8 ᠰᠠᠷ᠎ᠠ ᠶᠢᠨ 1 ᠤ ᠡᠳᠦᠷ᠂ ᠳᠥᠷᠪᠡᠳ ᠬᠤᠰᠢᠭᠤᠨ ᠳᠤ ᠬᠠᠷᠠᠭᠠᠯᠵᠠᠯ ᠤᠨ ᠦᠨᠡᠮᠯᠡᠯ ᠣᠯᠭᠤᠬᠤ ᠶᠣᠰᠣᠯᠠᠯ | ᠵᠢᠴᠢ 2022 ᠣᠨ ᠤ ᠪᠥᠬᠦ ᠬᠤᠰᠢᠭᠤᠨ ᠤ ︽ᠬᠠᠮᠤᠭ ᠤᠨ ᠰᠠᠶᠢᠬᠠᠨ ᠴᠡᠷᠢᠭ ᠤᠨ ᠠᠯᠪᠠᠨ ᠡᠴᠠᠬᠠᠯᠠᠭᠳᠠᠭᠰᠡᠳ︾ | ︽ᠬᠠᠮᠤᠭ ᠤᠨ ᠭᠤᠶᠤ ᠴᠡᠷᠢᠭ ᠤᠨ ᠭᠡᠷᠭᠡᠢ︾ ᠢ ᠨᠡᠶᠢᠲᠡᠯᠡᠬᠦ ᠶᠣᠰᠣᠯᠠᠯ ᠶᠠᠪᠤᠭᠤᠯᠪᠠ᠃ | ᠶᠣᠰᠣᠯᠠᠯ ᠳᠡᠭᠡᠷ᠎ᠡ᠂ 2022 ᠣᠨ ᠤ ᠪᠥᠬᠦ ᠬᠤᠰᠢᠭᠤᠨ ᠤ ︽ᠬᠠᠮᠤᠭ ᠤᠨ ᠰᠠᠶᠢᠬᠠᠨ ᠴᠡᠷᠢᠭ ᠤᠨ | ᠠᠯᠪᠠᠨ ᠠᠴᠠ ᠬᠠᠯᠠᠭᠳᠠᠭᠰᠡᠳ︾ ︽ᠬᠠᠮᠤᠭ ᠤᠨ ᠭᠤᠶᠤ ᠴᠡᠷᠢᠭ ᠤᠨ ᠭᠡᠷᠭᠡᠢ︾ ᠳᠤ ᠢᠷᠠᠭᠤ ᠠᠯᠳᠠᠷ ᠤᠨ ᠦᠨᠡᠮᠯᠡᠯ | ᠣᠯᠭᠤᠵᠤ᠂ ᠴᠡᠷᠢᠭ ᠤᠨ ᠠᠯᠪᠠᠨ ᠠᠴᠠ ᠬᠠᠯᠠᠭᠳᠠᠭᠰᠡᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ | ᠲᠥᠯᠥᠭᠡᠯᠡᠭᠴᠢᠳ ᠲᠤ ᠬᠠᠷᠠᠭᠠᠯᠵᠠᠯ ᠤᠨ ᠦᠨᠡᠮᠯᠡᠯ ᠣᠯᠭᠤᠵᠠᠶ᠃ | ᠬᠤᠷᠠᠯ ᠠᠴᠠ᠂ ᠪᠥᠬᠦ ᠬᠤᠰᠢᠭᠤᠨ ᠤ ᠥᠷᠭᠡᠨ ᠣᠯᠠᠨ ᠴᠡᠷᠢᠭ ᠤᠨ ᠠᠯᠪᠠᠨ ᠠᠴᠠ ᠬᠠᠯᠠᠭᠳᠠᠭᠰᠡᠳ ︽ | ᠬᠠᠮᠤᠭ ᠤᠨ ᠰᠠᠶᠢᠬᠠᠨ ᠴᠡᠷᠢᠭ ᠤᠨ ᠠᠯᠪᠠᠨ ᠠᠴᠠ ᠬᠠᠯᠠᠭᠳᠠᠭᠰᠡᠳ︾ ᠢᠶᠠᠷ ᠳᠠᠭᠤᠷᠢᠶᠠᠯ ᠪᠣᠯᠭᠠᠵᠤ᠂ | ᠠᠮᠢᠳᠤᠷᠠᠯ ᠤᠨ ᠢᠶᠠᠨ ᠬᠤᠶᠠᠳᠤᠭᠠᠷ ᠪᠠᠶᠢᠯᠳᠤᠭᠠᠨ ᠤ ᠲᠠᠯᠠᠪᠤᠷ ᠲᠤ ᠳᠠᠬᠢᠨᠲᠠ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠶ᠃ | ᠴᠡᠷᠢᠭ ᠤᠨ ᠠᠯᠪᠠᠨ ᠠᠴᠠ ᠬᠠᠯᠠᠭᠳᠠᠭᠰᠡᠳ ᠤᠨ ᠬᠡᠷᠡᠭ ᠶᠠᠪᠤᠳᠠᠯ ᠤᠨ ᠲᠣᠪᠴᠢᠶ᠎ᠠ ᠨᠢ ︽ᠳᠥᠷᠪᠡ ᠶᠢ ᠬᠦᠨᠳᠦᠳᠬᠡᠬᠦ | ︾ ︽ᠲᠠᠪᠤ ᠶᠢ ᠬᠠᠯᠠᠮᠵᠢᠯᠠᠬᠤ︾ ︽ᠵᠢᠷᠭᠤᠭ᠎ᠠ ᠶᠢ ᠵᠠᠪᠠᠯ ᠰᠤᠷᠪᠤᠯᠵᠢᠯᠠᠬᠤ︾ ᠠᠵᠢᠯ ᠤᠨ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠶᠠᠷ ᠢ ᠬᠦᠷᠢᠶᠡᠯᠡᠨ ᠡᠭᠦᠳᠦᠨ ᠪᠠᠶᠢᠭᠤᠯᠬᠤ᠂ ᠴᠡᠷᠢᠭ ᠠᠷᠠᠳ ᠬᠠᠮᠲᠤ ᠪᠠᠷ | ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠴᠡᠷᠢᠭ ᠤᠨ ᠠᠯᠪᠠᠨ ᠠᠴᠠ ᠬᠠᠯᠠᠭᠳᠠᠭᠰᠡᠳ ᠲᠤ ᠪᠣᠳᠠᠲᠠᠶ ᠠᠵᠢᠯ | ᠬᠢᠵᠦ᠂ ᠬᠦᠴᠢᠷ ᠶᠠᠪᠤᠳᠠᠯ ᠢ ᠨᠢ ᠰᠢᠶᠳᠪᠦᠷᠢᠯᠡᠵᠦ᠂ ᠰᠠᠶᠢᠨ ᠶᠠᠪᠤᠳᠠᠯ ᠬᠢᠵᠦ ᠥᠭᠬᠦ ᠬᠡᠷᠡᠭᠲᠡᠶ᠃ ᠰᠤᠮᠤ ᠰᠢᠶᠠᠩ | ᠪᠠᠯᠭᠠᠰᠤ ᠪᠣᠯᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠴᠡᠷᠢᠭ ᠤᠨ ᠠᠯᠪᠠᠨ ᠠᠴᠠ ᠬᠠᠯᠠᠭᠳᠠᠭᠰᠡᠳ ᠤᠨ | ᠠᠵᠢᠯ ᠢ ᠶᠡᠬᠡᠪᠡᠷ ᠳᠡᠮᠵᠢᠵᠦ᠂ ᠦᠰᠦᠨ ᠪᠤᠶᠢᠵᠢᠬᠤ ᠪᠠ ᠬᠥᠭᠵᠢᠬᠦ ᠲᠠᠪᠴᠠᠩ ᠢ ᠰᠠᠨᠠᠭᠠᠴᠢᠯᠠᠭ᠎ᠠ ᠠᠴᠠ ᠪᠠᠨ | ᠪᠠᠶᠢᠭᠤᠯᠵᠤ᠂ ᠴᠡᠷᠢᠭ ᠤᠨ ᠠᠯᠪᠠᠨ ᠠᠴᠠ ᠬᠠᠯᠠᠭᠳᠠᠭᠰᠡᠳ ᠢ ᠦᠨᠳᠦᠰᠦᠨ ᠱᠠᠲᠤᠨ ᠤ ᠵᠠᠰᠠᠯᠲᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠶᠢᠨ ᠳᠤᠷ᠎ᠠ ᠶᠢᠨ ᠦᠶᠯᠡᠴᠢᠯᠡᠭᠡᠨ ᠤ ᠬᠤᠰᠢᠭᠤᠴᠢ ᠠᠩᠭᠢ᠂ | ᠳᠠᠭᠠᠭᠤᠯᠤᠭᠴᠢ ᠪᠣᠯᠭᠠᠵᠤ᠂ ᠴᠡᠷᠢᠭ ᠬᠥᠮᠦᠨ ᠢ ᠨᠡᠶᠢᠭᠡᠮ ᠳᠠᠶᠠᠭᠠᠷ ᠢᠶᠠᠨ ᠬᠦᠨᠳᠦᠳᠬᠡᠬᠦ ᠪᠣᠯᠭᠠᠬᠤ ᠬᠡᠷᠡᠭᠲᠡᠶ ᠭᠡᠵᠦ | ᠱᠠᠭᠠᠷᠳᠠᠪᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |