| ᠵᠢᠨᠢᠩ ᠲᠣᠭᠤᠷᠢᠭ ᠤᠨ ᠬᠢᠨ ᠢᠮᠠᠭᠲᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠬᠤᠯᠠ | ᠰᠣᠶᠣᠯ ᠤᠨ ᠵᠥᠭᠡᠯᠡᠨ ᠪᠣᠳᠠᠲᠤ ᠬᠦᠴᠦᠨ᠂ ᠵᠠᠬ᠎ᠠ ᠳᠡᠯᠭᠡᠭᠦᠷ ᠤᠨ ᠭᠤᠣᠯᠯᠠᠭᠴᠢ ᠥᠷᠢᠰᠦᠯᠳᠦᠬᠦ ᠬᠦᠴᠦᠨ ᠢᠶᠠᠨ | ᠪᠣᠯᠭᠠᠵᠤ᠂ ᠣᠶᠢᠯᠠᠭᠠᠭᠳᠠᠬᠤᠨ ᠢᠶᠠᠨ ᠳᠠᠰᠤᠷᠠᠯᠳᠠ ᠦᠭᠡᠢ ᠰᠢᠨᠡᠳᠬᠡᠵᠦ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ | ᠲᠣᠭᠲᠠᠴᠠ ᠪᠠᠨ ᠲᠡᠭᠦᠯᠳᠡᠷᠵᠢᠭᠦᠯᠵᠦ᠂ ᠶᠡᠭᠡ ᠬᠦᠴᠦ ᠣᠷᠣᠭᠤᠯᠵᠤ ᠪᠠᠶᠢᠭᠠᠳ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠭᠠᠵᠠᠷ ᠣᠷᠣᠨ ᠤ ᠲᠠᠲᠠᠬᠤ ᠬᠦᠴᠦᠨ ᠢ ᠳᠠᠰᠤᠷᠠᠯᠳᠠ | ᠦᠭᠡᠢ ᠳᠡᠭᠡᠭᠰᠢᠯᠡᠭᠦᠯᠵᠡᠢ᠃ ᠣᠳᠣᠬᠠᠨ ᠳᠤ᠂ 874 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ | ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠵᠢᠨᠢᠩ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠳᠤ ᠣᠷᠣᠭᠤᠯᠵᠤ᠂ ᠪᠥᠬᠦ ᠶᠠᠪᠤᠴᠠ ᠪᠠᠷ ᠭᠦᠢᠴᠡᠳᠬᠡᠬᠦ ᠶᠢ | ᠪᠡᠶᠡᠯᠡᠭᠦᠯᠪᠡ︔ 19 ᠰᠠᠯᠠᠭ᠎ᠠ ᠮᠥᠴᠢᠷ ᠤᠨ 385 ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ︽ | ᠶᠡᠷᠦᠩᠬᠡᠶᠢᠯᠡᠭᠰᠡᠨ ᠨᠢᠭᠡ ᠴᠣᠩᠬᠤᠪᠴᠢ︾ ᠪᠠᠷ ᠳᠠᠮᠵᠢᠭᠤᠯᠤᠨ ᠵᠥᠷᠢᠶ᠎ᠡ ᠦᠭᠡᠢ ᠶᠡᠷᠦᠩᠬᠡᠶᠢᠯᠡᠭᠰᠡᠨ ᠭᠥᠯᠢᠶᠡᠨ ᠠᠪᠬᠤ | ᠵᠦᠢᠯᠡᠰ ᠢ ᠶᠠᠪᠤᠭᠳᠠᠭᠤᠯᠵᠤ ᠪᠣᠯᠣᠨ᠎ᠠ︔ 19 ᠰᠠᠯᠠᠭ᠎ᠠ ᠮᠥᠴᠢᠷ ᠤᠨ 485 ᠵᠦᠢᠯ ᠤᠨ ᠵᠦᠢᠯᠡᠰ ᠲᠤ ︽ᠨᠢᠭᠡ | ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ ᠪᠡᠶᠡᠯᠡᠭᠦᠯᠵᠦ᠂ ᠦᠯᠡᠳᠡᠭᠰᠡᠨ 18 ᠰᠠᠯᠠᠭ᠎ᠠ ᠮᠥᠴᠢᠷ ᠤᠨ 452 | ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠵᠢᠨᠢᠩ ᠲᠣᠭᠤᠷᠢᠭ ᠤᠨ ︽ᠲᠥᠪᠯᠡᠷᠡᠭᠦᠯᠦᠨ | ᠭᠥᠯᠢᠶᠡᠨ ᠠᠪᠴᠤ ᠰᠢᠢᠳᠪᠦᠷᠢᠯᠡᠬᠦ︾ ᠲᠠᠪᠴᠠᠩ ᠢᠶᠠᠷ ᠳᠠᠮᠵᠢᠭᠤᠯᠤᠨ ︽ᠨᠢᠭᠡ ᠰᠦᠯᠵᠢᠶ᠎ᠡ ᠪᠠᠷ ᠪᠦᠬᠦᠨ ᠢ | ᠰᠢᠢᠳᠪᠦᠷᠢᠯᠡᠬᠦ︾ ᠶᠢ ᠪᠡᠶᠡᠯᠡᠭᠦᠯᠵᠦ᠂ 73 ᠵᠦᠢᠯᠡᠰ ᠲᠤ ︽ᠪᠥᠬᠦ ᠬᠤᠲᠠ ᠳᠤ ᠪᠦᠬᠦᠨ ᠢ ᠰᠢᠢᠳᠪᠦᠷᠢᠯᠡᠬᠦ︾ ᠶᠢ | ᠪᠡᠶᠡᠯᠡᠭᠦᠯᠵᠦ᠂ 107 ᠵᠦᠢᠯᠡᠰ ᠲᠤ ︽ᠤᠯᠠᠭᠠᠨᠴᠠᠪ ︱ ᠡᠷᠢᠶᠡᠨ ᠬᠤᠲᠠ︾ ᠶᠢᠨ ᠬᠤᠲᠠ ᠠᠯᠤᠰᠯᠠᠨ ᠪᠦᠬᠦᠨ ᠢ | ᠰᠢᠢᠳᠪᠦᠷᠢᠯᠡᠬᠦ ᠶᠢ ᠪᠡᠶᠡᠯᠡᠭᠦᠯᠪᠡ︔ 775 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠭᠤᠶᠤᠴᠢᠯᠠᠯ ᠤᠨ ᠮᠠᠲ᠋ᠧᠷᠢᠶᠠᠯ ᠢ 3.3% ᠪᠠᠷ ᠪᠠᠭᠠᠰᠬᠠᠵᠤ᠂ ᠭᠦᠢᠴᠡᠳᠬᠡᠬᠦ ᠭᠤᠭᠴᠤᠭ᠎ᠠ ᠶᠢ 4% ᠪᠠᠷ | ᠪᠠᠭᠠᠰᠬᠠᠵᠤ᠂ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠢ 55% ᠪᠠᠷ ᠪᠠᠭᠠᠰᠬᠠᠵᠤ᠂ ᠭᠦᠶᠦᠯᠲᠡ ᠶᠢᠨ | ᠤᠳᠠᠭ᠎ᠠ ᠶᠢ 7% ᠪᠠᠷ ᠪᠠᠭᠠᠰᠬᠠᠪᠠ︔ 24 ᠴᠠᠭ ᠤᠨ ᠥᠪᠡᠰᠦᠪᠡᠨ ᠦᠢᠯᠡᠴᠢᠯᠡᠬᠦ ᠲᠣᠭᠤᠷᠢᠭ ᠢ ᠪᠠᠶᠢᠭᠤᠯᠵᠤ᠂ | 7×24 ᠴᠠᠭ ᠤᠨ ᠡᠭᠦᠳᠡ ᠪᠠᠨ ᠬᠠᠭᠠᠬᠤ ᠦᠭᠡᠢ ᠦᠢᠯᠡᠴᠢᠯᠡᠭᠡ ᠬᠠᠩᠭᠠᠨ᠎ᠠ︔ 786 ᠵᠦᠢᠯᠡᠰ ᠢ ᠤᠲᠠᠰᠤ ᠪᠠᠷ | ᠳᠠᠮᠵᠢᠭᠤᠯᠤᠨ᠂ ︽ᠵᠢᠢ ᠰᠤ᠋ ᠪᠠᠨ︾ ᠢ ᠤᠷᠢᠳᠴᠢᠯᠠᠨ ᠪᠣᠯᠵᠣᠵᠤ ᠰᠢᠢᠳᠪᠦᠷᠢᠯᠡᠵᠦ ᠪᠣᠯᠣᠨ᠎ᠠ᠃ ᠡᠭᠦᠨ ᠤ ᠬᠠᠮᠲᠤ᠂ | ᠵᠢᠨᠢᠩ ᠲᠣᠭᠤᠷᠢᠭ ᠤᠨ ᠬᠢᠨ ᠪᠥᠬᠦ ᠬᠤᠲᠠ ᠳᠤ ︽ᠭᠤᠷᠪᠠᠨ ᠱᠠᠲᠤ ᠪᠠᠷ ᠰᠠᠨᠠᠭᠤᠯᠬᠤ︾ ᠦᠢᠯᠡᠳᠦᠯ ᠴᠢᠳᠠᠪᠤᠷᠢ ᠶᠢ | ᠬᠢᠨᠠᠨ ᠪᠠᠶᠢᠴᠠᠭᠠᠬᠤ ᠵᠠᠭᠪᠤᠷ ᠢ ᠰᠢᠨ᠎ᠡ ᠪᠠᠷ ᠡᠭᠦᠳᠦᠨ ᠭᠠᠷᠭᠠᠵᠤ᠂ ᠦᠢᠯᠡᠳᠦᠯ ᠴᠢᠳᠠᠪᠤᠷᠢ ᠶᠢ ᠬᠢᠨᠠᠨ ᠪᠠᠶᠢᠴᠠᠭᠠᠬᠤ | ᠰᠢᠰᠲ᠋ᠧᠮ ᠢ ᠰᠤᠳᠤᠯᠤᠨ ᠨᠡᠭᠡᠭᠡᠪᠡ᠃ ᠲᠢᠩᠬᠢᠮ ᠳᠤ ᠣᠷᠣᠬᠤ ᠪᠣᠶ ᠪᠦᠬᠦᠢ ᠵᠦᠢᠯᠡᠰ ᠤᠨ ᠬᠢᠨᠠᠨ ᠵᠥᠪᠰᠢᠶᠡᠷᠡᠬᠦ | ᠴᠠᠭ ᠤᠨ ᠬᠢᠵᠠᠭᠠᠷ ᠲᠤ᠂ ᠪᠥᠬᠦ ᠲᠠᠯ᠎ᠠ ᠪᠠᠷ ᠲᠤᠬᠠᠢ ᠶᠢᠨ ᠴᠠᠭ ᠤᠨ ᠬᠦᠴᠦᠨ ᠴᠢᠳᠠᠪᠤᠷᠢ ᠶᠢᠨ ᠬᠢᠨᠠᠨ ᠪᠠᠶᠢᠴᠠᠭᠠᠯᠲᠠ | ᠬᠢᠵᠦ᠂ ᠶᠡᠭᠡ ᠲᠢᠩᠬᠢᠮ ᠤᠨ ᠲᠣᠮᠣ ᠳᠡᠯᠭᠡᠴᠡ ᠪᠠᠷ ᠳᠠᠮᠵᠢᠭᠤᠯᠤᠨ ︽ᠨᠢᠭᠡ ᠳᠡᠯᠭᠡᠴᠡ ᠪᠠᠷ ᠶᠡᠷᠦᠩᠬᠡᠶᠢᠯᠡᠨ ᠡᠵᠡᠮᠳᠡᠬᠦ︾ | ᠪᠠᠷ ᠳᠡᠮᠵᠢᠨ᠂ ᠭᠦᠢᠴᠡᠳᠬᠡᠭᠰᠡᠨ ᠵᠦᠢᠯᠡᠰ ᠤᠨ ᠭᠦᠢᠴᠡᠳᠬᠡᠭᠰᠡᠨ ᠪᠠᠶᠢᠳᠠᠯ ᠢᠶᠠᠨ ᠲᠥᠪᠯᠡᠷᠡᠭᠦᠯᠦᠨ ᠳᠡᠯᠭᠡᠨ | ᠦᠵᠡᠭᠦᠯᠪᠡ᠃ ᠣᠳᠣᠬᠠᠨ ᠳᠤ ᠵᠡᠭᠦᠨ ᠲᠢᠩᠬᠢᠮ ᠤᠨ 19 ᠰᠠᠯᠠᠭ᠎ᠠ ᠮᠥᠴᠢᠷ ᠤᠨ 485 ᠵᠦᠢᠯ ᠤᠨ ᠲᠢᠩᠬᠢᠮ ᠳᠤ | ᠰᠠᠭᠤᠭ᠎ᠠ ᠵᠦᠢᠯᠡᠰ ᠪᠠ ᠵᠢᠨᠢᠩ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ | ᠪᠣᠶ ᠪᠦᠬᠦᠢ ᠵᠦᠢᠯᠡᠰ ᠤᠨ ᠪᠥᠬᠦ ᠴᠤᠪᠤᠷᠠᠯ᠂ ᠥᠯᠥ ᠣᠨᠣᠭᠳᠠᠬᠤ ᠭᠠᠵᠠᠷ ᠦᠭᠡᠢ ᠦᠢᠯᠡᠳᠦᠯ ᠴᠢᠳᠠᠪᠤᠷᠢ ᠶᠢᠨ ᠬᠢᠨᠠᠨ | ᠪᠠᠶᠢᠴᠠᠭᠠᠯᠲᠠ ᠶᠢ ᠨᠢᠭᠡᠨᠲᠡ ᠪᠡᠶᠡᠯᠡᠭᠦᠯᠵᠦ᠂ ᠦᠢᠯᠡᠳᠦᠯ ᠴᠢᠳᠠᠪᠤᠷᠢ ᠶᠢᠨ ᠬᠢᠨᠠᠨ ᠪᠠᠶᠢᠴᠠᠭᠠᠯᠲᠠ ᠶᠢᠨ ᠰᠢᠰᠲ᠋ᠧᠮ ᠢ | ᠡᠬᠢᠯᠡᠵᠦ ᠬᠡᠷᠡᠭᠯᠡᠭᠰᠡᠨ ᠠᠴᠠ ᠨᠠᠰᠢ᠂ ᠭᠦᠢᠴᠡᠳᠬᠡᠭᠰᠡᠨ ᠵᠦᠢᠯ ᠤᠨ ᠬᠤᠭᠤᠴᠠᠭ᠎ᠠ ᠠᠴᠠ ᠬᠡᠲᠦᠷᠡᠭᠰᠡᠨ ᠪᠠᠶᠢᠳᠠᠯ | ᠶᠡᠷᠦ ᠠᠴᠠ ᠭᠠᠷᠴᠤ ᠥᠩᠭᠡᠷᠡᠭᠰᠡᠨ ᠦᠭᠡᠢ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |