ᠵᠢᠨᠢᠩ ᠲᠣᠭᠤᠷᠢᠭ ᠬᠡᠷᠡᠭᠯᠡᠭᠴᠢᠳ ᠤᠨ ᠵᠠᠭᠠᠯᠳᠤᠯᠭ᠎ᠠ ᠬᠢᠵᠦ ᠡᠷᠬᠡ ᠪᠠᠨ ᠬᠠᠮᠠᠭᠠᠯᠠᠬᠤ ᠦᠶᠯᠡᠴᠢᠯᠡᠭᠡᠨ ᠤ ᠥᠷᠲᠡᠭᠡ ᠶᠢ ᠢᠳᠡᠪᠬᠢᠲᠡᠶ ᠡᠭᠦᠳᠦᠨ ᠪᠠᠶᠢᠭᠤᠯᠪᠠ
ᠨᠡᠶᠢᠲᠡᠯᠡᠭᠰᠡᠨ ᠴᠠᠭ᠄
2022/8/24
     ᠣᠶᠢᠷ᠎ᠠ ᠳᠤ᠂ ᠬᠡᠷ ᠤᠨ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ ᠤᠨ ᠶᠠᠰᠤ ᠴᠢᠨᠠᠷ ᠤᠨ ᠲᠠᠯ᠎ᠠ ᠪᠠᠷ ᠵᠠᠭᠠᠯᠳᠤᠬᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠶᠢᠨ ᠲᠥᠯᠥᠭᠡ᠂ ᠵᠢᠨᠢᠩ ᠲᠣᠭᠤᠷᠢᠭ ᠤᠨ ᠬᠢᠨ ᠸᠡᠨ ᠵᠧᠦ ᠪᠠᠷᠢᠯᠭ᠎ᠠ ᠶᠢᠨ ᠮᠠᠲ᠋ᠧᠷᠢᠶᠠᠯ ᠤᠨ ᠬᠤᠳᠠᠯᠳᠤᠭ᠎ᠠ ᠶᠢᠨ ᠠᠳᠠᠯ ᠠᠬᠤᠶ ᠶᠢᠨ ᠺᠣᠮᠫᠠᠨᠢ᠂  ᠰᠧᠨ ᠵᠧᠤ ᠪᠠᠷᠢᠯᠭ᠎ᠠ ᠶᠢᠨ ᠮᠠᠲ᠋ᠧᠷᠢᠶᠠᠯ ᠤᠨ ᠬᠤᠳᠠᠯᠳᠤᠭ᠎ᠠ᠂ ᠵᠥᠩ ᠯᠢᠶᠠᠨ ᠠᠳᠠᠯ ᠠᠬᠤᠶ ᠶᠢᠨ ᠺᠣᠮᠫᠠᠨᠢ ᠳᠤ ᠬᠡᠷᠡᠭᠯᠡᠭᠴᠢᠳ ᠤᠨ ᠵᠠᠭᠠᠯᠳᠤᠯᠭ᠎ᠠ ᠶᠢᠨ ᠥᠷᠲᠡᠭᠡ᠂ 12315 ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠦᠶᠯᠡᠴᠢᠯᠡᠭᠡᠨ ᠤ ᠥᠷᠲᠡᠭᠡ ᠶᠢ ᠪᠠᠶᠢᠭᠤᠯᠵᠠᠶ᠃ ᠬᠡᠷᠡᠭᠯᠡᠭᠴᠢᠳ ᠤᠨ ᠵᠠᠭᠠᠯᠳᠤᠯᠭ᠎ᠠ ᠶᠢᠨ ᠥᠷᠲᠡᠭᠡ᠂ 12315 ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠦᠶᠯᠡᠴᠢᠯᠡᠭᠡᠨ ᠤ ᠥᠷᠲᠡᠭᠡ ᠪᠠᠶᠢᠭᠤᠯᠤᠭᠳᠠᠭᠰᠠᠨ ᠤ ᠳᠠᠷᠠᠭ᠎ᠠ᠂ ᠬᠡᠷᠡᠭᠯᠡᠭᠴᠢᠳ ᠵᠠᠬ᠎ᠠ ᠳᠡᠯᠭᠡᠭᠦᠷ ᠤᠨ ᠢᠯᠡ ᠭᠠᠵᠠᠷ ᠠᠴᠠ ᠦᠶᠯᠡᠴᠢᠯᠡᠭᠡᠨ ᠤ ᠥᠷᠲᠡᠭᠡᠨ ᠤ ᠫᠠᠶᠢᠰᠠ ᠵᠢᠴᠢ ᠬᠠᠮᠢᠶ᠎ᠠ ᠪᠥᠬᠦᠶ ᠲᠦᠷᠢᠮ ᠢ ᠣᠯᠵᠤ ᠦᠵᠡᠵᠦ ᠳᠡᠶᠢᠯᠦᠨ᠎ᠡ᠂ ᠥᠷᠲᠡᠭᠡᠨ ᠳᠤ ᠦᠶᠯᠡᠴᠢᠯᠡᠭᠡᠨ ᠤ ᠥᠷᠲᠡᠭᠡᠨ ᠤ ᠠᠵᠢᠯᠲᠠᠨ ᠤ ᠬᠠᠷᠢᠯᠴᠠᠬᠤ ᠠᠷᠭ᠎ᠠ᠂ ᠬᠡᠷᠡᠭᠯᠡᠭᠡᠨ ᠤ ᠵᠠᠭᠠᠯᠳᠤᠯᠭ᠎ᠠ ᠶᠢ ᠭᠥᠯᠢᠶᠡᠨ ᠠᠪᠴᠤ ᠰᠢᠶᠳᠪᠦᠷᠢᠯᠡᠭᠰᠡᠨ ᠲᠡᠮᠳᠡᠭᠯᠡᠯ ᠤᠨ ᠳᠡᠪᠲᠡᠷ ᠢ ᠦᠯᠡᠳᠡᠭᠡᠭᠰᠡᠨ ᠪᠠᠶᠢᠨ᠎ᠠ᠃ ᠬᠡᠷᠡᠭᠯᠡᠭᠴᠢᠳ ᠡᠷᠬᠡ ᠪᠠᠨ ᠬᠠᠮᠠᠭᠠᠯᠠᠬᠤ ᠳᠤ ᠠᠵᠢᠯᠲᠠᠳ ᠬᠠᠮᠤᠭ ᠤᠨ ᠲᠦᠷᠭᠡᠨ ᠬᠤᠷᠳᠤᠴᠠ ᠪᠠᠷ ᠬᠡᠷᠡᠭᠯᠡᠭᠴᠢᠳ ᠤᠨ ᠵᠠᠭᠤᠷᠠᠯᠳᠤᠭᠠᠨ ᠢ ᠰᠢᠶᠳᠪᠦᠷᠢᠯᠡᠵᠦ ᠥᠭᠭᠦᠨ᠎ᠡ᠃ ᠡᠨᠡ ᠵᠢᠯ ᠠᠴᠠ ᠨᠠᠰᠢ᠂ ᠵᠢᠨᠢᠩ ᠲᠣᠭᠤᠷᠢᠭ ᠡᠯ᠎ᠡ ᠲᠥᠷᠥᠯ ᠤᠨ ᠬᠤᠳᠠᠯᠳᠤᠭᠠᠨ ᠤ ᠬᠤᠲᠠ ᠵᠠᠬ᠎ᠠ ᠳᠡᠯᠭᠡᠭᠦᠷ ᠲᠤ ᠬᠡᠷᠡᠭᠯᠡᠭᠴᠢᠳ ᠤᠨ ᠵᠠᠭᠠᠯᠳᠤᠯᠭ᠎ᠠ ᠶᠢᠨ ᠥᠷᠲᠡᠭᠡ ᠂ 12315 ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠥᠷᠲᠡᠭᠡ ᠶᠢ ᠵᠠᠯᠭᠠᠭ᠎ᠠ ᠪᠠᠷ ᠪᠠᠶᠢᠭᠤᠯᠵᠤ ᠂ ᠡᠷᠬᠡ ᠪᠠᠨ ᠬᠠᠮᠠᠭᠠᠯᠠᠬᠤ ᠦᠶᠯᠡᠴᠢᠯᠡᠭᠡᠨ ᠤ ᠠᠵᠢᠯ ᠢ ᠠᠵᠤ ᠠᠬᠤᠶᠢᠯᠠᠯ ᠳᠤ ᠬᠦᠷᠲᠡᠯ᠎ᠡ ᠥᠷᠭᠡᠳᠬᠡᠵᠦ᠂ ᠬᠡᠷᠡᠭᠯᠡᠭᠡᠨ ᠤ ᠵᠢᠭᠤᠷᠠᠯᠳᠤᠭᠠᠨ ᠢ ᠰᠢᠶᠳᠪᠦᠷᠢᠯᠡᠬᠦ ᠵᠠᠮ ᠢ ᠥᠷᠭᠡᠳᠬᠡᠨ᠂ ᠬᠡᠷᠡᠭᠯᠡᠭᠡᠨ ᠤ ᠵᠢᠭᠤᠷᠠᠯᠳᠤᠭᠠᠨ ᠢ ᠰᠢᠶᠳᠪᠦᠷᠢᠯᠡᠬᠦ ᠳᠤ ︽ᠭᠠᠳᠠᠭᠰᠢ ᠭᠠᠷᠬᠤ ᠥᠬᠡᠶ︾ ᠪᠠᠶᠢᠬᠤ ᠶᠢ ᠪᠡᠶᠡᠯᠡᠭᠦᠯᠵᠦ᠂ ᠡᠭᠦᠨ ᠢᠶᠠᠷ ᠵᠠᠬ᠎ᠠ ᠳᠡᠯᠭᠡᠭᠦᠷ ᠤᠨ ᠭᠤᠤᠯᠯᠠᠨ ᠡᠷᠭᠢᠯᠡᠬᠦ ᠲᠠᠯ᠎ᠠ ᠪᠠ ᠡᠵᠡᠩᠨᠡᠯᠲᠡ ᠶᠢᠨ ᠡᠷᠦᠬᠡ ᠶᠢᠨ ᠬᠠᠷᠢᠭᠤᠴᠠᠯᠭ᠎ᠠ ᠶᠢᠨ ᠤᠬᠠᠮᠰᠠᠷ ᠪᠠ ᠥᠪᠡᠷ ᠢ ᠪᠠᠨ ᠱᠠᠭᠠᠷᠳᠠᠬᠤ ᠤᠬᠠᠮᠰᠠᠷ ᠢ ᠴᠢᠩᠭᠠᠷᠠᠭᠤᠯᠤᠨ᠂ ᠡᠵᠡᠩᠨᠡᠯᠲᠡ ᠶᠢᠨ ᠡᠷᠦᠬᠡ ᠶᠢᠨ ᠡᠵᠡᠩᠨᠡᠯᠲᠡ ᠶᠢᠨ ᠠᠵᠢᠯᠯᠠᠭ᠎ᠠ ᠪᠠᠨ ᠤᠬᠠᠮᠰᠠᠷ ᠠᠴᠠ ᠪᠠᠨ ᠵᠢᠷᠤᠮᠵᠢᠭᠤᠯᠬᠤ ᠶᠢ ᠪᠦᠲᠦᠮᠵᠢᠲᠡᠶ ᠠᠬᠢᠭᠤᠯᠵᠤ᠂ ᠮᠥᠨ ᠴᠦ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠬᠤ ᠳᠤ ᠰᠠᠭᠤᠷᠢ ᠶᠢ ᠪᠠᠲᠤᠳᠬᠠᠵᠤ ᠥᠭᠭᠦᠭᠰᠡᠨ ᠪᠠᠶᠢᠨ᠎ᠠ᠃                                       ᠣᠷᠴᠢᠭᠤᠯᠤᠭᠴᠢ᠄ ᠤᠳᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2