ᠾᠧ ᠶᠠᠨ ᠯᠢᠩ ᠮᠠᠨ ᠤ ᠬᠤᠲᠠ ᠳᠤ ᠭᠦᠨᠵᠡᠭᠡᠶᠢᠷᠡᠨ ᠲᠥᠪ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/31
   8 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠾᠧ ᠶᠠᠨ ᠯᠢᠩ ᠨᠡᠷ ᠮᠠᠨ ᠤ ᠬᠤᠲᠠ ᠳᠤ ᠭᠦᠨᠵᠡᠭᠡᠶᠢᠷᠡᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠶᠠᠷᠢᠯᠴᠠᠬᠤ ᠬᠤᠷᠠᠯ ᠬᠤᠷᠠᠯᠳᠤᠭᠤᠯᠪᠠ᠃    ᠬᠤᠲᠠ ᠶᠢᠨ ᠤᠳᠤᠷᠢᠳᠤᠯᠭ᠎ᠠ ᠴᠢᠶᠣᠤ ᠶᠦᠨ ᠯᠢ᠂ ᠦ᠋ ᠢᠦᠶ ᠯᠢᠶᠠᠩ ᠬᠤᠷᠠᠯ ᠳᠤ ᠣᠷᠣᠯᠴᠠᠪᠠ᠃    ᠾᠧ ᠶᠠᠨ ᠯᠢᠩ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ  ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠡᠵᠡᠮᠳᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠪᠣᠳᠠᠲᠠᠢ ᠲᠠᠢ ᠨᠢᠭᠲᠠ ᠤᠶᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠲᠠᠭᠤᠳᠠᠯ ᠪᠠᠭᠤᠷᠠᠢ ᠲᠠᠯ᠎ᠠ ᠶᠢ ᠨᠥᠬᠦᠪᠥᠷᠢᠯᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠴᠢᠶᠣᠤ ᠶᠦᠨ ᠯᠢ᠂ ᠮᠠᠨ ᠤ ᠬᠤᠳᠠ ᠶᠢᠨ ᠬᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠴᠠᠭ ᠦᠶ᠎ᠡ ᠶᠢᠨ ᠤᠯᠠᠭᠠᠨᠴᠠᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃                                                              ᠣᠷᠴᠢᠭᠤᠯᠤᠭᠴᠢ᠄ ᠭᠤᠸ᠎ᠠ                                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2