ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠡᠭᠡᠵᠢᠩ ᠲᠢᠶᠠᠨᠵᠢᠨ ᠾᠧᠪᠧᠢ  ᠶᠢᠨ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2022/8/30
—— 54 ᠵᠦᠢᠯᠡᠰ ᠤᠨ ᠬᠡᠯᠡᠯᠴᠡᠭᠡᠷ ᠤᠨ ᠪᠡᠯᠡ ᠣᠷᠣᠭᠤᠯᠤᠯᠲᠠ ᠶᠢᠨ ᠲᠤᠭ᠎ᠠ 529.81 ᠳ᠋ᠦᠩᠰᠢᠭᠤᠷ ᠲᠥᠭᠦᠷᠢᠭ ᠲᠤ ᠬᠦᠷᠴᠡᠢ
    ᠰᠦᠢ ᠸᠧᠢ ᠵᠢᠶᠦ᠋ᠨ ᠵᠡᠷᠭᠡ ᠤᠳᠤᠷᠢᠳᠤᠯᠭ᠎ᠠ ᠭᠡᠷ᠎ᠡ ᠲᠣᠭᠲᠠᠬᠤ ᠶᠢ ᠭᠡᠷᠡᠴᠢᠯᠡᠪᠡ     ᠵᠠᠩ ᠰᠢᠶᠣᠣ ᠫᠧᠩ ᠰᠡᠭᠦᠳᠡᠷᠯᠡᠪᠡ     8 ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠬᠤᠷᠢᠶ᠎ᠠ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠡᠭᠡᠵᠢᠩ ᠲᠢᠶᠠᠨᠵᠢᠨ ᠾᠧᠪᠧᠢ ᠶᠢᠨ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠬᠤᠷᠠᠯᠳᠤᠵᠤ᠂ ᠤᠯᠠᠭᠠᠨᠴᠠᠪ ᠤᠨ ᠡᠬᠢ ᠪᠠᠶᠠᠯᠢᠭ ᠤᠨ ᠤᠭ ᠰᠤᠷᠪᠤᠯᠵᠢ᠂ ᠳᠠᠪᠠᠭᠤᠯᠢᠭ ᠠᠵᠤ ᠦᠢᠯᠡᠰ᠂ ᠬᠥᠭᠵᠢᠯᠲᠡ ᠶᠢᠨ ᠳᠠᠯᠳᠠ ᠬᠦᠴᠦᠨ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠤᠬᠠᠭᠤᠯᠤᠨ ᠢᠯᠡᠷᠡᠭᠦᠯᠪᠡ᠃     ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ᠂ ᠪᠡᠭᠡᠵᠢᠩ ᠬᠤᠲᠠ ᠶᠢᠨ ᠳᠡᠮᠵᠢᠨ ᠲᠤᠰᠠᠯᠠᠬᠤ ᠬᠠᠮᠲᠤᠷᠠᠯᠴᠠᠭᠠᠨ ᠤ ᠠᠯᠪᠠᠨ ᠭᠡᠷ ᠤᠨ ᠳᠡᠳ᠋ ᠡᠷᠬᠢᠯᠡᠭᠴᠢ ᠸᠠᠩ ᠵᠣᠣ ᠯᠦᠩ᠂ ᠬᠤᠲᠠ ᠶᠢᠨ ᠤᠳᠤᠷᠢᠳᠤᠯᠭ᠎ᠠ ᠯᠧᠢ ᠺᠦᠨ᠂ ᠯᠢᠦ ᠭᠦᠸᠧ ᠭᠠᠩ᠂ ᠤᠣ ᠮᠠᠨ ᠪᠢᠨ᠂ ᠵᠠᠩ ᠶᠦᠩ ᠸᠧᠨ᠂ ᠹᠠᠩ ᠽᠧ᠂ ᠯᠢ ᠵᠢᠶᠠᠨ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠭᠠᠷ ᠤᠨ ᠥᠰᠥᠭ ᠵᠢᠷᠤᠬᠤ ᠳᠤ ᠣᠷᠣᠯᠴᠠᠵᠠᠢ᠃ ᠮᠠᠨ ᠤ ᠬᠤᠳᠠ ᠶᠢᠨ ᠡᠯ᠎ᠡ ᠬᠤᠰᠢᠭᠤ ᠰᠢᠶᠠᠨ ᠬᠤᠳᠠ ᠲᠣᠭᠤᠷᠢᠭ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠡᠭᠡᠭᠡᠨ ᠬᠥᠭᠵᠢᠭᠦᠯᠬᠦ ᠣᠷᠣᠨ ︵ᠬᠦᠷᠢᠶᠡᠯᠡᠩ ᠲᠣᠭᠤᠷᠢᠭ︶ ᠵᠢᠴᠢ ᠪᠡᠭᠡᠵᠢᠩ ᠲᠢᠶᠠᠨᠵᠢᠨ ᠡᡁᠧᠪᠸᠢ ᠣᠷᠣᠨ ᠠᠴᠠ ᠢᠷᠡᠭᠰᠡᠨ 80 ᠭᠠᠷᠤᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ                        ᠵᠤᠬᠢᠶᠠᠭᠴᠢ᠄ ᠲᠧᠩ ᠵᠢᠶᠠ                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2