ᠬᠤᠸᠠᠳᠧ ᠰᠢᠶᠠᠨ ᠬᠢᠭᠡᠳ ᠱᠠᠨᠰᠢ ᠶᠢᠨ ᠵᠦᠩ ᠰᠢᠩ ᠾᠧᠩ ᠲᠠᠢ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠲᠦᠷᠦᠯ ᠵᠦᠢᠯ ᠤᠨ ᠵᠥᠪᠳᠡᠯᠴᠡᠭᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/26
     8 ᠰᠠᠷ᠎ᠠ ᠶᠢᠨ 23 ᠤ ᠡᠳᠦᠷ᠂ ᠬᠤᠸᠠᠳᠧ ᠰᠢᠶᠠᠨ ᠪᠣᠯᠤᠨ ᠱᠠᠨᠰᠢ ᠶᠢᠨ ᠵᠦᠩ ᠰᠢᠩ ᠾᠧᠩ ᠲᠠᠢ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠵᠢᠯ ᠳᠤ 1000 ᠲᠦᠮᠡᠨ ᠲᠣᠨ ᠸᠠᠨᠠᠳᠢ ᠲᠢᠲ᠋ᠠᠨ ᠰᠣᠷᠢᠨᠵᠢᠨ ᠲᠡᠮᠦᠷ ᠤᠨ ᠬᠦᠳᠡᠷ ᠢ ᠰᠢᠢᠳᠪᠦᠷᠢᠯᠡᠬᠦ ᠲᠦᠷᠦᠯ ᠵᠦᠢᠯ ᠤᠨ ᠲᠤᠬᠠᠢ ᠵᠥᠪᠳᠡᠯᠴᠡᠪᠡ᠃ ᠲᠣᠰ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠥᠪᠳᠡᠯᠴᠡᠭᠡᠨ ᠤ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠬᠤᠸᠠᠳᠧ ᠰᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠠᠴᠠ ᠬᠤᠸᠠᠳᠧ ᠰᠢᠶᠠᠨ ᠤ ᠬᠠᠶᠢᠯᠤᠰᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠣᠯᠤᠨ ᠬᠠᠶᠢᠯᠤᠰᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠬᠡᠢ ᠬᠦᠷᠢᠶᠡᠯᠡᠩ ᠲᠣᠭᠤᠷᠢᠭ ᠲᠡᠰᠢ ᠬᠤᠪᠢᠷᠠᠭᠤᠯᠬᠤ ᠲᠥᠯᠥᠪᠵᠢᠭᠦᠯᠭᠡ ᠶᠢ ᠨᠠᠷᠢᠨ ᠲᠠᠨᠢᠯᠴᠠᠭᠤᠯᠵᠠᠢ᠃ ᠱᠠᠨᠰᠢ ᠶᠢᠨ ᠵᠦᠩ ᠰᠢᠩ ᠾᠧᠩ ᠲᠠᠢ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠠᠴᠠ ᠺᠣᠮᠫᠠᠨᠢ ᠶᠢᠨ ᠬᠥᠭᠵᠢᠯᠲᠡ ᠶᠢᠨ ᠪᠠᠶᠢᠳᠠᠯ ᠪᠣᠯᠤᠨ ᠲᠦᠷᠦᠯ ᠵᠦᠢᠯ ᠤᠨ ᠦᠢᠯᠡᠳᠪᠦᠷᠢᠯᠡᠭᠰᠡᠨ ᠰᠢᠨ᠎ᠡ ᠮᠡᠷᠭᠡᠵᠢᠯ ᠪᠣᠯᠤᠨ ᠰᠢᠨ᠎ᠡ ᠤᠷᠠᠯᠠᠯ ᠢ ᠲᠠᠨᠢᠯᠴᠠᠭᠤᠯᠪᠠ᠃      ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠠᠩᠬ᠎ᠠ ᠠᠯᠬᠤᠮ ᠤᠨ ᠰᠠᠨᠠᠯ ᠨᠢᠭᠡᠳᠴᠦ᠂ ᠱᠠᠨᠰᠢ ᠶᠢᠨ ᠵᠥᠩ ᠰᠢᠩ ᠾᠧᠩ ᠲᠠᠢ ᠪᠠᠯᠠ ᠣᠷᠣᠭᠤᠯᠤᠯᠲᠠ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠠᠯᠢ ᠲᠦᠷᠭᠡᠨ ᠢᠶᠠᠷ ᠬᠤᠸᠠᠳᠧ ᠰᠢᠶᠠᠨ ᠳᠤ ᠬᠦᠷᠴᠦ ᠰᠢᠨᠵᠢᠯᠡᠨ ᠪᠠᠶᠢᠴᠠᠭᠠᠵᠤ᠂ ᠪᠠᠯᠠ ᠣᠷᠣᠭᠤᠯᠤᠯᠲᠠ ᠶᠢᠨ ᠲᠥᠰᠦᠯ ᠭᠠᠷᠭᠠᠵᠤ᠂ ᠲᠥᠷᠥᠯ ᠵᠦᠶᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠤᠨ᠎ᠠ ᠭᠡᠵᠡᠶ᠃                                      ᠣᠷᠴᠢᠭᠤᠯᠤᠭᠴᠢ᠄ ᠤᠳᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2