ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/26
   8 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 8 ᠰᠠᠷ᠎ᠠ ᠶᠢᠨ 20 ᠤ ᠡᠳᠦᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠣᠷᠴᠢᠨ ᠲᠣᠭᠤᠷᠢᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ︽ᠨᠠᠰᠤᠲᠠᠨ ᠨᠢᠯᠬᠠᠰ︾ ᠤᠨ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠦᠶᠡᠷ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠭᠡᠨᠡᠳᠲᠡ ᠶᠢᠨ ᠲᠦᠭᠰᠢᠭᠦᠷᠢᠲᠦ ᠪᠠᠶᠢᠳᠠᠯ ᠪᠠ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠲᠤᠰᠠ ᠶᠢ ᠰᠢᠨᠲᠠᠷᠠᠰᠢ ᠦᠭᠡᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠤᠨ ᠪᠣᠯᠪᠠᠰᠤᠷᠠᠯ ᠢ ᠰᠠᠶᠢᠲᠤᠷ ᠠᠳᠬᠤᠵᠤ᠂ ᠳᠤᠲᠠᠭᠤᠳᠠᠯ ᠪᠠᠭᠤᠷᠠᠢ ᠲᠠᠯ᠎ᠠ ᠶᠢ ᠨᠥᠬᠦᠪᠥᠷᠢᠯᠡᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2