ᠰᠦᠢ ᠸᠧᠢ ᠵᠢᠶᠦ᠋ᠨ ᠵᠢᠨᠢᠩ ᠲᠣᠭᠤᠷᠢᠭ ᠲᠤ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠬᠤᠶᠠᠷ ᠢ ᠬᠦᠩᠭᠡᠷᠡᠬᠦᠯᠬᠦ︾ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/29
8 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠢᠨᠢᠩ ᠲᠣᠭᠤᠷᠢᠭ ᠤᠨ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠬᠤᠶᠠᠷ ᠢ ᠬᠦᠩᠭᠡᠷᠡᠬᠦᠯᠬᠦ︾᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠠᠵᠢᠯ ᠤᠨ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠡ᠃     ᠰᠦᠢ ᠸᠧᠢ ᠵᠢᠶᠦ᠋ᠨ᠂ ᠰᠤᠷᠭᠠᠭᠤᠯᠢ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠨᠢᠭᠡ ᠲᠠᠯ᠎ᠠ ᠪᠠᠷ ᠴᠢᠩᠭ᠎ᠠ ᠰᠡᠷᠭᠡᠶᠢᠯᠡᠬᠦ ᠶᠢ ᠠᠳᠬᠤᠵᠤ᠂ ᠨᠦᠭᠦᠭᠡ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠨ ᠡᠵᠡᠮᠳᠡᠬᠦ ᠶᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠰᠤᠷᠭᠠᠭᠤᠯᠢ ᠶᠢᠨ ᠰᠡᠷᠭᠡᠶᠢᠯᠡᠨ ᠡᠵᠡᠮᠳᠡᠬᠦ ᠳᠤ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠦᠨᠡᠨᠬᠦ ᠳᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠡᠭᠡᠵᠢᠩ ᠣᠷᠣᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠭᠠᠵᠠᠷ ᠣᠷᠣᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠡᠷᠬᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃     ᠰᠦᠢ ᠸᠧᠢ ᠵᠢᠶᠦ᠋ᠨ᠂ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠭᠤᠯᠭ᠎ᠠ ᠪᠠᠨ ᠪᠠᠶᠠᠯᠢᠭᠵᠢᠭᠤᠯᠵᠤ᠂ ᠬᠥᠮᠥᠨ ᠪᠣᠯᠭᠠᠨ ᠳᠤᠷ᠎ᠠ ᠰᠣᠨᠢᠷᠬᠠᠯ ᠲᠠᠢ᠂ ᠬᠥᠮᠥᠨ ᠪᠣᠯᠭᠠᠨ ᠣᠨᠴᠠ ᠴᠢᠳᠠᠪᠤᠷᠢ ᠲᠠᠢ᠂ ᠬᠥᠮᠥᠨ ᠪᠣᠯᠭᠠᠨ ᠣᠷᠣᠯᠴᠠᠵᠤ ᠳᠡᠶᠢᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠪᠣᠯᠣᠨ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠤ ᠱᠠᠭᠠᠷᠳᠠᠪᠠ᠃     ᠬᠤᠲᠠ ᠶᠢᠨ ᠤᠳᠤᠷᠢᠳᠤᠯᠭ᠎ᠠ ᠴᠢᠶᠣᠤ ᠶᠦᠨ ᠯᠢ᠂ ᠯᠧᠢ ᠺᠦᠨ᠂ ᠯᠢᠦ ᠭᠦᠸᠧ ᠭᠠᠩ᠂ ᠵᠠᠩ ᠶᠦᠩ ᠸᠧᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                 ᠸᠠᠩ ᠵᠢᠶᠦ᠋ᠨ ᠫᠢᠩ ᠰᠡᠬᠦᠳᠡᠷᠯᠡᠪᠡ                                                   ᠵᠤᠬᠢᠶᠠᠭᠴᠢ᠄ ᠱᠣᠣ ᠮᠢᠨ ᠯᠢ                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2