ᠡᠨᠡ ᠵᠢᠯ᠂ ᠬᠤᠸᠠᠳᠧ ᠰᠢᠶᠠᠨ ᠤ ᠲᠠᠷᠢᠬᠰᠠᠨ 1.9 ᠲᠦᠮᠡᠨ ᠮᠦ ᠴᠠᠭᠠᠨ ᠨᠣᠭᠤᠭ᠎ᠠ ᠡᠯᠪᠡᠭ ᠬᠤᠷᠢᠶᠠᠯᠲᠠ | ᠤᠯᠪᠠ᠃ ᠡᠨᠡ ᠬᠡᠳᠦᠨ ᠡᠳᠦᠷ᠂ ᠴᠠᠭᠠᠨ ᠨᠣᠭᠤᠭ᠎ᠠ ᠶᠢ ᠲᠥᠪᠯᠡᠷᠡᠭᠦᠯᠦᠨ ᠲᠠᠷᠢᠬᠤ ᠭᠠᠵᠠᠷ— ᠴᠤᠤ ᠶᠠᠩ | ᠪᠠᠯᠭᠠᠰᠤ ᠶᠢᠨ ᠮᠢᠨ ᠯᠧ ᠲᠣᠰᠬᠤᠨ ᠤ ᠲᠠᠷᠢᠶᠠᠨ ᠭᠠᠵᠠᠷ ᠲᠤ᠂ ᠭᠠᠵᠠᠷ ᠪᠣᠯᠭᠠᠨ ᠳᠤ ᠴᠠᠭᠠᠨ ᠨᠣᠭᠤᠭ᠎ᠠ ᠲᠠᠷᠢᠭᠰᠠᠨ | ᠲᠠᠷᠢᠶᠠᠴᠢᠳ ᠴᠠᠭᠠᠨ ᠨᠣᠭᠤᠭ᠎ᠠ ᠪᠠᠨ ᠲᠡᠭᠦᠵᠦ ᠬᠤᠷᠢᠶᠠᠬᠤ᠂ ᠲᠡᠷᠭᠡᠨ ᠳᠤ ᠠᠴᠢᠵᠤ ᠵᠥᠭᠡᠭᠡᠪᠦᠷᠢᠯᠡᠬᠦ ᠪᠠᠷ | ᠶᠠᠭᠠᠷᠠᠯᠳᠤᠵᠤ᠂ ᠲᠠᠷᠢᠶᠠᠨ ᠭᠠᠵᠠᠷ ᠲᠤ ᠶᠠᠭᠠᠷᠠᠯᠲᠠᠢ ᠪᠠᠶᠢᠳᠠᠯ ᠢᠯᠡᠷᠡᠵᠡᠢ᠃ ᠲᠤᠰ ᠰᠢᠶᠠᠨ ᠤ ᠴᠤᠤ ᠶᠠᠩ | ᠪᠠᠯᠭᠠᠰᠤᠨ ᠤ ᠮᠢᠨ ᠯᠧ ᠲᠣᠰᠬᠤᠨ ᠤ ᠲᠠᠷᠢᠶᠠᠨ ᠭᠠᠵᠠᠷ ᠲᠤ᠂ ᠬᠡᠰᠡᠭ ᠬᠡᠰᠡᠭ ᠴᠠᠭᠠᠨ ᠨᠣᠭᠤᠭ᠎ᠠ ᠬᠥᠮᠦᠰ ᠤᠨ | ᠪᠠᠭ᠋ᠠᠷᠠᠯ ᠢ ᠲᠠᠲᠠᠵᠤ᠂ ᠴᠠᠭᠠᠨ ᠨᠣᠭᠤᠭ᠎ᠠ ᠲᠠᠷᠢᠭᠰᠠᠨ ᠲᠠᠷᠢᠶᠠᠴᠢᠳ ᠴᠠᠭᠠᠨ ᠨᠣᠭᠤᠭ᠎ᠠ ᠲᠡᠭᠦᠵᠦ ᠶᠠᠭᠠᠷᠠᠯᠳᠤᠵᠤ | ᠪᠠᠶᠢᠯ᠎ᠠ᠃ ᠨᠣᠭᠤᠭ᠎ᠠ ᠬᠠᠳᠤᠬᠤ᠂ ᠨᠠᠷᠢᠯᠢᠭ ᠲᠡᠭᠦᠬᠦ᠂ ᠲᠥᠷᠥᠯ ᠬᠤᠪᠢᠶᠠᠬᠤ᠂ ᠪᠣᠭᠤᠳᠠᠯᠯᠠᠬᠤ᠂ ᠲᠡᠷᠭᠡᠨ ᠳᠤ | ᠠᠴᠢᠬᠤ ᠠᠯᠬᠤᠮ ᠢᠶᠠᠷ ᠲᠠᠷᠢᠶᠠᠴᠢᠳ ᠡᠮᠬᠢ ᠵᠢᠷᠤᠮ ᠲᠠᠢ ᠪᠠᠷ ᠶᠠᠭᠠᠷᠠᠯᠳᠤᠵᠤ᠂ ᠭᠠᠵᠠᠷ ᠪᠣᠯᠭᠠᠨ ᠳᠤ ᠡᠯᠪᠡᠭ | ᠬᠤᠷᠢᠶᠠᠯᠲᠠ ᠶᠢᠨ ᠪᠠᠶᠢᠳᠠᠯ ᠢᠯᠡᠷᠡᠨ᠎ᠡ᠃ | ᠬᠤᠸᠠᠳᠧ ᠰᠢᠶᠠᠨ ᠨᠢᠭᠡᠨᠲᠡ ᠴᠤᠤ ᠶᠠᠩ ᠪᠠᠯᠭᠠᠰᠤᠨ ᠤ ᠮᠢᠨ ᠯᠧ ᠵᠠᠰᠠᠭ ᠵᠠᠬᠢᠷᠭᠠᠨ ᠤ ᠲᠣᠰᠬᠤᠨ ᠢᠶᠠᠷ | ᠲᠥᠪ ᠪᠣᠯᠭᠠᠵᠤ᠂ ︽ᠺᠣᠮᠫᠠᠨᠢ + ᠰᠠᠭᠤᠷᠢᠨ ᠭᠠᠵᠠᠷ + ᠲᠠᠷᠢᠶᠠᠴᠢᠨ︾ ︽ᠬᠤᠷᠰᠢᠶ᠎ᠠ + ᠺᠣᠮᠫᠠᠨᠢ + ᠰᠠᠭᠤᠷᠢᠨ | ᠭᠠᠵᠠᠷ + ᠲᠠᠷᠢᠶᠠᠴᠢᠨ︾ ᠤ ᠠᠵᠢᠯᠯᠠᠭᠠᠨ ᠤ ᠵᠠᠭᠪᠤᠷ ᠢᠶᠠᠷ ᠡᠷᠬᠢᠨ ᠲᠣᠭᠤᠷᠢᠨ ᠤ ᠲᠣᠰᠬᠤᠨ ᠢ ᠨᠥᠯᠥᠭᠡᠯᠡᠨ | ᠳᠠᠶᠢᠴᠢᠯᠠᠵᠤ ᠤᠨᠴᠠᠯᠢᠬᠳᠤ ᠢᠳᠡᠰᠢᠨ ᠨᠣᠭᠤᠭ᠎ᠠ ᠳᠠᠷᠢᠭᠤᠯᠵᠤ᠂ ᠪᠦᠬᠦ ᠪᠠᠯᠭᠠᠰᠤ ᠶᠢᠨ 21 ᠲᠣᠰᠬᠤᠨ᠂ | ᠤᠨᠴᠠᠯᠢᠬᠳᠤ ᠢᠳᠡᠰᠢᠨ ᠨᠣᠭᠤᠭ᠎ᠠ ᠳᠠᠷᠢᠬᠤ ᠲᠣᠰᠬᠤᠨ ᠨᠢᠭᠡᠨᠲᠡ 18 ᠪᠤᠯᠵᠤ᠂ ᠪᠣᠬᠢᠷᠲᠤᠯ ᠦᠬᠡᠢ ᠲᠠᠷᠢᠶᠠᠯᠠᠩ ᠤᠨ | ᠪᠦᠲᠦᠭᠡᠭᠳᠡᠬᠦᠨ ᠤ ᠰᠠᠭᠤᠷᠢᠨ 9 ᠪᠤᠯᠵᠤ᠂ ᠲᠠᠷᠢᠶᠠᠴᠢᠳ ᠤᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠶᠢᠨ | 75% ᠨᠢ ᠢᠳᠡᠰᠢᠨ ᠨᠣᠭᠤᠭ᠎ᠠ ᠳᠠᠷᠢᠬᠤ ᠠᠴᠠ ᠢᠷᠡᠵᠤ᠂ ᠦᠢᠯᠡᠳᠪᠦᠷᠢᠯᠡᠭᠰᠡᠨ ᠬᠦᠢᠲᠡᠨ ᠰᠡᠷᠢᠭᠦᠨ ᠢᠳᠡᠰᠢᠨ | ᠨᠣᠭᠤᠭ᠎ᠠ ᠶᠢ ᠪᠡᠭᠡᠵᠢᠩ ᠤᠨ ᠵᠠᠬ᠎ᠠ ᠳᠡᠯᠭᠡᠭᠦᠷ ᠲᠤ ᠶᠡᠭᠡ ᠬᠡᠮᠵᠢᠶ᠎ᠡ ᠪᠠᠷ ᠬᠠᠩᠭᠠᠵᠤ᠂ ᠪᠡᠭᠡᠵᠢᠩ ᠴᠢᠨᠠᠭᠰᠢᠯᠠᠪᠠᠯ ᠪᠦᠬᠦ | ᠤᠯᠤᠰ ᠤᠨ ︽ᠢᠳᠡᠰᠢᠨ ᠨᠣᠭᠤᠭ᠎ᠠ︾ ᠶᠢᠨ ᠭᠤᠣᠯ ᠬᠦᠴᠦᠨ ᠪᠣᠯᠤᠭᠰᠠᠨ ᠪᠠᠶᠢᠨ᠎ᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |