︽ᠵᠢᠷᠭᠤᠭᠠᠨ ᠲᠣᠭᠲᠠᠪᠤᠷᠢᠵᠢᠭᠤᠯᠤᠯᠲᠠ︾ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ | ᠵᠢᠷᠭᠤᠭᠠᠨ ᠪᠠᠲᠤᠯᠠᠭ᠎ᠠ︾ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠨᠢᠩ ᠲᠣᠭᠤᠷᠢᠭ ᠤᠨ ᠡᠯ᠎ᠡ | ᠲᠥᠷᠥᠯ ᠤᠨ ᠠᠵᠢᠯ ᠡᠷᠢᠭᠰᠡᠳ ᠤᠨ ᠠᠵᠢᠯ ᠤᠯᠬᠤ ᠶᠢ ᠨᠡᠩ ᠰᠠᠶᠢᠨ ᠠᠬᠢᠭᠤᠯᠬᠤ ᠶᠢᠨ ᠲᠥᠯᠥᠭᠡ᠂ 7 ᠰᠠᠷ᠎ᠠ ᠶᠢᠨ | 30 ᠤ ᠡᠳᠦᠷ᠂ 7 ᠰᠠᠷ᠎ᠠ ᠶᠢᠨ 31 ᠤ ᠡᠳᠦᠷ ᠵᠢᠨᠢᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠢᠨᠢᠩ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠭᠤᠣᠯᠯᠠᠨ ᠡᠷᠬᠢᠯᠡᠵᠦ ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠬᠤᠪᠢ ᠶᠢᠨ ᠡᠵᠡᠩᠨᠡᠯᠲᠡ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠪᠠᠶᠢᠭᠤᠯᠤᠯᠲᠠ ᠶᠢᠨ ᠠᠯᠪᠠᠨ ᠭᠡᠷ᠂ ᠤᠯᠠᠭᠠᠨᠴᠠᠪ ᠬᠤᠲᠠ ᠶᠢᠨ ᠬᠤᠪᠢ ᠶᠢᠨ ᠡᠵᠡᠩᠨᠡᠯᠲᠡ ᠶᠢᠨ ᠠᠵᠤ ᠠᠬᠤᠶ ᠶᠢᠨ | ᠬᠥᠭᠵᠢᠯᠲᠡ ᠶᠢᠨ ᠦᠢᠯᠡᠴᠢᠯᠡᠭᠡᠨ ᠤ ᠲᠥᠪ᠂ ᠵᠢᠨᠢᠩ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ᠂ ᠵᠢᠨᠢᠩ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠵᠢᠨᠢᠩ ᠲᠣᠭᠤᠷᠢᠭ ᠤᠨ ᠡᠪᠯᠡᠯ ᠤᠨ ᠬᠤᠷᠢᠶ᠎ᠠ | ᠂ ᠵᠢᠨᠢᠩ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠠᠮᠵᠢᠯᠴᠠᠭᠠᠨ ᠤ ᠠᠯᠪᠠᠨ ᠭᠡᠷ᠂ ᠤᠯᠠᠭᠠᠨᠴᠠᠪ | ᠬᠤᠲᠠ ᠶᠢᠨ ᠲᠢᠶᠠᠨ ᠢᠦᠶ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ | ᠺᠣᠮᠫᠠᠨᠢ ᠶᠢᠨ ᠳᠠᠭᠠᠭᠠᠨ ᠡᠷᠭᠢᠯᠡᠭᠰᠡᠨ ᠵᠢᠨᠢᠩ ᠲᠣᠭᠤᠷᠢᠭ ᠤᠨ ︽ᠡᠷᠳᠡᠮᠲᠡᠨ ᠴᠢᠳᠠᠪᠤᠷᠢᠲᠠᠨ ᠢ ᠴᠤᠭᠯᠠᠷᠠᠭᠤᠯᠤᠨ · | ᠰᠡᠳᠬᠢᠯ ᠢ ᠨᠢ ᠨᠢᠭᠡᠳᠬᠡᠵᠦ ᠤᠬᠠᠭᠠᠨ ᠢ ᠨᠢ ᠬᠤᠷᠠᠮᠳᠤᠭᠤᠯᠬᠤ︾ 2022 ᠣᠨ ᠤ ᠠᠵᠢᠯ ᠣᠯᠭᠤᠵᠤ ᠠᠳᠠᠯ | ᠦᠶᠯᠡᠰ ᠴᠣᠭᠴᠠᠯᠠᠬᠤ ᠦᠶᠯᠡᠴᠢᠯᠡᠭᠡᠨ ᠤ ᠪᠣᠭᠤᠮᠲᠠ ᠰᠢᠪᠲᠤᠯᠤᠯᠲᠠ ᠶᠢᠨ ᠠᠵᠢᠯᠯᠠᠭ᠎ᠠ ᠵᠢᠴᠢ ᠵᠣᠨ ᠤ ᠤᠯᠠᠷᠢᠯ ᠤᠨ | ᠲᠣᠮᠣ ᠬᠡᠯᠪᠡᠷᠢ ᠶᠢᠨ ᠴᠢᠳᠠᠪᠤᠷᠢᠲᠠᠨ ᠤᠷᠢᠬᠤ ᠴᠤᠭᠯᠠᠭᠠᠨ ᠢ ᠵᠢᠨᠢᠩ ᠲᠣᠭᠤᠷᠢᠭ ᠤᠨ ᠵᠦᠩ ᠰᠢᠨ ᠲᠠᠯᠠᠪᠠᠶ ᠳᠤ | ᠠᠮᠵᠢᠯᠲᠠ ᠲᠠᠢ ᠶᠠᠪᠤᠭᠳᠠᠭᠤᠯᠪᠠ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 100 ᠠᠵᠤ ᠠᠬᠤᠶᠢᠯᠠᠯ ᠣᠷᠣᠯᠴᠠᠵᠤ᠂ | ᠮᠥᠩᠭᠦᠨ ᠭᠦᠶᠯᠭᠡᠭᠡ᠂ ᠰᠤᠷᠭᠠᠨ ᠬᠥᠮᠦᠵᠢᠯ ᠪᠣᠯᠪᠠᠰᠤᠷᠠᠭᠤᠯᠤᠯ᠂ ᠡᠯᠧᠺᠲᠷᠣᠨ ᠮᠡᠳᠡᠭᠡ ᠵᠠᠩᠭᠢ᠂ ᠢᠳᠡᠭᠡᠨ ᠤ ᠠᠵᠤ | ᠦᠶᠯᠡᠳᠪᠦᠷᠢ᠂ ᠰᠢᠨ᠎ᠡ ᠡᠨᠧᠷᠭᠢ ᠶᠢᠨ ᠬᠢᠮᠢ ᠶᠢᠨ ᠠᠵᠤ ᠦᠶᠯᠡᠳᠪᠦᠷᠢ᠂ ᠴᠠᠬᠢᠯᠭᠠᠨ ᠬᠦᠴᠦᠨ᠂ ᠲᠠᠷᠢᠶᠠᠯᠠᠩ ᠮᠠᠯ | ᠠᠵᠤ ᠠᠬᠤᠶ᠂ ᠬᠡᠷ ᠪᠠᠶᠢᠰᠢᠩ ᠭᠠᠵᠠᠷ ᠬᠥᠷᠥᠩᠭᠡ᠂ ᠵᠠᠮ ᠲᠡᠭᠡᠭᠡᠪᠦᠷᠢ᠂ ᠰᠣᠶᠣᠯ ᠤᠨ ᠵᠠᠭᠤᠴᠢᠯᠠᠭᠤᠷ ᠵᠡᠷᠭᠡ 531 | ᠠᠵᠢᠯ ᠤᠨ ᠪᠠᠶᠢᠷᠢ ᠳᠤ ᠬᠤᠯᠪᠣᠭᠳᠠᠵᠤ᠂ 3247 ᠬᠥᠮᠦᠨ ᠤᠳᠠᠭ᠎ᠠ ᠶᠢᠨ ᠠᠵᠢᠯ ᠣᠯᠭᠤᠯᠲᠠ ᠶᠢ ᠪᠡᠶᠡᠯᠡᠭᠦᠯᠵᠦ | ᠳᠡᠶᠢᠯᠦᠨ᠎ᠡ᠃ ᠬᠤᠶᠠᠷ ᠡᠳᠦᠷ ᠤᠨ ᠬᠤᠭᠤᠴᠠᠭ᠎ᠠ ᠲᠠᠢ ᠠᠵᠢᠯᠲᠠᠨ ᠡᠯᠰᠡᠬᠦ ᠴᠤᠭᠯᠠᠭᠠᠨ ᠳᠤ 3000 ᠭᠠᠷᠤᠶ ᠬᠥᠮᠦᠨ | ᠲᠤᠬᠠᠶ ᠶᠢᠨ ᠲᠠᠯᠠᠪᠤᠷ ᠲᠤ ᠢᠷᠡᠵᠦ ᠠᠵᠢᠯ ᠣᠯᠭᠤᠯᠲᠠ ᠳᠤ ᠣᠷᠣᠯᠴᠠᠵᠤ᠂ ᠬᠠᠩᠭᠠᠯᠭ᠎ᠠ ᠬᠡᠷᠡᠭᠴᠡᠭᠡᠨ ᠤ ᠬᠤᠶᠠᠷ | ᠲᠠᠯ᠎ᠠ ᠪᠠᠷ ᠢᠶᠠᠨ ᠨᠢᠭᠤᠷᠲᠠᠨ ᠶᠠᠷᠢᠯᠴᠠᠬᠤ ᠪᠠᠷ ᠳᠡᠮᠵᠢᠨ᠂ ᠲᠤᠬᠠᠶ ᠶᠢᠨ ᠲᠠᠯᠠᠪᠤᠷ ᠲᠤ 500 ᠭᠠᠷᠤᠶ ᠬᠥᠮᠦᠨ ᠳᠤ | ᠠᠵᠢᠯ ᠣᠯᠭᠤᠯᠬᠤ ᠪᠠᠷ ᠠᠩᠬ᠎ᠠ ᠠᠯᠬᠤᠮ ᠲᠣᠬᠢᠷᠠᠯᠴᠠᠪᠠ᠃ ᠡᠭᠦᠨ ᠤ ᠬᠠᠮᠲᠤ᠂ ᠠᠵᠤ ᠠᠬᠤᠶᠢᠯᠠᠯ ᠳᠤ ᠠᠰᠢᠭ | ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠬᠦ ᠶᠢᠨ | ᠲᠥᠯᠥᠭᠡ᠂ ᠲᠤᠬᠠᠶ ᠶᠢᠨ ᠲᠠᠯᠠᠪᠤᠷ ᠲᠤ ᠪᠠᠰᠠ ᠲᠤᠰᠬᠠᠶᠢᠯᠠᠨ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ | ᠭᠠᠵᠠᠷ ᠭᠠᠷᠭᠠᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ | ᠦᠶᠯᠡᠴᠢᠯᠡᠭᠡ ᠬᠠᠩᠭᠠᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 5000 ᠭᠠᠷᠤᠶ ᠬᠤᠪᠢ | ᠲᠠᠷᠬᠠᠭᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ | ᠲᠥᠪ ᠨᠢ ᠦᠶᠯᠡᠴᠢᠯᠡᠭᠡᠨ ᠤ ᠣᠶᠢᠯᠠᠭᠠᠭᠳᠠᠬᠤᠨ ᠢᠶᠠᠨ ᠲᠠᠰᠤᠷᠠᠯᠲᠠ ᠥᠬᠡᠶ ᠰᠢᠨ᠎ᠡ ᠪᠠᠷ ᠡᠭᠦᠳᠴᠦ᠂ ᠠᠵᠢᠯ | ᠣᠯᠭᠤᠯᠲᠠ ᠶᠢᠨ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠣᠯᠠᠨ ᠵᠦᠶᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠡᠷᠢᠭᠰᠡᠳ ᠪᠠ ᠠᠵᠤ ᠠᠬᠤᠶᠢᠯᠠᠯ ᠤᠨ ᠰᠣᠯᠢᠯᠴᠠᠭᠠᠨ ᠤ ᠲᠠᠪᠴᠠᠩ ᠢ | ᠪᠠᠶᠢᠭᠤᠯᠵᠤ᠂ ᠵᠢᠨᠢᠩ ᠲᠣᠭᠤᠷᠢᠭ ᠤᠨ ᠠᠵᠤ ᠠᠬᠤᠶ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ | ᠪᠠᠲᠤᠯᠠᠬᠤ᠂ ᠠᠵᠢᠯ ᠣᠯᠭᠤᠯᠲᠠ ᠶᠢ ᠠᠬᠢᠭᠤᠯᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠰᠠᠶᠢᠲᠤᠷ ᠬᠢᠬᠦ ᠳᠤ | ᠬᠦᠴᠦᠲᠡᠶ ᠪᠠᠲᠤᠯᠠᠭ᠎ᠠ ᠬᠠᠩᠭᠠᠨ᠎ᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |