ᠰᠦᠢ ᠸᠧᠢ ᠵᠢᠶᠦ᠋ᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠡᠯᠡᠳᠬᠡᠯ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/8/29
   8 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠰᠦᠢ ᠸᠧᠢ ᠵᠢᠶᠦ᠋ᠨ ᠬᠡᠯᠡᠬᠦ ᠳᠡᠭᠡᠨ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠪᠣᠯ ᠣᠳᠣᠬᠠᠨ ᠤ ᠬᠠᠮᠤᠭ ᠤᠨ ᠶᠡᠭᠡ ᠠᠷᠠᠳ ᠤᠨ ᠠᠮᠢᠳᠤᠷᠠᠯ ᠪᠣᠯᠤᠨ᠎ᠠ᠂ ᠬᠤᠳᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ︽ᠡᠪᠦᠯ ᠤᠨ ᠡᠪᠡᠳᠴᠢᠨ ᠢ ᠵᠤᠨ ᠵᠠᠰᠠᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠠᠴᠠ ᠡᠮᠦᠨ᠎ᠡ ᠣᠷᠣᠰᠢᠵᠤ ᠪᠠᠶᠢᠭᠰᠠᠨ ᠡᠯ᠎ᠡ ᠵᠦᠢᠯ ᠤᠨ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠭᠦᠢᠴᠡᠳᠬᠡᠬᠦ ᠬᠦᠴᠦᠨ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠳᠤᠯᠠᠭᠠᠯᠠᠭ᠎ᠠ ᠶᠢᠨ ᠪᠡᠯᠡᠳᠬᠡᠯ ᠠᠵᠢᠯ ᠢ ᠡᠮᠬᠢ ᠵᠢᠷᠤᠮ ᠲᠠᠢ ᠳᠥᠯᠭᠢᠨ ᠠᠬᠢᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠵᠢᠭᠰᠠᠭᠠᠨ ᠪᠠᠶᠢᠴᠠᠭᠠᠬᠤ᠂ ᠪᠡᠯᠡᠳᠬᠡᠮᠵᠢ ᠶᠢ ᠥᠭᠡᠷᠡᠴᠢᠯᠡᠬᠦ᠂ ᠲᠦᠯᠡᠰᠢ ᠨᠥᠭᠡᠴᠡᠯᠡᠬᠦ᠂ ᠢᠯᠴᠢ ᠬᠠᠩᠭᠠᠬᠤ ᠶᠢ ᠪᠠᠲᠤᠯᠠᠬᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠬᠢᠬᠦ᠂ ᠭᠤᠮᠣᠳᠠᠯ ᠱᠠᠭᠠᠷᠳᠠᠯᠭ᠎ᠠ ᠶᠢ ᠲᠤᠰᠬᠠᠬᠤ ᠠᠷᠭ᠎ᠠ ᠵᠠᠮ ᠢ ᠰᠢᠯᠤᠭᠤᠳᠬᠠᠬᠤ᠂ ᠢᠯᠴᠢ ᠬᠠᠩᠭᠠᠬᠤ ᠰᠦᠢᠳᠬᠡᠯ ᠤᠨ ᠥᠷᠢ ᠶᠢ ᠴᠠᠶᠢᠷᠠᠭᠤᠯᠬᠤ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ ᠢᠯᠴᠢ ᠶᠢ ᠤᠷᠤᠭᠰᠢᠲᠠᠶ ᠬᠠᠩᠭᠠᠬᠤ ᠳᠤ ᠰᠠᠭᠤᠷᠢ ᠶᠢ ᠪᠠᠲᠤᠳᠬᠠᠬᠤ ᠬᠡᠷᠡᠭᠲᠡᠶ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠣᠯᠠᠨ ᠲᠦᠮᠡᠨ ᠢ ︽ᠳᠤᠯᠠᠭᠠᠨ ᠡᠪᠦᠯᠵᠢᠭᠦᠯᠬᠦ ︾ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃    ᠬᠤᠳᠠ ᠶᠢᠨ ᠤᠳᠤᠷᠢᠳᠤᠯᠭ᠎ᠠ ᠯᠢᠦ ᠭᠦᠸᠧ ᠭᠠᠩ᠂ ᠵᠠᠩ ᠶᠦᠩ ᠸᠧᠨ᠂ ᠭᠦᠩ ᠵᠢᠶᠠᠨ᠂ ᠯᠸᠢ ᠿᠦ ᠰᠢᠨ ᠬᠤᠷᠠᠯ ᠳᠤ ᠣᠷᠣᠯᠴᠠᠪᠠ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2