ᠰᠢᠩ ᠾᠧ ᠰᠢᠶᠠᠨ ︽ᠨᠡᠶᠢᠰᠯᠡᠯ ᠤᠨ ᠨᠣᠭᠤᠭ᠎ᠠ ᠶᠢᠨ ᠬᠦᠷᠢᠶᠡᠯᠡᠩ︾ ᠢ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2022/8/19
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠯᠭᠡᠭᠦᠷ ᠪᠣᠯᠤᠨ᠎ᠠ᠃ 8 ᠰᠠᠷ᠎ᠠ ᠶᠢᠨ 13 ᠤ ᠡᠳᠦᠷ᠂ ᠰᠢᠩ ᠡᡁᠧ ᠰᠢᠶᠠᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠬᠤᠷᠢᠶᠠᠯᠲᠠ ᠶᠢᠨ ᠬᠤᠭᠤᠴᠠᠭᠠᠨ ᠳᠠᠭᠠᠨ ᠣᠷᠣᠪᠠ᠃ ᠰᠢᠩ ᠡᡁᠧ ᠰᠢᠶᠠᠨ ᠤ ᠳ᠋ᠠ ᠺᠦ᠋ ᠯᠢᠶᠠᠨ ᠰᠢᠶᠠᠩ ᠤᠨ ᠢᠳᠡᠰᠢᠨ ᠨᠣᠭᠤᠭ᠎ᠠ ᠲᠠᠷᠢᠬᠤ ᠰᠠᠭᠤᠷᠢᠨ ᠳᠤ᠂ ᠲᠤᠬᠠᠢ ᠶᠢᠨ ᠭᠠᠵᠠᠷ ᠤᠨ 530 ᠭᠠᠷᠤᠢ ᠲᠣᠰᠬᠤᠨ ᠤ ᠠᠷᠠᠳ ᠴᠤᠭᠤᠷ ᠨᠣᠭᠤᠭ᠎ᠠ᠂ ᠤᠯᠠᠭᠠᠨ ᠯᠤᠤᠪᠠᠩ ᠵᠡᠷᠭᠡ ᠢᠳᠡᠰᠢᠨ ᠨᠣᠭᠤᠭ᠎ᠠ ᠶᠢ ᠲᠡᠭᠦᠵᠦ ᠬᠤᠷᠢᠶᠠᠬᠤ ᠪᠠᠷ ᠶᠠᠭᠠᠷᠠᠵᠤ᠂ ᠲᠡᠭᠦᠵᠦ ᠬᠤᠷᠢᠶᠠᠬᠤ᠂ ᠢᠯᠭᠠᠬᠤ᠂ ᠪᠢᠲᠡᠭᠦᠮᠵᠢᠯᠡᠨ ᠰᠠᠪᠠᠯᠠᠬᠤ᠂ ᠵᠥᠭᠡᠭᠡᠪᠦᠷᠢᠯᠡᠬᠦ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠪᠠᠷ ᠳᠠᠮᠵᠢᠭᠤᠯᠤᠨ ᠢᠳᠡᠰᠢᠨ ᠨᠣᠭᠤᠭ᠎ᠠ ᠶᠢ ᠪᠦᠬᠦ ᠤᠯᠤᠰ ᠤᠨ ᠡᠯ᠎ᠡ ᠭᠠᠵᠠᠷ ᠲᠤ ᠬᠦᠷᠭᠡᠬᠦ ᠪᠣᠯᠣᠨ᠎ᠠ᠃    ᠰᠢᠩ ᠡᡁᠧ ᠰᠢᠶᠠᠨ ᠤ ᠳ᠋ᠠ ᠺᠦ᠋ ᠯᠢᠶᠠᠨ ᠰᠢᠶᠠᠩ ᠠᠵᠤ ᠦᠢᠯᠡᠰ ᠤᠨ ᠬᠥᠭᠵᠢᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︿ᠲᠡᠷᠢᠭᠦᠨ ᠤ ᠶᠠᠪᠤᠴᠠ﹀ ᠪᠣᠯᠭᠠᠨ ᠠᠳᠬᠤᠵᠤ᠂ ᠣᠨᠴᠠᠭᠠᠶᠢᠯᠠᠨ ᠠᠵᠤ ᠦᠢᠯᠡᠰ ᠤᠨ ᠪᠦᠲᠦᠴᠡ ᠪᠣᠯᠤᠨ ᠪᠠᠶᠢᠷᠢᠰᠢᠭᠤᠯᠤᠯᠲᠠ ᠶᠢ ᠲᠤᠬᠢᠷᠠᠭᠤᠯᠤᠨ ᠰᠢᠯᠢᠳᠡᠭᠵᠢᠭᠦᠯᠬᠦ ᠪᠠᠷ ᠳᠠᠮᠵᠢᠨ ᠬᠦᠯᠡᠮᠵᠢ ᠶᠢᠨ ᠢᠳᠡᠰᠢᠨ ᠨᠣᠭᠤᠭ᠎ᠠ ᠶᠢᠨ ᠲᠠᠷᠢᠮᠠᠯ ᠢ ᠶᠡᠬᠡᠪᠡᠷ ᠬᠥᠭᠵᠢᠭᠦᠯᠵᠦ᠂ ᠲᠡᠭᠦᠨ ᠢ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠪᠣᠯᠭᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠠᠵᠤ ᠦᠢᠯᠡᠰ ᠤᠨ ᠲᠤᠯᠭᠠᠭᠤᠷᠢᠯᠠᠯ ᠬᠠᠩᠭᠠᠵᠠᠢ᠃ ᠣᠲᠣ ᠪᠣᠯᠲᠠᠯ᠎ᠠ᠂ ᠰᠢᠩ ᠾᠧ ᠰᠢᠶᠠᠨ ᠤ ᠳ᠋ᠠ ᠺᠦ᠋ ᠯᠢᠶᠠᠨ ᠰᠢᠶᠠᠩ ᠤᠨ ᠢᠳᠡᠰᠢᠨ ᠨᠣᠭᠤᠭ᠎ᠠ ᠳᠠᠷᠢᠬᠤ ᠲᠠᠯᠠᠪᠠᠶ 3.65 ᠲᠦᠮᠡᠨ ᠮᠥ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 35% ᠪᠠᠷ ᠨᠡᠮᠡᠭᠳᠡᠵᠡᠶ᠃ ᠭᠤᠣᠯᠳᠠᠭᠤ ᠴᠠᠭᠠᠨ ᠨᠣᠭᠤᠭ᠎ᠠ᠂ ᠴᠤᠭᠤᠷ ᠨᠣᠭᠤᠭ᠎ᠠ᠂ ᠪᠥᠭᠡᠷᠡᠩᠬᠡᠶ ᠴᠠᠭᠠᠨ ᠨᠣᠭᠤᠭ᠎ᠠ᠂ ᠴᠠᠭᠠᠨ ᠯᠤᠤᠪᠠᠩ᠂ ᠪᠥᠭᠡᠷᠡᠩᠬᠡᠶ ᠰᠣᠩᠭᠢᠨ᠎ᠠ᠂ ᠰᠢᠯᠦᠬᠡᠶ ᠨᠣᠭᠤᠭ᠎ᠠ ᠵᠡᠷᠭᠡ ᠠᠷᠪᠠᠨ ᠬᠡᠳᠦᠨ ᠵᠦᠢᠯ ᠤᠨ ᠨᠣᠭᠤᠭ᠎ᠠ ᠳᠠᠷᠢᠳᠠᠭ᠃ ᠡᠭᠦᠨ ᠤ ᠬᠠᠮᠲᠤ ᠬᠦᠢᠲᠡᠨ ᠰᠡᠷᠢᠭᠦᠨ ᠢᠳᠡᠰᠢᠨ ᠨᠣᠭᠤᠭᠠᠨ ᠤ ᠠᠵᠤ ᠦᠢᠯᠡᠰ ᠤᠨ ᠬᠥᠭᠵᠢᠯᠲᠡ ᠶᠢ ᠦᠨᠡᠨᠬᠦ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ ᠲᠥᠯᠥᠭᠡ᠂ ᠳ᠋ᠠ ᠺᠦ᠋ ᠯᠢᠶᠠᠨ ᠰᠢᠶᠠᠩ ᠡᠨᠡ ᠵᠢᠯ ᠼᠤᠤ ᠰᠧ ᠶᠣᠣ ᠲᠣᠰᠬᠤᠨ ᠳᠤ 900 ᠲᠦᠮᠡᠨ ᠲᠥᠭᠦᠷᠢᠭ ᠤᠨ ᠪᠡᠯᠡ ᠣᠷᠣᠭᠤᠯᠵᠤ ᠲᠣᠭᠲᠠᠮᠠᠯ ᠳᠤᠯᠠᠭᠠᠨᠳᠤ ᠬᠠᠳᠠᠭᠠᠯᠠᠮᠵᠢ ᠶᠢᠨ ᠬᠥᠮᠥᠷᠭᠡ ᠶᠢ ᠪᠠᠶᠢᠭᠤᠯᠵᠤ᠂ 200 ᠲᠦᠮᠡᠨ ᠲᠥᠭᠦᠷᠢᠭ ᠤᠨ ᠪᠡᠯᠡ ᠣᠷᠣᠭᠤᠯᠵᠤ ᠢᠳᠡᠰᠢᠨ ᠨᠣᠭᠤᠭ᠎ᠠ ᠶᠢᠨ ᠴᠢᠬᠢ ᠪᠤᠶᠢᠵᠢᠭᠤᠯᠬᠤ ᠬᠦᠯᠡᠮᠵᠢ ᠶᠢ 50 ᠪᠠᠶᠢᠭᠤᠯᠵᠠᠢ᠃                                                         ᠣᠷᠴᠢᠭᠤᠯᠤᠭᠴᠢ᠄ ᠭᠤᠸ᠎ᠠ                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2