ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠪᠠᠨ ᠭᠤᠷᠪᠠᠳᠤᠭᠠᠷ  ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/22
     8 ᠰᠠᠷ᠎ᠠ ᠶᠢᠨ 17 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠤᠨ ᠠᠷᠪᠠᠨ ᠭᠤᠷᠪᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠰᠢᠨ᠎ᠡ ᠪᠠᠷ ᠨᠡᠮᠡᠭᠳᠡᠭᠰᠡᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ᠂ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ ᠵᠢᠴᠢ ᠰᠠᠭᠠᠲᠠᠭᠰᠠᠨ ᠬᠥᠮᠦᠰ ᠤᠨ ᠪᠤᠴᠠᠬᠤ ᠵᠡᠷᠭᠡ ᠪᠠᠶᠢᠳᠠᠯ ᠢ ᠵᠠᠷᠯᠠᠨ ᠮᠡᠳᠡᠭᠳᠡᠪᠡ᠃      8 ᠰᠠᠷ᠎ᠠ ᠶᠢᠨ 16 ᠤ ᠡᠳᠦᠷ ᠤᠨ 0 ᠠᠴᠠ 24 ᠴᠠᠭ ᠪᠣᠯᠲᠠᠯ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠤᠰ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ 1 ᠰᠢᠨ᠎ᠡ ᠪᠠᠷ ᠨᠡᠮᠡᠭᠳᠡᠭᠰᠡᠨ ᠢ ᠮᠡᠳᠡᠭᠦᠯᠪᠡ ︵ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠭᠰᠠᠨ᠂ ᠡᠮᠦᠨᠡᠬᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠲᠠᠢ ᠨᠢᠭᠲᠠ ᠣᠶᠢᠷᠠᠲᠤᠭᠰᠠᠳ ᠮᠥᠨ︶᠃ 8 ᠰᠠᠷ᠎ᠠ ᠶᠢᠨ 16 ᠤ ᠡᠳᠦᠷ ᠤᠨ 24 ᠴᠠᠭ ᠪᠣᠯᠲᠠᠯ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠮᠨᠡᠯᠭᠡ ᠠᠴᠠ ᠭᠠᠷᠤᠭᠰᠠᠨ ᠣᠨᠣᠰᠢᠯᠠᠭᠰᠠᠨ ᠡᠪᠡᠳᠴᠢᠨ ᠤ ᠵᠢᠱᠢᠶ᠎ᠡ 5 ᠪᠠᠶᠢᠵᠤ᠂ ᠣᠲᠣ ᠲᠣᠰ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ 44 ᠪᠠᠶᠢᠨ᠎ᠠ ︵ᠡᠮᠴᠢᠯᠡᠭᠡᠨ ᠤ ᠣᠨᠣᠰᠢᠯᠠᠯᠲᠠ ᠨᠢ ᠬᠥᠩᠭᠡᠨ︶᠂ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠤᠭᠰᠠᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ 3 ᠪᠠᠶᠢᠵᠤ᠂ ᠲᠣᠰ ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ 33 ᠪᠠᠶᠢᠨ᠎ᠠ᠂ ᠡᠳᠡᠭᠡᠷ ᠨᠢ ᠪᠦᠷ ᠤᠯᠠᠭᠠᠨᠴᠠᠪ ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶᠠᠨ ᠳᠤ ᠡᠮᠨᠡᠭᠦᠯᠵᠦ ᠪᠠᠶᠢᠬᠤ ᠮᠥᠷᠲᠡᠭᠡᠨ ᠬᠦᠨᠳᠦ ᠡᠪᠡᠳᠴᠢᠲᠡᠨ᠂ ᠬᠦᠨᠳᠦ ᠲᠦᠭᠰᠢᠭᠦᠷᠢᠲᠡᠢ ᠡᠪᠡᠳᠴᠢᠲᠡᠨ ᠪᠠᠶᠢᠬᠤ ᠥᠬᠡᠶ᠃ ᠨᠢᠭᠲᠠ ᠣᠶᠢᠷᠠᠲᠤᠭᠰᠠᠳ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠨ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠤᠨ ᠥᠷᠭᠡᠵᠢᠨ ᠳᠡᠯᠭᠡᠷᠡᠬᠦ ᠶᠢ ᠴᠢᠩᠭ᠎ᠠ ᠰᠡᠷᠭᠡᠶᠢᠯᠡᠪᠡ᠃      8 ᠰᠠᠷ᠎ᠠ ᠶᠢᠨ 16 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠠᠷᠪᠠᠨ ᠬᠤᠶᠠᠳᠤᠭᠠᠷ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠪᠡᠶᠡᠯᠡᠭᠦᠯᠵᠦ᠂ ᠨᠡᠶᠢᠲᠡ 51439 ᠬᠥᠮᠦᠨ ︵ᠤᠳᠠᠭ᠎ᠠ︶ ᠥᠯᠢᠭᠡᠷ ᠠᠪᠴᠤ᠂ ᠨᠢᠭᠡᠨᠲᠡ ᠪᠦᠬᠦᠨ ᠤ ᠦᠷ᠎ᠡ ᠳ᠋ᠦᠩ ᠢ ᠨᠢ ᠭᠠᠷᠭᠠᠵᠤ᠂ ᠨᠡᠶᠢᠭᠡᠮ ᠤᠨ ᠲᠠᠯ᠎ᠠ ᠨᠢ ᠴᠥᠮ ᠪᠢᠯᠢᠭ ᠴᠢᠨᠠᠷᠲᠠᠶ ᠪᠠᠶᠢᠨ᠎ᠠ᠃      ᠰᠠᠭᠠᠲᠠᠭᠰᠠᠨ ᠠᠶᠠᠨᠴᠢᠳ ᠤᠨ ᠪᠤᠴᠠᠬᠤ ᠠᠰᠠᠭᠤᠳᠠᠯ ᠢ ᠲᠣᠬᠢᠲᠠᠶ ᠰᠢᠶᠳᠪᠦᠷᠢᠯᠡᠬᠦ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠭᠠᠳᠠᠭᠰᠢ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ᠂ ︽ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ︾᠂ ᠬᠤᠭᠤᠴᠠᠭ᠎ᠠ ᠪᠦᠯᠦᠭ ᠬᠤᠪᠢᠶᠠᠨ ᠳᠠᠮᠵᠢᠭᠤᠯᠤᠨ ᠵᠥᠭᠡᠭᠡᠪᠦᠷᠢᠯᠡᠬᠦ᠂ ᠯᠠᠪᠳᠠᠭᠤᠨ ᠲᠣᠭᠲᠠᠭᠤᠨ ᠡᠮᠬᠢ ᠵᠢᠷᠤᠮ ᠲᠠᠢ ᠪᠠᠶᠢᠬᠤ ᠵᠠᠷᠴᠢᠮ ᠢ ᠪᠠᠷᠢᠮᠲᠠᠯᠠᠨ᠂ ᠲᠤᠰᠬᠠᠶ ᠠᠩᠭᠢ ᠪᠠᠶᠢᠭᠤᠯᠬᠤ᠂ ᠳᠦᠷᠦᠯ ᠬᠤᠪᠢᠶᠠᠨ ᠠᠷᠭ᠎ᠠ ᠪᠤᠲᠤᠯᠭ᠎ᠠ ᠬᠡᠷᠡᠭᠵᠢᠭᠦᠯᠬᠦ ᠪᠠ ᠪᠢᠲᠡᠭᠦᠦ ᠴᠠᠭᠠᠷᠢᠭ ᠢᠶᠠᠷ ᠬᠠᠮᠢᠶᠠᠷᠬᠤ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠰᠠᠭᠠᠲᠠᠭᠰᠠᠨ ᠠᠶᠠᠨᠴᠢᠳ ᠤᠨ ᠪᠤᠴᠠᠬᠤ ᠠᠵᠢᠯ ᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ ᠪᠠᠶᠢᠨ᠎ᠠ᠃ 8 ᠰᠠᠷ᠎ᠠ ᠶᠢᠨ 14 ᠤ ᠡᠳᠦᠷ ᠠᠴᠠ ᠡᠬᠢᠯᠡᠨ᠂ ᠲᠦᠷᠦᠭᠦᠤ ᠪᠦᠯᠦᠭ ᠤᠨ ᠣᠨᠣᠰᠢᠯᠠᠳᠠᠭᠰᠠᠨ ᠡᠪᠡᠳᠴᠢᠲᠡᠨ ᠤ ᠵᠢᠱᠢᠶ᠎ᠡ ᠪᠢᠰᠢ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠪᠢᠰᠢ᠂ ᠨᠢᠭᠲᠠ ᠣᠶᠢᠷᠠᠲᠤᠭᠰᠠᠳ ᠪᠠ ᠳᠡᠳ᠋ ᠨᠢᠭᠲᠠ ᠣᠶᠢᠷᠠᠲᠤᠭᠰᠠᠳ ᠪᠤᠰᠤ ᠬᠥᠮᠦᠰ ᠢ ᠵᠣᠬᠢᠶᠠᠨ ᠪᠠᠶᠢᠭᠤᠯᠵᠤ᠂ 48 ᠴᠠᠭ ᠤᠨ ᠳᠣᠲᠣᠷ᠎ᠠ ᠬᠤᠶᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠡᠪ ᠤᠨ ᠠᠶᠤᠯ ᠲᠦᠭᠰᠢᠭᠦᠷᠢ ᠪᠠᠭᠠᠲᠠᠶ ᠣᠷᠣᠨ ᠳᠤ ᠰᠠᠭᠠᠲᠠᠭᠰᠠᠨ ᠠᠶᠠᠨᠴᠢᠳ ᠢ ᠵᠠᠯᠭᠠᠭ᠎ᠠ ᠪᠠᠷ ᠪᠤᠴᠠᠭᠠᠨ ᠶᠠᠪᠤᠭᠤᠯᠵᠤ᠂ 16 ᠤ ᠡᠳᠦᠷ ᠤᠨ 10 ᠴᠠᠭ ᠪᠣᠯᠲᠠᠯ᠎ᠠ᠂ 65 ᠬᠤᠪᠢ ᠶᠢᠨ ᠲᠡᠷᠭᠡ 270 ᠬᠦᠮᠦᠨ᠂ ᠬᠥᠯᠥᠰᠦᠯᠡᠭᠰᠡᠨ 3 ᠲᠡᠷᠭᠡ 46 ᠬᠥᠮᠦᠨ᠂ ᠨᠡᠶᠢᠲᠡ 316 ᠰᠠᠭᠠᠲᠠᠭᠰᠠᠨ ᠠᠶᠠᠨᠴᠢᠳ ᠤᠨ ᠪᠤᠴᠠᠵᠤ ᠬᠠᠷᠢᠬᠤ ᠶᠢ ᠪᠠᠲᠤᠯᠠᠪᠠ᠃ ᠦᠯᠡᠳᠡᠭᠰᠡᠨ ᠠᠶᠤᠯ ᠲᠦᠭᠰᠢᠭᠦᠷᠢ ᠶᠢᠨ ᠦᠨᠡᠯᠡᠯᠲᠡ ᠪᠠᠷ ᠳᠡᠮᠵᠢᠨ ᠬᠤᠰᠢᠭᠤᠨ ᠠᠴᠠ ᠰᠠᠯᠵᠤ ᠪᠣᠯᠬᠤ ᠠᠶᠠᠨᠴᠢᠳ ᠤᠨ ᠪᠤᠴᠠᠬᠤ ᠶᠠᠪᠤᠳᠠᠯ ᠢ ᠣᠲᠣ ᠶᠠᠭ ᠡᠮᠬᠢ ᠵᠢᠷᠤᠮ ᠲᠠᠢ ᠲᠣᠬᠢᠷᠠᠭᠤᠯᠵᠤ ᠪᠠᠶᠢᠨ᠎ᠠ᠃                                   ᠣᠷᠴᠢᠭᠤᠯᠤᠭᠴᠢ᠄ ᠤᠳᠠ                                   ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
1
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2