1-7ᠰᠠᠷ᠎ᠠ ᠳᠤ᠂ ᠵᠦᠸᠧᠽᠢ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠶᠯᠡᠳᠬᠦᠨ ᠤ ᠶᠡᠷᠦᠩᠬᠡᠶ ᠥᠷᠲᠡᠭ 65 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 32.2% ᠢᠶᠠᠷ ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 4.98 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 64% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 5.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.1% ᠪᠠᠷ ᠪᠠᠭᠤᠷᠠᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | 1.62 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 47.6% ᠪᠠᠷ ᠨᠡᠮᠡᠭᠳᠡᠪᠡ᠃ | ᠭᠤᠷᠪᠠᠳᠤᠭᠠᠷ ᠤᠯᠠᠷᠢᠯ ᠳᠤ᠂ ᠵᠢᠱᠢᠯᠲᠡ ᠪᠠᠷ ᠪᠥᠬᠦ ᠰᠢᠶᠠᠨ ᠤ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ | ᠥᠷᠲᠡᠭ 46 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠢᠶᠠᠷ | ᠨᠡᠮᠡᠭᠳᠡᠪᠡ︔ ᠲᠣᠭᠲᠠᠭᠠᠭᠰᠠᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 84 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34% ᠢᠶᠠᠷ ᠨᠡᠮᠡᠭᠳᠡᠪᠡ︔ 500 ᠲᠦᠮᠡᠨ | ᠲᠥᠭᠦᠷᠢᠭ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 7.0 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 59% ᠢᠶᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ | ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 7.12 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.4% ᠪᠠᠷ ᠪᠠᠭᠤᠷᠠᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | 1.77 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 27.9% ᠪᠠᠷ ᠨᠡᠮᠡᠭᠳᠡᠪᠡ︔ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠲᠣᠰ ᠲᠣᠰ 28200 ᠲᠥᠭᠦᠷᠢᠭ | ᠪᠠ 12600 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠪᠠ 7.4% ᠪᠠᠷ | ᠨᠡᠮᠡᠭᠳᠡᠪᠡ᠃ | ᠶᠡᠷᠦᠩᠬᠡᠶ ᠳᠤᠨᠢ ᠠᠪᠴᠤ ᠦᠵᠡᠪᠡᠯ᠂ ᠵᠦᠸᠧᠽᠢ ᠰᠢᠶᠠᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ | ᠪᠠᠶᠢᠬᠤ ᠶᠢᠨ ᠵᠡᠷᠭᠡ ᠳᠤ ᠪᠠᠬᠢᠵᠢᠵᠦ᠂ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠬᠤ ᠬᠠᠨᠳᠤᠰᠢ ᠲᠠᠢ | ᠦᠷᠭᠦᠯᠵᠢᠯᠡᠵᠦ ᠪᠤᠢ᠂ ᠢᠯᠠᠩᠭᠤᠶ᠎ᠠ ᠬᠤᠶᠠᠳᠤᠭᠠᠷ ᠤᠯᠠᠷᠢᠯ ᠠᠴᠠ ᠨᠠᠰᠢ ᠵᠢᠱᠢᠯᠲᠡ ᠠᠴᠠ ᠳᠠᠪᠠᠭᠰᠠᠨ ᠬᠦᠴᠦᠨ | ᠵᠦᠶᠯ ᠤᠨ ᠠᠰᠢᠭ ᠥᠬᠡᠶ ᠨᠥᠯᠥᠭᠡ ᠶᠢ ᠢᠯᠠᠨ ᠳᠠᠪᠠᠵᠤ᠂ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ | ᠲᠣᠭᠲᠠᠭᠤᠨ ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠦᠶᠯᠡᠳᠬᠦᠨ ᠤ | ᠶᠡᠷᠦᠩᠬᠡᠶ ᠥᠷᠲᠡᠭ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠪᠠᠯᠠ ᠣᠷᠣᠭᠤᠯᠤᠯᠲᠠ᠂ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠡᠷᠭᠡ 3 ᠵᠦᠶᠯ ᠤᠨ ᠭᠦᠶᠴᠡᠳᠬᠡᠯ ᠲᠤᠭ᠎ᠠ ᠢᠮᠠᠭᠲᠠ ᠥᠨᠳᠥᠷ | ᠨᠡᠮᠡᠭᠳᠡᠯ ᠢ ᠪᠠᠲᠤᠯᠠᠵᠤ᠂ ᠠᠵᠤ ᠠᠬᠤᠶ ᠶᠢᠨ ᠶᠡᠭᠡ ᠲᠤᠭ᠎ᠠ ᠦᠷᠭᠦᠯᠵᠢᠯᠡᠨ ᠲᠣᠭᠲᠠᠪᠤᠷᠢᠲᠠᠢ ᠪᠠᠶᠢᠨ᠎ᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |