ᠥᠪᠥᠷ ᠮᠣᠩᠭᠤᠯ ᠤᠨ ᠳᠠᠭ᠎ᠠ ᠶᠢᠨ ᠨᠠᠭᠤᠷ ᠤᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢ ᠶᠢᠨ ᠲᠣᠭᠤᠷᠢᠭ ᠲᠠᠬᠢ 55MW ︽ᠪᠦᠬᠦᠨ ᠢᠶᠠᠷ ᠢᠶᠠᠨ ᠥᠪᠡᠷᠲᠡᠭᠡᠨ ᠴᠠᠬᠢᠯᠭᠠᠨ ᠭᠠᠷᠭᠠᠵᠤ ᠥᠪᠡᠷᠲᠡᠭᠡᠨ ᠬᠡᠷᠡᠭᠯᠡᠬᠦ︾ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2022/8/29
    ᠲᠣᠰ ᠲᠥᠷᠥᠯ ᠵᠦᠢᠯ ᠪᠣᠯ ᠦᠢᠯᠡᠳᠪᠦᠷᠢ ᠶᠢᠨ ᠲᠣᠭᠤᠷᠢᠭ ︵ᠠᠮᠢᠳᠤᠷᠠᠯ ᠤᠨ ᠲᠣᠭᠤᠷᠢᠭ᠂ ᠦᠢᠯᠡᠳᠪᠦᠷᠢᠯᠡᠯ ᠤᠨ ᠲᠣᠭᠤᠷᠢᠭ ᠪᠠ ᠦᠨᠡᠰᠦ ᠬᠠᠳᠠᠭᠠᠯᠠᠬᠤ ᠲᠠᠯᠠᠪᠠᠶ︶ ᠤᠨ ᠳᠣᠲᠣᠷᠠᠬᠢ ᠠᠰᠢᠭᠯᠠᠵᠤ ᠪᠣᠯᠬᠤ ᠪᠠᠷᠢᠯᠭ᠎ᠠ ᠶᠢᠨ ᠣᠷᠣᠢ᠂ ᠤᠰᠤ ᠬᠠᠳᠠᠭᠠᠯᠠᠬᠤ ᠴᠥᠭᠦᠷᠥᠮ᠂ ᠠᠰᠢᠭᠯᠠᠭᠠᠳᠤᠢ ᠲᠠᠯᠠᠪᠤᠷ ᠵᠢᠴᠢ ᠦᠨᠡᠰᠦ ᠬᠠᠳᠠᠭᠠᠯᠠᠬᠤ ᠲᠠᠯᠠᠪᠠᠶ ᠶᠢ ᠠᠰᠢᠭᠯᠠᠨ ᠬᠡᠷᠡᠯ ᠴᠡᠨᠡᠭ ᠤᠨ ᠲᠣᠨᠣᠭᠯᠠᠯ ᠢ ᠪᠠᠶᠢᠷᠢᠯᠠᠭᠤᠯᠵᠤ᠂ ᠬᠡᠷᠡᠯ ᠴᠡᠨᠡᠭ ᠤᠨ ᠴᠠᠬᠢᠯᠭᠠᠨ ᠥᠷᠲᠡᠭᠡ ᠶᠢ ᠪᠠᠶᠢᠭᠤᠯᠵᠤ᠂ ᠬᠡᠷᠡᠯ ᠴᠡᠨᠡᠭ ᠤᠨ ᠴᠠᠬᠢᠯᠭᠠᠨ ᠥᠷᠲᠡᠭᠡ ᠶᠢᠨ ᠰᠠᠴᠤᠷᠠᠭᠤᠯᠬᠤ ᠴᠠᠬᠢᠯᠭᠠᠨ ᠤ ᠬᠡᠮᠵᠢᠶ᠎ᠡ  ᠨᠢ ᠦᠢᠯᠡᠳᠪᠦᠷᠢ ᠶᠢᠨ ᠲᠣᠭᠤᠷᠢᠭ ᠲᠤ ᠴᠠᠬᠢᠯᠭᠠᠨ ᠬᠠᠩᠭᠠᠵᠤ᠂ ︽ᠪᠦᠬᠦᠨ ᠢᠶᠠᠷ ᠢᠶᠠᠨ ᠥᠪᠡᠷᠲᠡᠭᠡᠨ ᠴᠠᠬᠢᠯᠭᠠᠨ ᠭᠠᠷᠭᠠᠵᠤ ᠥᠪᠡᠷᠳᠡᠭᠡᠨ ᠬᠡᠷᠡᠭᠯᠡᠬᠦ︾ ᠠᠵᠢᠯᠯᠠᠭᠠᠨ ᠤ ᠵᠠᠭᠪᠤᠷ ᠢ ᠬᠡᠷᠡᠭᠯᠡᠨ᠂ ᠪᠤᠬᠢᠷᠳᠤᠯ ᠦᠭᠡᠢ ᠡᠨᠧᠷᠭᠢ ᠪᠠᠷ ᠳᠠᠮᠵᠢᠭᠤᠯᠤᠨ ᠤᠯᠠᠮᠵᠢᠯᠠᠯᠲᠤ ᠢᠯᠴᠢ ᠶᠢᠨ ᠴᠠᠬᠢᠯᠭᠠᠨ ᠤ ᠡᠨᠧᠷᠭᠢ ᠶᠢᠨ ᠬᠤᠷᠣᠭᠳᠠᠯ ᠢ ᠪᠠᠭᠠᠰᠬᠠᠬᠤ ᠪᠠᠷ ᠵᠣᠷᠢᠯᠭ᠎ᠠ ᠪᠠᠨ ᠪᠣᠯᠭᠠᠭᠰᠠᠨ ᠶᠤᠮ᠃ ᠲᠥᠷᠥᠯ ᠵᠦᠢᠯ ᠤᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 55MWp ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 2.66 ᠳ᠋ᠦᠩᠰᠢᠭᠤᠷ ᠲᠥᠭᠦᠷᠢᠭ ᠪᠣᠯᠣᠨ᠎ᠠ᠃ ᠣᠳᠣᠬᠠᠨ ᠳᠤ᠂ ᠲᠦᠷᠦᠯ ᠵᠦᠢᠯ ᠨᠢ 8000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠪᠠ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠶᠢ ᠪᠡᠶᠡᠯᠡᠭᠦᠯᠵᠦ᠂ ᠲᠣᠨᠤᠭ ᠲᠥᠬᠦᠭᠡᠷᠦᠮᠵᠢ ᠶᠢ ᠤᠭᠰᠠᠷᠠᠬᠤ ᠠᠵᠢᠯ ᠢ ᠶᠠᠭ ᠬᠢᠵᠦ ᠪᠠᠶᠢᠨ᠎ᠠ᠃                                  ᠤᠷᠴᠢᠭᠤᠯᠤᠭᠴᠢ᠄ ᠬᠦᠰᠡᠯ                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2