᠢ ᠠᠵᠤ ᠠᠬᠤᠶᠢᠯᠠᠯ ᠢ | ᠪᠤᠶᠢᠵᠢᠭᠤᠯᠤᠨ᠂ ᠰᠢᠯᠢᠳᠡᠭ ᠨᠢ ᠢᠯᠠᠵᠤ ᠰᠢᠭᠠᠷᠤ ᠨᠢ ᠰᠢᠭᠰᠢᠭᠳᠡᠬᠦ ᠰᠠᠶᠢᠨ ᠰᠠᠶᠢᠬᠠᠨ ᠵᠠᠬ᠎ᠠ ᠳᠡᠯᠭᠡᠭᠦᠷ ᠤᠨ | ᠲᠣᠭᠲᠠᠴᠠ ᠶᠢ ᠪᠠᠶᠢᠭᠤᠯᠬᠤ ᠬᠡᠷᠡᠭᠲᠡᠶ᠃ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠤᠨ ᠠᠳᠠᠯ | ᠠᠬᠤᠶ ᠶᠢᠨ ᠦᠢᠯᠡᠴᠢᠯᠡᠭᠡᠨ ᠤ ᠰᠣᠩᠭᠤᠨ ᠤᠷᠢᠬᠤ ᠶᠢ ᠵᠢᠷᠤᠮᠵᠢᠭᠤᠯᠵᠤ᠂ ᠦᠮᠴᠢᠳᠠᠳ ᠤᠨ ᠶᠡᠭᠡ ᠬᠤᠷᠠᠯ᠂ | ᠦᠮᠴᠢᠳᠠᠳ ᠤᠨ ᠵᠥᠪᠯᠡᠯ ᠢ ᠵᠣᠬᠢᠶᠠᠨ ᠪᠠᠶᠢᠭᠤᠯᠬᠤ ᠪᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠴᠢᠩᠭ᠎ᠠ | ᠭᠦᠢᠴᠡᠳᠬᠡᠵᠦ᠂ ᠠᠳᠠᠯ ᠠᠬᠤᠶ ᠶᠢᠨ ᠬᠠᠮᠢᠶᠠᠷᠤᠯᠲᠠ ᠳᠠᠬᠢ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠵᠣᠬᠢᠶᠠᠨ | ᠪᠠᠶᠢᠭᠤᠯᠤᠯᠲᠠ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠳᠣᠪᠤᠶᠢᠯᠭᠠᠨ᠂ ᠦᠮᠴᠢᠳᠠᠳ ᠤᠨ ᠵᠥᠪᠯᠡᠯ ᠤᠨ | ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠵᠢᠯ ᠤᠨ ᠡᠬᠢᠨ ᠳᠤ ᠲᠣᠭᠲᠠᠭᠠᠭᠰᠠᠨ ᠵᠢᠱᠢᠭᠰᠡᠨ ᠬᠠᠷᠠᠯᠲᠠ ᠲᠠᠢ ᠬᠠᠷᠢᠴᠠᠭᠤᠯᠵᠤ᠂ ᠣᠯᠠᠨ | ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠡᠳ᠋ ᠤᠨ ᠵᠠᠰᠠᠭ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ | ᠠᠬᠢᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠣᠨ ᠤ ᠡᠭᠦᠷᠭᠡ ᠶᠢ ᠪᠡᠶᠡᠯᠡᠭᠦᠯᠬᠦ ᠶᠢ | ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | |