ᠣᠶᠢᠷ᠎ᠠ ᠳᠤ᠂ ᠵᠢᠨᠢᠩ ᠲᠣᠭᠤᠷᠢᠭ ᠲᠤ ᠪᠠᠶᠢᠩᠭᠤ ᠶᠢᠨ ᠴᠢᠨᠠᠷᠲᠠᠶ ᠪᠥᠭᠡᠮ ᠬᠦᠴᠢᠯ ᠤᠨ ᠪᠠᠶᠢᠴᠠᠭᠠᠨ ᠰᠢᠯᠭᠠᠬᠤ | ᠠᠵᠢᠯ ᠢ ᠡᠬᠢᠯᠡᠨ ᠬᠡᠷᠡᠭᠵᠢᠭᠦᠯᠦᠭᠰᠡᠨ ᠪᠥᠭᠡᠳ ᠡᠭᠦᠨ ᠠᠴᠠ ᠡᠮᠦᠨᠡᠬᠢ ᠣᠷᠣᠨ ᠪᠦᠰᠡ ᠶᠢᠨ ᠪᠥᠭᠡᠮ ᠬᠦᠴᠢᠯ ᠤᠨ | ᠪᠠᠶᠢᠴᠠᠭᠠᠨ ᠰᠢᠯᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠥᠬᠦᠶ ᠠᠵᠢᠯ ᠢ | ᠨᠢᠭᠡᠨᠲᠡ ᠲᠡᠭᠦᠯᠳᠡᠷᠵᠢᠭᠦᠯᠦᠨ ᠰᠢᠯᠢᠳᠡᠭᠵᠢᠭᠦᠯᠪᠡ᠃ ᠨᠡᠩ ᠤᠯᠠᠨ ᠦᠯᠢᠭᠡᠷ ᠠᠪᠬᠤ ᠴᠡᠭ ᠢ ᠨᠡᠮᠡᠨ ᠭᠠᠷᠭᠠᠬᠤ ᠶᠢᠨ | ᠬᠠᠮᠲᠤ ᠦᠯᠢᠭᠡᠷ ᠠᠪᠬᠤ ᠴᠠᠭ ᠢ ᠤᠷᠲᠤᠳᠬᠠᠪᠠ︔ ᠡᠯ᠎ᠡ ᠴᠡᠭ ᠤᠨ ᠪᠠᠶᠢᠷᠢ ᠶᠢᠨ ᠣᠶᠢᠷᠠᠯᠴᠠᠭ᠎ᠠ ᠭᠠᠵᠠᠷ ᠲᠤ ᠨᠢ | ᠨᠡᠷᠡᠨ ᠤ ᠬᠠᠯᠬᠠᠪᠴᠢ ᠰᠠᠷᠠᠪᠴᠢ ᠪᠤᠰᠬᠠᠪᠡ︔ ᠡᠭᠦᠨ ᠤ ᠵᠡᠷᠭᠡ ᠳᠤ ᠬᠤᠲᠠ ᠶᠢᠨ ᠠᠷᠠᠳ ᠢ ᠬᠠᠪᠰᠤᠷᠤᠨ ᠪᠥᠭᠡᠮ | ᠬᠦᠴᠢᠯ ᠤᠨ ᠥᠯᠢᠭᠡᠷ ᠠᠪᠬᠤ ᠴᠡᠭ ᠢ ᠥᠨᠳᠥᠷ ᠪᠦᠲᠦᠮᠵᠢᠲᠡᠶ ᠪᠠᠷ ᠡᠷᠢᠵᠦ ᠤᠯᠬᠤ ᠶᠢᠨ ᠲᠥᠯᠥᠭᠡ᠂ ᠸᠢᠴᠠᠲ ᠤᠨ | ᠵᠢᠵᠢᠭ ᠫᠷᠤᠭ᠍ᠷᠠᠮ ︽ᠠᠭᠤᠯᠠᠨ ᠬᠤᠲᠠ ᠶᠢᠨ ᠬᠠᠮᠢᠶᠠᠷᠤᠭᠴᠢ︾ ᠶᠢ ᠠᠰᠢᠭᠯᠠᠨ ᠪᠥᠭᠡᠮ ᠬᠦᠴᠢᠯ ᠤᠨ ᠪᠠᠶᠢᠴᠠᠭᠠᠨ | ᠬᠡᠮᠵᠢᠬᠦ ᠴᠡᠭ ᠢ ᠴᠠᠭ ᠲᠤᠬᠠᠶ ᠳᠤ ᠨᠢ ᠪᠠᠶᠢᠴᠠᠭᠠᠨ ᠦᠵᠡᠵᠦ᠂ ᠵᠠᠮ ᠱᠤᠭᠤᠮ ᠤᠨ ᠲᠥᠯᠥᠪᠵᠢᠭᠦᠯᠭᠡ ᠶᠢ | ᠪᠡᠶᠡᠯᠡᠭᠦᠯᠦᠭᠰᠡᠨ ᠪᠠᠶᠢᠨ᠎ᠠ᠃ | ᠣᠳᠣᠬᠠᠨ ᠳᠤ᠂ ᠵᠢᠨᠢᠩ ᠲᠣᠭᠤᠷᠢᠭ ᠲᠤ ᠪᠠᠶᠢᠩᠭᠤ ᠶᠢᠨ ᠴᠢᠨᠠᠷᠲᠠᠶ ᠪᠥᠭᠡᠮ ᠬᠦᠴᠢᠯ ᠤᠨ ᠪᠠᠶᠢᠴᠠᠭᠠᠨ | ᠰᠢᠯᠭᠠᠬᠤ ᠥᠯᠢᠭᠡᠷ ᠠᠪᠬᠤ ᠴᠡᠭ ᠢ ᠨᠡᠶᠢᠲᠡ 45 ᠪᠠᠶᠢᠭᠤᠯᠵᠤ᠂ ︽ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ | ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ ᠪᠠᠶᠢᠯᠭᠠᠬᠤ᠂ ᠤᠷᠤᠨ ᠵᠠᠶ ᠶᠢ ᠵᠦᠶ ᠵᠣᠬᠢᠰᠲᠠᠶ | ᠪᠠᠶᠢᠯᠭᠠᠬᠤ︾ ᠵᠠᠷᠴᠢᠮ ᠶᠣᠰᠣᠭᠠᠷ᠂ ᠥᠯᠢᠭᠡᠷ ᠠᠪᠬᠤ ᠴᠡᠭ ᠢ ᠰᠠᠭᠤᠭᠠᠯᠢ ᠠᠷᠠᠳ ᠤᠨ ᠲᠣᠭᠤᠷᠢᠭ᠂ | ᠬᠤᠳᠠᠯᠳᠤᠭᠠᠨ ᠤ ᠲᠠᠯᠠᠪᠤᠷ᠂ ᠠᠰᠠᠷ ᠲᠠᠭᠲᠤ ᠶᠢᠨ ᠡᠷᠬᠢᠨ ᠲᠣᠭᠤᠷᠢᠨ ᠳᠤ ᠪᠠᠶᠢᠷᠢᠯᠠᠭᠤᠯᠵᠤ᠂ ᠰᠠᠭᠤᠭᠠᠯᠢ | ᠠᠷᠠᠳ ᠤᠨ ᠣᠶᠢᠷ᠎ᠠ ᠬᠠᠪᠢ ᠳᠠᠭᠠᠨ ᠪᠥᠭᠡᠮ ᠬᠦᠴᠢᠯ ᠤᠨ ᠥᠯᠢᠭᠡᠷ ᠠᠪᠬᠤ ᠳᠤ ᠲᠥᠬᠦᠮ ᠦᠵᠡᠭᠦᠯᠪᠡ᠃ | ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠲᠤ ᠬᠤᠶᠠᠷ ᠰᠢᠯᠵᠢᠮᠡᠯ ᠳᠥᠷᠪᠡᠯᠵᠢᠨ ᠦᠷᠦᠭᠡ ᠶᠢᠨ | ᠲᠤᠷᠰᠢᠯᠲᠠ ᠶᠢᠨ ᠲᠠᠰᠤᠭ ᠢ ᠬᠡᠷᠡᠭᠯᠡᠭᠡᠨ ᠳᠤ ᠣᠷᠣᠭᠤᠯᠬᠤ ᠪᠠᠷ ᠲᠥᠯᠥᠪᠯᠡᠵᠦ᠂ ᠳᠥᠷᠪᠡᠯᠵᠢᠨ ᠦᠷᠦᠭᠡ ᠶᠢᠨ | ᠲᠤᠷᠰᠢᠯᠲᠠ ᠶᠢᠨ ᠲᠠᠰᠤᠭ ᠲᠤ ᠲᠤᠷᠰᠢᠯᠲᠠ ᠶᠢᠨ ᠡᠮ ᠢ ᠪᠡᠯᠡᠳᠬᠡᠬᠦ ᠭᠠᠵᠠᠷ᠂ ᠥᠯᠢᠭᠡᠷ ᠡᠳ᠋ ᠦᠢᠯᠡᠳᠦᠨ ᠪᠡᠯᠡᠳᠬᠡᠬᠦ | ᠭᠠᠵᠠᠷ᠂ ᠪᠥᠭᠡᠮ ᠬᠦᠴᠢᠯ ᠤᠨ ᠥᠷᠭᠡᠳᠡᠨ ᠣᠯᠠᠳᠬᠤ ᠭᠠᠵᠠᠷ ᠢ ᠪᠠᠭᠲᠠᠭᠠᠵᠤ᠂ ᠲᠤᠷᠰᠢᠯᠲᠠ ᠶᠢᠨ ᠲᠠᠰᠤᠭ ᠤᠨ | ᠲᠣᠬᠢᠷᠠᠭᠤᠯᠤᠯᠲᠠ ᠨᠢ ᠪᠦᠷᠢᠨ ᠲᠡᠭᠦᠯᠳᠡᠷ ᠪᠠᠶᠢᠵᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠲᠠ ᠶᠢᠨ | ᠲᠠᠰᠤᠭ ᠤᠨ ᠪᠥᠬᠦ ᠴᠢᠳᠠᠮᠵᠢ ᠶᠢ ᠪᠦᠷᠢᠳᠦᠭᠦᠯᠦᠨ᠎ᠡ᠃ ᠲᠤᠷᠰᠢᠯᠲᠠ ᠶᠢᠨ ᠲᠠᠰᠤᠭ ᠨᠢᠭᠡᠪᠦᠷᠢ ᠶᠢ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠡᠳᠦᠷ ᠲᠤ 5 ᠲᠦᠮᠡᠨ ᠬᠥᠮᠦᠨ ᠤ ᠪᠠᠶᠢᠴᠠᠭᠠᠨ ᠬᠡᠮᠵᠢᠯᠲᠡ ᠶᠢ ᠪᠡᠶᠡᠯᠡᠭᠦᠯᠵᠦ | ᠳᠡᠶᠢᠯᠦᠨ᠎ᠡ᠂ ᠡᠨᠡ ᠨᠢ ᠬᠤᠶᠠᠷ ᠳᠥᠷᠪᠡᠯᠵᠢᠨ ᠥᠷᠥᠭᠡ ᠶᠢᠨ ᠲᠤᠷᠰᠢᠯᠲᠠ ᠶᠢᠨ ᠲᠠᠰᠤᠭ ᠡᠳᠦᠷ ᠪᠦᠷᠢ 10 ᠲᠦᠮᠡᠨ | ᠬᠥᠮᠦᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠡᠭᠦᠷᠭᠡ ᠶᠢ ᠪᠡᠶᠡᠯᠡᠭᠦᠯᠵᠦ᠂ ᠪᠥᠭᠡᠮ ᠬᠦᠴᠢᠯ ᠤᠨ ᠥᠯᠢᠭᠡᠷ | ᠠᠪᠬᠤ ᠦᠷ᠎ᠡ ᠳ᠋ᠦᠩ ᠢ ᠭᠠᠷᠭᠠᠬᠤ ᠨᠢ ᠤᠳᠠᠭᠠᠨ ᠦᠵᠡᠭᠳᠡᠯ ᠢ ᠪᠦᠲᠦᠮᠵᠢᠲᠡᠶ ᠰᠠᠶᠢᠵᠢᠷᠠᠭᠤᠯᠵᠤ᠂ ᠵᠢᠨᠢᠩ | ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠳᠤ ᠴᠢᠬᠤᠯᠠ ᠦᠶᠯᠡᠳᠦᠯ ᠦᠵᠡᠭᠦᠯᠬᠦ ᠪᠣᠯᠤᠨ᠎ᠠ | ᠭᠡᠳᠡᠭ ᠢ ᠬᠠᠷᠠᠭᠤᠯᠵᠤ ᠪᠠᠶᠢᠨ᠎ᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |