ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/23
    8 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠶ ᠦᠢᠯᠡᠳᠪᠦᠷᠢᠯᠡᠯ ᠪᠠ ᠲᠠᠷᠢᠶᠠᠨ ᠭᠠᠵᠠᠷ ᠤᠨ ᠬᠠᠮᠠᠭᠠᠯᠠᠯᠲᠠ ᠵᠡᠷᠭᠡ ᠤᠴᠢᠷ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠪᠣᠯ ᠮᠠᠨ ᠤ ᠬᠤᠳᠠ ᠶᠢᠨ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠱᠠᠯᠠᠪᠳᠠᠭᠤᠯᠤᠨ ᠭᠦᠢᠴᠡᠳᠬᠡᠭᠦᠯᠵᠦ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠰᠠᠭᠤᠳᠠᠯ ᠢ ᠲᠦᠷᠭᠡᠬᠡᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠨᠢᠭᠡᠳ ᠨᠢᠭᠡ ᠪᠠᠷ ᠰᠢᠢᠳᠪᠦᠷᠢᠯᠡᠬᠦ ᠬᠡᠷᠡᠭᠲᠡᠢ᠃ ᠲᠦᠷᠦᠯ ᠵᠦᠢᠯ ᠤᠨ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢ ᠴᠢᠩᠭ᠎ᠠ ᠬᠢᠵᠠᠭᠠᠷᠯᠠᠵᠤ᠂ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠬᠡᠳᠡᠷᠬᠦ ᠰᠢᠬᠠᠮᠳᠠᠭᠤᠯᠵᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠦᠢᠯᠡᠳᠬᠦᠨ ᠤ ᠦᠷᠳᠡᠭ ᠢᠶᠠᠷ ᠳᠣᠣᠷ᠎ᠠ ᠠᠵᠤ ᠠᠬᠤᠶᠢᠯᠠᠯ ᠢ ᠲᠦᠢᠯᠪᠤᠷᠢᠲᠠᠢ ᠰᠢᠭᠰᠢᠭᠳᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠢ ᠠᠵᠤ ᠠᠬᠤᠢ ᠶᠢᠨ ᠬᠥᠭᠵᠢᠯᠲᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠶᠠᠪᠤᠴᠠ ᠪᠣᠯᠤᠨ ᠡᠯ᠎ᠡ ᠲᠠᠯ᠎ᠠ ᠳᠤ ᠲᠤᠭᠤᠰᠢᠯᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠰᠢᠭᠤ ᠰᠢᠶᠠᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠬᠢᠮᠢ ᠶᠢᠨ ᠠᠵᠤ ᠦᠢᠯᠡᠳᠪᠦᠷᠢ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠳᠦ ᠳᠡᠯᠭᠡᠭᠦᠷ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠤᠨ ᠳᠠᠯᠳᠠ ᠭᠡᠮ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠮᠠᠨ ᠤ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠪᠥᠬᠦ ᠬᠤᠲᠠ ᠶᠢᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠤᠯᠢ ᠠᠴᠠ ᠵᠥᠷᠢᠴᠡᠭᠰᠡᠨ ᠦᠯᠡᠳᠡᠭᠡᠯ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠰᠢᠨ᠎ᠡ ᠪᠠᠷ ᠨᠡᠮᠡᠭᠳᠡᠭᠰᠡᠨ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2