ᠰᠦᠶ ᠸᠧᠶ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2022/8/25
    8 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠰᠤᠳᠤᠯᠪᠠ᠃     ᠰᠦᠢ ᠸᠧᠢ ᠵᠢᠶᠦ᠋ᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ  ᠨᠢᠭᠡᠴᠢ ᠶᠢᠨ ᠬᠢᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠴᠢᠬᠤᠯᠠ ᠪᠠᠶᠢᠷᠢᠨ ᠳᠤ ᠲᠠᠯᠪᠢᠵᠤ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠪᠢᠳᠡᠨ ᠳᠤ ᠶᠠᠭᠤ ᠪᠠᠶᠢᠬᠤ᠂ ᠶᠠᠭᠤ ᠬᠡᠷᠡᠭᠴᠡᠭᠡ ᠲᠠᠢ ᠪᠠᠶᠢᠬᠤ ᠳᠠᠭᠠᠨ ᠰᠠᠭᠤᠷᠢᠯᠠᠬᠤ ᠬᠡᠷᠡᠭᠲᠡᠶ᠂ ᠰᠡᠳᠬᠢᠴᠡ ᠪᠠᠨ ᠰᠢᠨ᠎ᠡ ᠪᠠᠷ ᠡᠭᠦᠳᠴᠦ᠂ ᠰᠢᠰᠲ᠋ᠧᠮ ᠲᠠᠢ ᠠᠷᠭ᠎ᠠ ᠤᠬᠠᠭᠠᠨ ᠰᠦᠪᠡᠭᠴᠢᠯᠡᠵᠦ᠂ ᠲᠣᠭᠲᠠᠴᠠ ᠶᠢ ᠲᠡᠭᠦᠯᠳᠡᠷᠵᠢᠭᠦᠯᠵᠦ᠂ ᠲᠤᠰᠬᠠᠶ ᠠᠩᠭᠢ ᠶᠢ ᠲᠤᠰᠬᠠᠶᠢᠯᠠᠨ ᠠᠳᠬᠤᠵᠤ᠂ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠵᠢᠯᠴᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠮᠠᠨ ᠤ ᠪᠣᠬᠢᠷᠲᠤᠯ ᠦᠭᠡᠶ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢᠶᠠᠨ ᠨᠡᠶᠢᠰᠯᠡᠯ ᠤᠨ ᠵᠠᠬ᠎ᠠ ᠳᠡᠯᠭᠡᠭᠦᠷ ᠤᠨ ᠳᠠᠪᠠᠭᠤᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ᠂ ᠴᠢᠳᠠᠪᠤᠷᠢᠲᠠᠨ ᠤ ᠳᠠᠪᠠᠭᠤᠯᠢᠭ ᠲᠠᠢ ᠨᠡᠩ ᠰᠠᠶᠢᠲᠤᠷ ᠤᠶᠠᠯᠳᠤᠭᠤᠯᠵᠤ᠂ ︽ᠠᠵᠤ ᠠᠬᠤᠶᠢᠯᠠᠯ ᠢ ᠲᠡᠳᠡᠨ ᠣᠷᠣᠭᠤᠯᠬᠤ᠂ ᠪᠡᠯᠡ ᠮᠥᠩᠭᠦ ᠲᠡᠳᠡᠨ ᠣᠷᠣᠭᠤᠯᠬᠤ᠂ ᠣᠶᠤᠨ ᠢ ᠲᠡᠳᠡᠨ ᠣᠷᠣᠭᠤᠯᠬᠤ᠂ ᠴᠢᠳᠠᠪᠤᠷᠢᠲᠠᠨ ᠢ ᠲᠡᠳᠡᠨ ᠣᠷᠣᠭᠤᠯᠬᠤ᠂ ᠨᠡᠷᠡᠲᠦ ᠲᠡᠮᠳᠡᠭᠲᠦ ᠶᠢ ᠲᠠᠲᠠᠨ ᠣᠷᠣᠭᠤᠯᠬᠤ︾ ᠠᠵᠢᠯ ᠢ ᠭᠦᠨᠵᠡᠭᠡᠶ ᠥᠷᠨᠢᠭᠦᠯᠵᠦ᠂ ᠭᠠᠵᠠᠷ ᠣᠷᠣᠨ᠂ ᠲᠥᠷᠥᠯ ᠵᠦᠢᠯ᠂ ᠨᠡᠷᠡᠲᠦ ᠲᠡᠮᠳᠡᠭ ᠢ ᠲᠠᠨᠢᠯᠴᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠷᠠᠲᠤ ᠪᠠᠭᠰᠢ᠂ ᠨᠠᠷᠠᠲᠤ ᠡᠮᠴᠢ ᠶᠢ ᠪᠤᠶᠢᠵᠢᠭᠤᠯᠬᠤ ᠢᠨᠵᠧᠨᠧᠷᠢᠩ ᠢ ᠪᠦᠲᠦᠮᠵᠢᠲᠡᠶ ᠬᠡᠷᠡᠭᠵᠢᠭᠦᠯᠵᠦ᠂ ︽ᠪᠡᠭᠡᠵᠢᠩ ᠤᠨ ᠠᠵᠤ ᠠᠬᠤᠶᠢᠯᠠᠯ + ᠤᠯᠠᠭᠠᠨᠴᠠᠪ ᠤᠨ ᠡᠬᠢ ᠪᠠᠶᠠᠯᠢᠭ︾᠂ ︽ᠪᠡᠭᠡᠵᠢᠩ ᠤᠨ ᠵᠠᠬ᠎ᠠ ᠳᠡᠯᠭᠡᠭᠦᠷ + ᠤᠯᠠᠭᠠᠨᠴᠠᠪ ᠤᠨ ᠦᠢᠯᠡᠳᠬᠦᠨ︾᠂ ︽ᠪᠡᠭᠡᠵᠢᠩ ᠤᠨ ᠶᠡᠷᠦᠩᠬᠡᠶ ᠬᠡᠯᠲᠡᠰ + ᠤᠯᠠᠭᠠᠨᠴᠠᠪ ᠤᠨ ᠰᠠᠭᠤᠷᠢᠨ ᠭᠠᠵᠠᠷ︾᠂ ︽ᠪᠡᠭᠡᠵᠢᠩ ᠤᠨ ᠪᠠᠶᠢᠭᠤᠯᠤᠮᠵᠢ + ᠤᠯᠠᠭᠠᠨᠴᠠᠪ ᠤᠨ ᠲᠠᠪᠴᠠᠩ︾ ᠵᠡᠷᠭᠡ ᠣᠯᠠᠨ ᠵᠦᠢᠯ ᠤᠨ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠵᠤ ᠦᠢᠯᠡᠰ᠂ ᠲᠥᠷᠥᠯ ᠵᠦᠢᠯ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠬᠦᠷᠢᠶᠡᠨ ᠳᠤ ︽ᠱᠠᠲᠤ ᠵᠢᠭᠡᠯᠡᠵᠦ ᠥᠨᠳᠥᠷ ᠲᠤ ᠭᠠᠷᠬᠤ︾ ᠪᠠᠷ ᠴᠢᠷᠮᠠᠶᠢᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭ ᠣᠯᠭᠤᠵᠤ ᠬᠠᠮᠲᠤᠪᠠᠷ ᠠᠰᠢᠭ ᠭᠥᠷᠳᠡᠬᠦ ᠶᠢ  ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠲᠠ ᠶᠢᠨ ᠤᠳᠤᠷᠢᠳᠤᠯᠭ᠎ᠠ ᠴᠢᠶᠣᠤ ᠶᠦᠨ ᠯᠢ᠂ ᠶᠦᠨ ᠫᠧᠩ ᠭᠠᠩ᠂ ᠯᠸᠢ ᠺᠦᠨ᠂ ᠹᠠᠩ ᠽᠧ᠂ ᠯᠢ ᠵᠢᠶᠠᠨ ᠵᠢᠶᠦ᠋ᠨ ᠬᠤᠷᠠᠯ ᠳᠤ ᠣᠷᠣᠯᠴᠠᠪᠠ᠃                                                        ᠣᠷᠴᠢᠭᠤᠯᠤᠭᠴᠢ᠄ ᠭᠤᠸ᠎ᠠ                                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2