ᠰᠦᠶ ᠸᠧᠶ ᠵᠢᠶᠦ᠋ᠨ ᠵᠢᠨᠢᠩ ᠲᠣᠭᠤᠷᠢᠭ ᠲᠤ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠬᠤᠶᠠᠷ ᠢ ᠬᠥᠩᠭᠡᠷᠡᠭᠦᠯᠬᠦ︾ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/30
    8 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠵᠢᠨᠢᠩ ᠲᠣᠭᠤᠷᠢᠭ ᠤᠨ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠬᠤᠶᠠᠷ ᠢ ᠬᠥᠩᠭᠡᠷᠡᠭᠦᠯᠬᠦ︾᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠠᠵᠢᠯ ᠤᠨ ᠲᠠᠯ᠎ᠠ ᠪᠠᠷ ᠪᠠᠶᠢᠴᠠᠭᠠᠨ ᠰᠤᠳᠤᠯᠪᠠ᠃     ᠰᠦᠢ ᠸᠧᠢ ᠵᠢᠶᠦ᠋ᠨ᠂ ᠰᠤᠷᠭᠠᠭᠤᠯᠢ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠨᠢᠭᠡ ᠲᠠᠯ᠎ᠠ ᠪᠠᠷ ᠴᠢᠩᠭ᠎ᠠ ᠰᠡᠷᠭᠡᠶᠢᠯᠡᠬᠦ ᠶᠢ ᠠᠳᠬᠤᠵᠤ᠂ ᠨᠦᠭᠦᠭᠡ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠨ ᠡᠵᠡᠮᠳᠡᠬᠦ ᠶᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠠᠳᠬᠤᠵᠤ᠂ ᠰᠤᠷᠭᠠᠭᠤᠯᠢ ᠶᠢᠨ ᠰᠡᠷᠭᠡᠶᠢᠯᠡᠨ ᠡᠵᠡᠮᠳᠡᠬᠦ ᠳᠤ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠦᠨᠡᠨᠬᠦ  ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠡᠭᠡᠵᠢᠩ ᠣᠷᠣᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠭᠠᠵᠠᠷ ᠣᠷᠣᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠡᠷᠬᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠰᠦᠶ ᠸᠧᠶ ᠵᠢᠶᠦ᠋ᠨ᠂ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠭᠤᠯᠭ᠎ᠠ ᠪᠠᠨ ᠪᠠᠶᠠᠯᠢᠭᠵᠢᠭᠤᠯᠵᠤ᠂ ᠬᠥᠮᠦᠨ ᠪᠣᠯᠭᠠᠨ ᠳᠤᠷ᠎ᠠ ᠰᠣᠨᠢᠷᠬᠠᠯ ᠲᠠᠢ᠂ ᠬᠥᠮᠦᠨ ᠪᠣᠯᠭᠠᠨ ᠣᠨᠴᠠ ᠴᠢᠳᠠᠪᠤᠷᠢ ᠲᠠᠢ᠂ ᠬᠥᠮᠦᠨ ᠪᠣᠯᠭᠠᠨ ᠣᠷᠣᠯᠴᠠᠵᠤ ᠳᠡᠶᠢᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠳᠤᠬᠢᠷᠠᠭᠤᠯᠤᠯᠳᠠ ᠪᠣᠯᠤᠨ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠨᠡᠪᠲᠡᠷᠡᠭᠦᠯᠦᠨ ᠬᠥᠮᠦᠵᠢᠭᠦᠯᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠱᠠᠭᠠᠷᠳᠠᠪᠠ᠃     ᠬᠤᠲᠠ ᠶᠢᠨ ᠤᠳᠤᠷᠢᠳᠤᠯᠭ᠎ᠠ ᠴᠢᠶᠣᠤ ᠶᠦᠨ ᠯᠢ᠂ ᠯᠸᠢ ᠺᠦᠨ᠂ ᠯᠢᠦ ᠭᠦᠸᠧ ᠭᠠᠩ᠂ ᠵᠠᠩ ᠶᠦᠩ ᠸᠧᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                            ᠣᠷᠴᠢᠭᠤᠯᠤᠭᠴᠢ᠄ ᠭᠤᠸ᠎ᠠ                                                            ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2