ᠪᠥᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠯᠠᠭᠠᠶ ᠶᠢ ᠰᠡᠷᠭᠡᠶᠢᠯᠡᠨ ᠳᠠᠩᠰᠠᠯᠠᠭᠤᠯᠤᠨ ᠲᠡᠮᠳᠡᠭᠯᠡᠭᠦᠯᠵᠦ ᠫᠠᠶᠢᠰᠠ ᠡᠯᠭᠦᠬᠦ ᠠᠵᠢᠯ ᠢ ᠥᠷᠨᠢᠭᠦᠯᠬᠦ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/8/31
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄     ᠮᠠᠨ ᠤ ᠬᠤᠲᠠ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠠᠩᠰᠠᠯᠠᠨ ᠬᠠᠮᠢᠶᠠᠷᠬᠤ ᠶᠢ ᠵᠢᠷᠤᠮᠵᠢᠭᠤᠯᠤᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠨ ᠪᠠᠭᠠᠰᠬᠠᠵᠤ᠂ ᠠᠮᠤᠷ ᠲᠦᠪᠰᠢᠨ ᠪᠣᠯᠪᠠᠰᠤᠨ ᠢᠶᠠᠷ ᠠᠶᠠᠯᠠᠬᠤ ᠶᠢ ᠳᠥᠯᠭᠢᠨ ᠠᠬᠢᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠲᠣᠭᠲᠠᠭᠠᠯᠭᠠᠭᠠᠳ᠂ ᠪᠥᠬᠦ ᠬᠤᠲᠠ ᠶᠢᠨ ᠬᠡᠪᠴᠢᠶᠡᠨ ᠳᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠯᠠᠭᠠᠶ ᠶᠢ ᠰᠡᠷᠭᠡᠶᠢᠯᠡᠨ ᠳᠠᠩᠰᠠᠯᠠᠭᠤᠯᠤᠨ ᠲᠡᠮᠳᠡᠭᠯᠡᠭᠦᠯᠵᠦ ᠫᠠᠶᠢᠰᠠ ᠡᠯᠭᠦᠬᠦ ᠠᠵᠢᠯ ᠢ ᠥᠷᠨᠢᠭᠦᠯᠬᠦ ᠪᠠᠷ ᠪᠣᠯᠪᠠ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠶ᠎ᠡ᠃     ᠨᠢᠭᠡ᠂ ᠠᠵᠢᠯ ᠤᠨ ᠬᠠᠷᠠᠯᠲᠠ     ᠴᠠᠬᠢᠯᠭᠠᠨ ᠬᠥᠳᠡᠯᠭᠡᠭᠦᠷᠲᠦ ᠲᠡᠷᠭᠡᠨ ᠳᠤ ᠫᠠᠶᠢᠰᠠ ᠡᠯᠭᠦᠵᠦ ᠬᠠᠮᠢᠶᠠᠷᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠰᠠᠭᠤᠷᠢ ᠲᠤᠭ᠎ᠠ ᠶᠢ ᠣᠨᠣᠪᠴᠢᠲᠠᠶ ᠡᠵᠡᠮᠰᠢᠵᠦ᠂ ᠲᠡᠷᠭᠡ ᠬᠥᠰᠬᠡ ᠪᠠ ᠥᠮᠴᠢᠯᠡᠭᠴᠢ᠂ ᠬᠠᠮᠢᠶᠠᠷᠤᠭᠴᠢ ᠶᠢᠨ ᠮᠡᠳᠡᠭᠡ ᠵᠠᠩᠬᠢᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠂ ᠡᠷᠡᠭᠦᠤ ᠶᠢᠨ ᠬᠡᠷᠡᠭ ᠪᠠ ᠵᠠᠮ ᠬᠠᠷᠢᠯᠴᠠᠭᠠᠨ ᠤ ᠬᠡᠷᠡᠭ ᠭᠠᠷᠭᠠᠵᠤ ᠳᠤᠲᠠᠭᠠᠭᠰᠠᠨ ᠵᠡᠷᠭᠡ ᠬᠡᠷᠡᠭ ᠢ ᠢᠯᠡᠷᠡᠭᠦᠯᠬᠦ ᠳᠤ ᠬᠦᠴᠦᠲᠡᠶ ᠳᠡᠮᠵᠢᠯᠭᠡ ᠬᠠᠩᠭᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠤᠯᠠᠭᠠᠶᠢᠯᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠠᠬᠢᠯᠭᠠᠨ ᠬᠥᠳᠡᠯᠭᠡᠭᠦᠷᠲᠦ ᠲᠡᠷᠭᠡ ᠤᠨᠤᠵᠤ ᠪᠠᠶᠢᠭ᠎ᠠ ᠬᠥᠮᠦᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠠᠷᠠᠳ ᠣᠯᠠᠨ ᠤ ᠪᠡᠶ᠎ᠡ ᠮᠠᠬᠠᠪᠣᠳ ᠪᠠ ᠡᠳ᠋ ᠬᠥᠷᠥᠩᠭᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃     ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ     ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠯᠠᠭᠠᠶ ᠶᠢ ᠰᠡᠷᠭᠡᠶᠢᠯᠡᠨ ᠳᠠᠩᠰᠠᠯᠠᠭᠤᠯᠤᠨ ᠲᠡᠮᠳᠡᠭᠯᠡᠭᠦᠯᠵᠦ ᠫᠠᠶᠢᠰᠠ ᠡᠯᠭᠦᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠵᠦᠶᠯ ᠤᠨ ᠵᠠᠩᠭᠢᠯᠠᠭ᠎ᠠ ᠶᠢᠨ ᠠᠵᠢᠯ ᠤᠨ ᠠᠷᠭ᠎ᠠ ᠬᠡᠮᠵᠢᠶ᠎ᠡ ᠶᠢ ᠬᠦᠴᠦᠲᠡᠶ᠂ ᠡᠮᠬᠢ ᠵᠢᠷᠤᠮ ᠲᠠᠢ᠂ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠤᠰᠠᠳᠠ᠂ ︽ᠨᠢᠭᠡᠳᠦᠯᠲᠡᠶ ᠵᠢᠯᠣᠭᠤᠳᠬᠤ᠂ ᠨᠢᠭᠡᠳᠦᠯᠲᠡᠶ ᠲᠥᠯᠥᠪᠯᠡᠨ ᠠᠵᠢᠯᠯᠠᠭᠤᠯᠬᠤ᠂ ᠱᠠᠲᠤ ᠬᠤᠪᠢᠶᠠᠨ ᠬᠡᠷᠡᠭᠵᠢᠭᠦᠯᠬᠦ᠂ ᠬᠠᠷᠢᠶ᠎ᠠ ᠣᠷᠣᠨ ᠳᠤ ᠨᠢ ᠬᠠᠮᠢᠶᠠᠷᠤᠭᠤᠯᠬᠤ᠂ ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠬᠠᠮᠵᠢᠯᠴᠠᠨ ᠪᠠᠶᠢᠯᠳᠤᠬᠤ︾ ᠵᠠᠷᠴᠢᠮ ᠶᠣᠰᠣᠭᠠᠷ᠂ ᠪᠥᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠯᠠᠭᠠᠶ ᠶᠢ ᠰᠡᠷᠭᠡᠶᠢᠯᠡᠨ ᠳᠠᠩᠰᠠᠯᠠᠭᠤᠯᠤᠨ ᠲᠡᠮᠳᠡᠭᠯᠡᠭᠦᠯᠵᠦ ᠫᠠᠶᠢᠰᠠ ᠡᠯᠭᠦᠬᠦ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠢ ᠣᠨᠴᠠᠭᠠᠶᠢᠯᠠᠨ ᠪᠠᠶᠢᠭᠤᠯᠪᠠ᠄ᠳᠤᠭᠤᠶᠢᠯᠠᠩ ᠤᠨ ᠳᠠᠷᠤᠭ᠎ᠠ᠄ ᠴᠠᠢ ᠶᠤᠸᠠᠢ᠄ ᠳᠡᠳ᠋ ᠬᠤᠲᠠ ᠶᠢᠨ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠᠳᠤᠭᠤᠶᠢᠯᠠᠩ ᠤᠨ ᠳᠡᠳ᠋ ᠳᠠᠷᠤᠭ᠎ᠠ᠄ ᠦ᠋ ᠵᠦᠩ ᠽᠧ᠄ ᠬᠤᠳᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠᠠᠨ ᠶᠣᠣ ᠪᠢᠨ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠᠪᠦᠷᠢᠯᠳᠦᠬᠦᠨ᠄ ᠯᠢᠶᠠᠩ ᡁᠢ ᠬᠤᠸᠠ᠄ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠᠳ᠋ᠦᠩ ᠵᠢᠶᠠᠨ ᠫᠢᠩ᠄ ᠬᠤᠳᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠲᠣᠪᠴᠢᠶᠠᠨ ᠤ ᠳᠡᠳ᠋ ᠳᠠᠷᠤᠭ᠎ᠠᠵᠠᠩ ᠰᠢᠶᠤᠤ ᠨᠢᠩ᠄ ᠬᠤᠳᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠᠼᠦᠢ ᠯᠢ ᠹᠠᠩ᠄ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠᠵᠢᠶᠠ ᠶᠣᠣ ᠳ᠋ᠦᠩ᠄ ᠬᠤᠳᠠ ᠶᠢᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠡᠳ᠋ ᠳᠠᠷᠤᠭ᠎ᠠᠵᠠᠩ ᠶᠦᠩ ᠴᠢᠶᠠᠩ᠄ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠᠲᠢᠶᠠᠨ ᠮᠤᠤ ᠱᠧᠩ᠄ ᠤᠯᠠᠭᠠᠨᠴᠠᠪ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠᠼᠦᠢ ᡁᠢ ᠸᠧᠶ᠄ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠳᠠᠷᠤᠭ᠎ᠠᠾᠧᠦ ᠶᠢᠩ ᠹᠧᠩ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠰᠠᠯᠪᠤᠷᠢ ᠠᠩᠭᠢ ᠶᠢᠨ ᠬᠠᠷᠢᠭᠤᠴᠠᠯᠭᠠᠲᠠᠨ     ᠳᠤᠭᠤᠶᠢᠯᠠᠩ ᠤᠨ ᠪᠦᠷᠢᠯᠳᠦᠬᠦᠨ ᠳᠤ ᠪᠠᠰᠠ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠬᠠᠮᠢᠶᠠᠷᠴᠤ ᠪᠠᠶᠢᠭ᠎ᠠ ᠳᠡᠳ᠋ ᠬᠤᠰᠢᠭᠤ ᠰᠢᠶᠠᠨ ᠬᠤᠲᠠ ᠲᠣᠭᠤᠷᠢᠭ ᠤᠨ ᠳᠠᠷᠤᠭ᠎ᠠ ᠶᠢ ᠪᠠᠭᠲᠠᠭᠠᠨ᠎ᠠ᠃ ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠰᠠᠯᠪᠤᠷᠢ ᠠᠩᠭᠢ ᠳᠤ ᠳᠣᠭᠢᠷᠠᠭᠤᠯᠤᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠠᠩᠰᠠᠯᠠᠭᠤᠯᠤᠨ ᠲᠡᠮᠳᠡᠭᠯᠡᠭᠦᠯᠵᠦ ᠠᠵᠢᠯ ᠢ ᠥᠷᠨᠢᠭᠦᠯᠬᠦ ᠶᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠰᠢᠮᠳᠠᠭᠤᠯᠬᠤ ᠂ ᠵᠢᠯᠣᠭᠤᠳᠬᠤ ᠶᠢ ᠪᠣᠳᠠᠲᠠᠶ ᠬᠠᠷᠢᠭᠤᠴᠠᠵᠤ᠂ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠵᠦᠶᠯᠡᠰ ᠢ ᠳᠠᠭᠠᠭᠠᠨ ᠭᠦᠶᠴᠡᠳᠬᠡᠵᠦ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠳᠤᠭᠤᠶᠢᠯᠠᠩ ᠤᠨ ᠬᠥᠮᠦᠰ ᠢᠶᠠᠨ ᠰᠣᠩᠭᠤᠨ ᠪᠥᠬᠦ ᠬᠦᠴᠦᠨ ᠢᠶᠠᠷ ᠢᠶᠠᠨ ᠬᠠᠮᠵᠢᠯᠴᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠾᠧᠦ ᠶᠢᠩ ᠹᠧᠩ ᠨᠥᠬᠦᠷ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠪᠦᠷᠢᠯᠳᠦᠬᠦᠨ ᠢ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠲᠠᠲᠠᠵᠤ ᠠᠪᠤᠨ᠎ᠠ᠃ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠨᠢ ᠳᠣᠤᠷᠠᠬᠢ ᠮᠡᠲᠦ᠄     ︵ᠨᠢᠭᠡ︶ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠄ ᠰᠣᠨᠢᠨ ᠮᠡᠳᠡᠭᠡᠨ ᠤ ᠵᠠᠭᠤᠴᠢᠯᠠᠭᠤᠷ ᠤᠨ ᠵᠥᠪ ᠲᠠᠯ᠎ᠠ ᠶᠢᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠠᠩᠰᠠᠯᠠᠭᠤᠯᠬᠤ ᠠᠵᠢᠯ ᠢ ᠮᠡᠳᠡᠭᠡᠯᠡᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠬᠤᠲᠠ ᠶᠢᠨ ᠠᠷᠠᠳ ᠤᠨ ᠣᠶᠢᠯᠠᠭᠠᠯᠲᠠ ᠳᠡᠮᠵᠢᠯᠭᠡ ᠶᠢ ᠤᠯᠬᠤ ᠪᠠᠷ ᠴᠢᠷᠮᠠᠶᠢᠨ᠎ᠠ᠃     ︵ᠬᠤᠶᠠᠷ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠬᠢᠷᠢ ᠲᠡᠩᠴᠡᠭᠦ ᠥᠬᠡᠶ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠣᠷᠣᠯᠠᠭᠤᠯᠬᠤ᠂ ᠦᠨᠡᠮᠯᠡᠯ ᠥᠬᠡᠶ ᠪᠠᠷ ᠡᠵᠡᠩᠨᠡᠬᠦ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠬᠦ ᠵᠢᠴᠢ ᠮᠠᠭᠤ ᠪᠠᠷ ᠰᠠᠶᠢᠨ ᠢ ᠣᠷᠣᠯᠠᠭᠤᠯᠬᠤ᠂ ᠬᠤᠳᠠᠯ ᠬᠠᠭᠤᠷᠮᠠᠭ ᠢ ᠦᠨᠡᠨ ᠭᠡᠵᠦ ᠰᠠᠮᠠᠭᠤᠷᠠᠭᠤᠯᠤᠨ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠬᠡᠷᠡᠭᠯᠡᠭᠴᠢᠳ ᠢ ᠮᠡᠬᠡᠯᠡᠬᠦ᠂ ᠪᠤᠷᠤᠭᠤ ᠪᠠᠷ ᠬᠥᠲᠥᠯᠵᠦ ᠪᠣᠷᠣᠯᠠᠭᠤᠯᠬᠤ ᠦᠶᠯᠡ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ︔ ᠣᠲᠣ ᠶᠢᠨ ᠬᠡᠷᠡᠭᠵᠢᠭᠦᠯᠵᠦ ᠪᠠᠶᠢᠭ᠎ᠠ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠤᠯᠤᠰ ᠤᠨ ᠮᠡᠷᠭᠡᠵᠢᠯ ᠤᠨ ᠪᠠᠷᠢᠮᠵᠢᠶ᠎ᠠ ᠵᠢᠴᠢ ᠳᠡᠩᠰᠡᠯᠡᠭᠤᠯᠵᠤ ᠪᠣᠯᠬᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠭᠠᠷᠴᠠᠭ ᠢ ᠨᠡᠶᠢᠭᠡᠮ ᠳᠤ ᠨᠡᠶᠢᠲᠡᠯᠡᠬᠦ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠴᠠᠬᠢᠯᠭᠠᠨ ᠬᠥᠳᠡᠯᠭᠡᠭᠦᠷᠲᠦ ᠲᠡᠷᠭᠡ ᠪᠣᠷᠣᠯᠠᠭᠤᠯᠬᠤ ᠬᠤᠳᠠᠯᠳᠤᠭᠠᠴᠢᠨ ᠤ ᠫᠠᠶᠢᠰᠠ ᠲᠠᠢ ᠪᠠᠷ ᠪᠣᠷᠣᠯᠠᠭᠤᠯᠬᠤ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠫᠠᠶᠢᠰᠠ ᠡᠯᠭᠦᠬᠦ ᠰᠢᠰᠲ᠋ᠧᠮ ᠪᠠ ᠫᠠᠶᠢᠰᠠ ᠦᠨᠡᠮᠯᠡᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠩᠭᠠᠵᠤ᠂ ᠲᠥᠪᠯᠡᠷᠡᠭᠦᠯᠦᠨ ᠫᠠᠶᠢᠰᠠ ᠡᠯᠭᠦᠬᠦ ᠠᠵᠢᠯ ᠳᠠᠭᠤᠰᠤᠭᠰᠠᠨ ᠤ ᠳᠠᠷᠠᠭ᠎ᠠ᠂ ᠫᠠᠶᠢᠰᠠ ᠡᠯᠭᠦᠭᠰᠡᠨ ᠥᠬᠡᠶ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠣᠷᠣᠯᠠᠭᠤᠯᠬᠤ ᠶᠢ ᠵᠥᠪᠰᠢᠶᠡᠷᠡᠬᠦ ᠥᠬᠡᠶ᠃     ︵ᠭᠤᠷᠪᠠ︶ ᠬᠤᠲᠠ ᠶᠢᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠲᠣᠰ ᠬᠤᠲᠠ ᠶᠢᠨ ᠬᠡᠪᠴᠢᠶᠡᠨ ᠳᠠᠬᠢ ᠴᠠᠬᠢᠯᠭᠠᠨ ᠬᠥᠳᠡᠯᠭᠡᠭᠦᠷᠲᠦ ᠲᠡᠷᠭᠡ ᠦᠶᠯᠡᠳᠪᠦᠷᠢᠯᠡᠬᠦ ᠠᠵᠤ ᠠᠬᠤᠶᠢᠯᠠᠯ ᠢ ᠬᠠᠤᠯᠢ ᠶᠣᠰᠣᠭᠠᠷ ᠬᠢᠨᠠᠨ ᠬᠠᠮᠢᠶᠠᠷᠴᠤ᠂ ᠦᠶᠯᠡᠳᠪᠦᠷᠢᠯᠡᠬᠦ ᠠᠵᠤ ᠠᠬᠤᠶᠢᠯᠠᠯ ᠤᠨ ᠬᠢᠷᠢ ᠬᠡᠮ ᠢ ᠳᠠᠬᠢᠨ ᠬᠢᠨᠠᠨ ᠪᠠᠶᠢᠴᠠᠭᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠯᠤᠰ ᠤᠨ ᠬᠠᠮᠢᠶ᠎ᠠ ᠪᠥᠬᠦᠶ ᠪᠠᠷᠢᠮᠵᠢᠶ᠎ᠠ ᠶᠢ ᠴᠢᠩᠭ᠎ᠠ ᠵᠢᠷᠤᠮᠯᠠᠨ ᠦᠢᠯᠡᠳᠪᠦᠷᠢᠯᠡᠭᠦᠯᠵᠦ᠂ ᠵᠥᠪᠰᠢᠶᠡᠷᠡᠯ ᠥᠬᠡᠶ ᠪᠠᠷ ᠳᠤᠷ᠎ᠠ ᠪᠠᠷ ᠢᠶᠠᠨ ᠦᠶᠯᠡᠳᠪᠦᠷᠢᠯᠡᠭᠰᠡᠨ ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠦᠶᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃     ︵ᠳᠥᠷᠪᠡ︶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠥᠪᠡᠷᠲᠡᠭᠡᠨ ᠵᠠᠰᠠᠬᠤ ᠣᠷᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠠᠵᠢᠯ ᠤᠨ ᠵᠣᠯᠭᠠᠯᠴᠠᠭ᠎ᠠ ᠶᠢ ᠴᠢᠩᠭᠠᠳᠬᠠᠵᠤ᠂ ᠠᠮᠤᠷ ᠢ ᠬᠠᠮᠠᠭᠠᠯᠠᠬᠤ ᠰᠠᠯᠪᠤᠷᠢ ᠠᠩᠭᠢ ᠲᠦᠷᠦᠭᠦᠯᠡᠨ ᠪᠥᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠠᠩᠰᠠᠯᠠᠬᠤ ᠪᠣᠳᠠᠲᠠᠶ ᠲᠤᠬᠠᠶᠢᠯᠠᠭᠰᠠᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠠᠴᠠ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠳᠡᠩᠰᠡᠯᠡᠯᠲᠡ ᠶᠢᠨ ᠰᠦᠶᠳᠬᠡᠯ ᠬᠤᠷᠢᠶᠠᠬᠤ ᠲᠥᠷᠥᠯ ᠵᠦᠶᠯ ᠪᠠ ᠰᠦᠶᠳᠬᠡᠯ ᠬᠤᠷᠢᠶᠠᠬᠤ ᠪᠠᠷᠢᠮᠵᠢᠶ᠎ᠠ ᠶᠢ ᠪᠠᠶᠢᠭᠤᠯᠬᠤ ᠪᠠᠷ ᠭᠤᠶᠤᠴᠢᠯᠠᠨ᠎ᠠ︔ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠨᠢ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠳᠡᠩᠰᠡᠯᠡᠨ ᠲᠡᠮᠳᠡᠭᠯᠡᠬᠦ ᠰᠢᠰᠲ᠋ᠧᠮ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢ ᠬᠠᠷᠢᠭᠤᠴᠠᠵᠤ᠂ ᠬᠠᠮᠢᠶ᠎ᠠ ᠪᠥᠬᠦᠶ ᠫᠠᠶᠢᠰᠠ ᠦᠨᠡᠮᠯᠡᠯ ᠤᠨ ᠶᠠᠩᠵᠤ ᠬᠡᠯᠪᠡᠷᠢ ︵ᠤᠯᠤᠰ ᠤᠨ ᠪᠠᠷᠢᠮᠵᠢᠶᠠᠲᠤ ᠶᠢᠨ ᠫᠠᠶᠢᠰᠠ ᠨᠢ ᠳᠡᠪᠢᠰᠬᠡᠷ ᠨᠣᠭᠤᠭᠠᠨ ᠥᠰᠥᠭ ᠴᠠᠭᠠᠨ᠂ ᠤᠯᠤᠰ ᠤᠨ ᠪᠠᠷᠢᠮᠵᠢᠶᠠᠲᠤ ᠪᠤᠰᠤ ᠶᠢᠨ ᠫᠠᠶᠢᠰᠠ ᠨᠢ ᠳᠡᠪᠢᠰᠬᠡᠷ ᠰᠢᠷ᠎ᠠ ᠥᠰᠥᠭ ᠴᠠᠭᠠᠨ᠂ ᠫᠠᠶᠢᠰᠠ ᠶᠢᠨ ᠠᠭᠤᠯᠭ᠎ᠠ ᠳᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠨᠡᠷᠡᠶᠢᠳᠦᠯ ᠪᠠ ᠵᠢᠷᠭᠤᠭᠠᠨ ᠣᠷᠣᠨᠲᠤ ᠲᠣᠭᠠᠨ ᠤ ᠨᠣᠮᠧᠷ ᠢ ᠪᠠᠭᠲᠠᠭᠠᠵᠤ᠂ ᠬᠤᠶᠠᠷ ᠮᠥᠷ ᠬᠤᠪᠢᠶᠠᠨ ᠵᠢᠭᠰᠠᠭᠠᠵᠤ᠂ ᠶᠡᠭᠡ ᠪᠠᠭ᠎ᠠ ᠨᠢ 9 × 18cm︶ ᠶᠢ ᠦᠶᠯᠡᠳᠴᠦ᠂ ᠳᠡᠩᠰᠡᠯᠡᠨ ᠲᠡᠮᠳᠡᠭᠯᠡᠬᠦ ᠬᠦᠰᠦᠨᠦᠭᠲᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠦᠶᠯᠡᠳᠦᠨ᠎ᠡ︔ ᠬᠠᠮᠢᠶ᠎ᠠ ᠪᠥᠬᠦᠶ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠠᠮ ᠬᠠᠷᠢᠯᠴᠠᠭᠠᠨ ᠤ ᠲᠡᠮᠳᠡᠭ ᠫᠠᠶᠢᠰᠠ ᠶᠢ ᠴᠡᠪᠡᠷᠯᠡᠵᠤ᠂ ᠨᠡᠮᠡᠵᠤ᠂ ᠲᠡᠭᠦᠯᠳᠡᠷᠵᠢᠭᠦᠯᠦᠨ᠎ᠡ ︔ ᠴᠠᠬᠢᠯᠭᠠᠨ ᠬᠥᠳᠡᠯᠭᠡᠭᠦᠷᠲᠦ ᠲᠡᠷᠭᠡᠨ ᠤ ᠡᠵᠡᠨ ᠢ ᠵᠣᠬᠢᠶᠠᠨ ᠪᠠᠶᠢᠭᠤᠯᠵᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠣᠯᠪᠠᠰᠤᠷᠠᠭᠤᠯᠤᠯ ᠬᠢᠯᠭᠡᠨ᠎ᠡ︔ ᠴᠠᠬᠢᠯᠭᠠᠨ ᠬᠥᠳᠡᠯᠭᠡᠭᠦᠷᠲᠦ ᠲᠡᠷᠭᠡ ᠤᠨᠤᠵᠤ ᠪᠠᠶᠢᠭ᠎ᠠ ᠬᠥᠮᠦᠰ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃     ︵ᠲᠠᠪᠤ︶ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠄ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠥᠪᠯᠡᠷᠡᠭᠦᠯᠦᠨ ᠳᠡᠩᠰᠡᠯᠡᠭᠤᠯᠵᠤ ᠫᠠᠶᠢᠰᠠ ᠡᠯᠭᠦᠬᠦ ᠳᠤ ᠬᠡᠷᠡᠭᠰᠡᠬᠦ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ᠂ ᠤᠬᠠᠭᠤᠯᠭ᠎ᠠ ᠶᠢᠨ ᠵᠠᠷᠤᠳᠠᠯ ᠵᠡᠷᠭᠡ ᠲᠤᠰᠬᠠᠶ ᠵᠦᠶᠯ ᠤᠨ ᠵᠠᠷᠤᠳᠠᠯ ᠢ ᠳᠣᠭᠢᠷᠠᠭᠤᠯᠤᠨ ᠨᠠᠶᠢᠳᠠᠪᠤᠷᠢᠵᠢᠭᠤᠯᠤᠨ᠎ᠠ︔ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠠᠴᠠ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠳᠡᠩᠰᠡᠯᠡᠯᠲᠡ ᠶᠢᠨ ᠰᠦᠶᠳᠬᠡᠯ ᠬᠤᠷᠢᠶᠠᠬᠤ ᠲᠥᠷᠥᠯ ᠵᠦᠶᠯ ᠪᠠ ᠰᠦᠶᠳᠬᠡᠯ ᠬᠤᠷᠢᠶᠠᠬᠤ ᠪᠠᠷᠢᠮᠵᠢᠶ᠎ᠠ ᠶᠢ ᠪᠠᠶᠢᠭᠤᠯᠬᠤ ᠪᠠᠷ ᠭᠤᠶᠤᠴᠢᠯᠠᠨ᠎ᠡ᠃     ︵ᠵᠢᠷᠭᠤᠭ᠎ᠠ︶ ᠤᠯᠠᠭᠠᠨᠴᠠᠪ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ ᠡᠯ᠎ᠡ ᠭᠠᠵᠠᠷ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ᠂ ᠵᠣᠭᠰᠣᠭᠠᠬᠤ ᠵᠡᠷᠭᠡ ᠠᠵᠢᠯ ᠢ ᠴᠢᠩᠭᠠᠳᠬᠠᠬᠤ ᠶᠢ ᠬᠠᠷᠢᠭᠤᠴᠠᠨ ᠵᠢᠯᠣᠭᠤᠳᠤᠨ᠎ᠠ᠃     ︵ᠳᠣᠯᠤᠭ᠎ᠠ︶ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠄ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠠᠩᠰᠠᠯᠠᠬᠤ ᠠᠵᠢᠯ ᠤᠨ ᠳᠤᠮᠳᠠᠬᠢ ᠬᠠᠤᠯᠢ ᠲᠦᠷᠢᠮ ᠤᠨ ᠬᠢᠨᠠᠯᠲᠠ ᠲᠠᠯᠪᠢᠬᠤ ᠪᠠ ᠬᠠᠤᠯᠢ ᠴᠠᠭᠠᠵᠠ ᠶᠢᠨ ᠦᠶᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃     ︵ᠨᠠᠢᠮᠠ︶ ᠤᠯᠠᠭᠠᠨᠴᠠᠪ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠄ ᠬᠤᠲᠠ ᠶᠢᠨ ᠳᠠᠭᠠᠳᠬᠠᠯ ᠤᠨ ᠠᠵᠢᠯ ᠲᠥᠷᠥᠯ ᠤᠨ ᠨᠡᠶᠢᠭᠡᠮᠯᠢᠭ ᠠᠴᠠ ᠡᠯ᠎ᠡ ᠳᠠᠭᠠᠳᠬᠠᠯ ᠤᠨ ᠺᠣᠮᠫᠠᠨᠢ ᠶᠢ ᠵᠣᠬᠢᠴᠠᠭᠤᠯᠵᠤ ᠪᠠᠶᠢᠭᠠᠳ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠤᠷᠪᠠᠳᠠᠬᠢ ᠡᠲᠡᠭᠡᠳ ᠤᠨ ᠬᠠᠷᠢᠭᠤᠴᠠᠯᠭ᠎ᠠ ᠶᠢᠨ ᠳᠠᠭᠠᠳᠬᠠᠯ᠂ ᠪᠥᠬᠦ ᠲᠡᠷᠭᠡᠨ ᠤ ᠬᠤᠯᠠᠭᠠᠶᠢᠯᠠᠭᠳᠠᠬᠤ ᠪᠤᠯᠢᠶᠠᠭᠳᠠᠬᠤ ᠳᠠᠭᠠᠳᠬᠠᠯ᠂ ᠤᠨᠤᠵᠤ ᠰᠠᠭᠤᠭᠰᠠᠨ ᠬᠥᠮᠦᠰ ᠤᠨ ᠭᠡᠨᠡᠳᠲᠡ ᠶᠢᠨ ᠳᠠᠭᠠᠳᠬᠠᠯ ᠵᠡᠷᠭᠡ ᠬᠤᠳᠠᠯᠳᠤᠭᠠᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠵᠡᠩᠨᠡᠬᠦ ᠶᠢ ᠬᠠᠷᠢᠭᠤᠴᠠᠨ ᠵᠢᠯᠣᠭᠤᠳᠴᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠥᠮᠴᠢᠯᠡᠭᠴᠢ ᠶᠢᠨ ᠬᠤᠳᠠᠯᠳᠤᠨ ᠠᠪᠬᠤ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠤᠨ᠎ᠠ᠃     ︵ᠶᠢᠰᠦ︶ ᠡᠯ᠎ᠡ ᠬᠤᠰᠢᠭᠤ ᠰᠢᠶᠠᠨ ᠲᠣᠭᠤᠷᠢᠭ ᠬᠤᠲᠠ ᠶᠢᠨ ᠠᠷᠠᠳ ᠤᠨ ᠵᠠᠰᠠᠭ ᠤᠨ ᠣᠷᠳᠣᠨ᠄ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠣᠰᠣᠭᠠᠷ ᠪᠣᠳᠠᠲᠠᠶ ᠳᠡᠩᠰᠡᠯᠡᠵᠦ ᠫᠠᠶᠢᠰᠠ ᠡᠯᠭᠦᠬᠦ ᠬᠠᠮᠢᠶ᠎ᠠ ᠪᠥᠬᠦᠶ ᠤᠴᠢᠷ ᠶᠠᠪᠤᠳᠠᠯ ᠢ ᠲᠦᠷᠦᠭᠦᠯᠡᠨ ᠨᠠᠶᠢᠳᠠᠪᠤᠷᠢᠵᠢᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠥᠪᠯᠡᠷᠡᠭᠦᠯᠦᠨ ᠳᠡᠩᠰᠡᠯᠡᠭᠤᠯᠵᠤ ᠫᠠᠶᠢᠰᠠ ᠡᠯᠭᠦᠬᠦ ᠳᠤ ᠬᠡᠷᠡᠭᠰᠡᠬᠦ ᠫᠠᠶᠢᠰᠠ ᠦᠨᠡᠮᠯᠡᠯ ᠤᠨ ᠬᠥᠯᠥᠰᠥ ᠥᠷᠲᠡᠭ ᠤᠨ ᠵᠠᠷᠤᠳᠠᠯ᠂ ᠳᠡᠩᠰᠡᠯᠡᠨ ᠲᠡᠮᠳᠡᠭᠯᠡᠬᠦ ᠥᠷᠲᠡᠭᠡ ᠴᠡᠭ ᠤᠨ ᠬᠠᠲᠠᠭᠤ ᠲᠣᠨᠤᠭ ᠲᠥᠬᠦᠭᠡᠷᠦᠮᠵᠢ ᠵᠢᠴᠢ ᠬᠠᠮᠢᠶ᠎ᠠ ᠪᠥᠬᠦᠶ ᠲᠥᠬᠦᠭᠡᠷᠦᠮᠵᠢ ᠶᠢᠨ ᠵᠠᠷᠤᠳᠠᠯ ᠢ ᠳᠣᠭᠢᠷᠠᠭᠤᠯᠤᠨ ᠨᠠᠶᠢᠳᠠᠪᠤᠷᠢᠵᠢᠭᠤᠯᠵᠤ᠂ ᠲᠠᠯᠠᠪᠤᠷ ᠬᠠᠩᠭᠠᠬᠤ ᠶᠢᠨ ᠬᠠᠮᠲᠤ ᠠᠵᠢᠯᠲᠠᠨ ᠢ ᠲᠠᠲᠠᠵᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠬᠠᠮᠵᠢᠨ ᠲᠥᠪᠯᠡᠷᠡᠭᠦᠯᠦᠨ ᠳᠠᠩᠰᠠᠯᠠᠭᠤᠯᠤᠨ ᠲᠡᠮᠳᠡᠭᠯᠡᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠵᠦ᠂ ᠣᠯᠠᠨ ᠲᠦᠮᠡᠨ ᠤ ᠳᠠᠩᠰᠠᠯᠠᠭᠤᠯᠤᠨ ᠲᠡᠮᠳᠡᠭᠯᠡᠭᠦᠯᠬᠦ ᠲᠤᠬᠠᠶᠢᠯᠠᠭᠰᠠᠨ ᠠᠵᠢᠯ ᠢ ᠭᠦᠶᠴᠡᠳᠬᠡᠬᠦ ᠳᠤ ᠲᠥᠬᠦᠮ ᠦᠵᠡᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠲᠣᠰ ᠮᠡᠳᠡᠭᠳᠡᠯ ᠢᠶᠠᠷ ᠯᠠᠪᠯᠠᠯᠲᠠ ᠪᠣᠯᠭᠠᠵᠤ ᠲᠣᠰ ᠭᠠᠵᠠᠷ ᠤᠨ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠵᠤ ᠪᠠᠭᠤᠯᠭᠠᠨ᠎ᠠ᠃     ᠭᠤᠷᠪᠠ᠂ ᠠᠵᠢᠯ ᠤᠨ ᠠᠯᠬᠤᠮ ᠳᠠᠷᠠᠭ᠎ᠠ     ᠲᠣᠰ ᠤᠳᠠᠭᠠᠨ ᠤ ᠲᠤᠰᠬᠠᠶ ᠠᠵᠢᠯ ᠢ ᠭᠤᠷᠪᠠᠨ ᠱᠠᠲᠤ ᠬᠤᠪᠢᠶᠠᠵᠤ ᠶᠠᠪᠤᠭᠳᠠᠭᠤᠯᠤᠨ᠎ᠠ᠃     ︵ᠨᠢᠭᠡ︶ ᠪᠥᠬᠦ ᠲᠠᠯ᠎ᠠ ᠪᠠᠷ ᠤᠶᠢᠯᠠᠭᠠᠨ ᠵᠢᠭᠰᠠᠭᠠᠬᠤ ᠪᠡᠯᠡᠳᠬᠡᠯ ᠱᠠᠲᠤ ᠦᠶ᠎ᠡ ︵ᠲᠣᠰ ᠡᠳᠦᠷ ᠠᠴᠠ ᠡᠬᠢᠯᠡᠨ 6 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ︶     ᠡᠯ᠎ᠡ ᠭᠠᠵᠠᠷ ᠡᠯ᠎ᠡ ᠰᠠᠯᠠᠭ᠎ᠠ ᠮᠥᠴᠢᠷ ᠥᠪᠡᠷ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠲᠤᠰᠬᠠᠶ ᠬᠠᠷᠢᠭᠤᠴᠠᠬᠤ ᠤᠳᠤᠷᠢᠳᠤᠯᠭ᠎ᠠ ᠶᠢ ᠲᠣᠭᠲᠠᠭᠠᠵᠤ᠂ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ ᠂ ᠬᠠᠷᠢᠶ᠎ᠠ ᠣᠷᠣᠨ ᠤ ᠪᠠᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠡᠮᠳᠡᠭᠯᠡᠨ ᠫᠠᠶᠢᠰᠠ ᠡᠯᠭᠦᠬᠦ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠶᠢ ᠨᠠᠷᠢᠨ ᠬᠢᠨᠠᠮᠠᠭᠠᠶ ᠪᠠᠶᠢᠴᠠᠭᠠᠨ ᠣᠶᠢᠯᠠᠭᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ ᠶᠢᠨ ᠲᠦᠷᠢᠮ ᠪᠦᠷᠢᠨ ᠪᠤᠰᠤ᠂ ᠠᠵᠢᠯᠯᠠᠭᠠᠨ ᠨᠢ ᠵᠢᠷᠤᠮᠵᠢᠭᠤᠨ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ᠂ ᠰᠢᠯᠲᠠᠭᠠᠨ ᠢ ᠭᠦᠨᠵᠡᠭᠡᠶ ᠵᠠᠳᠠᠯᠵᠤ᠂ ᠴᠡᠭᠴᠡᠯᠡᠨ ᠵᠠᠰᠠᠬᠤ ᠲᠥᠰᠦᠯ ᠲᠣᠭᠲᠠᠭᠠᠨ᠂ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠲᠡᠷᠭᠡ ᠬᠥᠰᠬᠡ ᠶᠢ ᠲᠡᠮᠳᠡᠭᠯᠡᠨ ᠫᠠᠶᠢᠰᠠ ᠡᠯᠭᠦᠬᠦ ᠡᠭᠦᠷᠭᠡ ᠶᠢ ᠪᠣᠳᠠᠲᠠᠶ ᠰᠠᠯᠠᠭ᠎ᠠ ᠮᠥᠴᠢᠷ ᠪᠠ ᠬᠠᠷᠢᠭᠤᠴᠠᠯᠭᠠᠲᠠᠨ ᠳᠤ ᠨᠠᠶᠢᠳᠠᠪᠤᠷᠢᠵᠢᠭᠤᠯᠵᠤ᠂ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠨ᠂ ᠠᠵᠢᠯ ᠤᠨ   ᠪᠣᠳᠠᠲᠠᠢ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     ︵ᠬᠤᠶᠠᠷ︶ ᠪᠦᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ ︵6 ᠰᠠᠷ᠎ᠠ ᠶᠢᠨ 21 ᠤ ᠡᠳᠦᠷ ᠠᠴᠠ 8 ᠰᠠᠷ᠎ᠠ ᠶᠢᠨ 25 ᠤ ᠡᠳᠦᠷ ᠪᠣᠯᠲᠠᠯ᠎ᠠ︶     ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠦᠬᠦ ᠲᠠᠯ᠎ᠠ ᠪᠠᠷ ᠳᠠᠶᠢᠴᠢᠯᠠᠵᠤ᠂ ᠨᠡᠶᠢᠭᠡᠮ ᠲᠣᠭᠤᠷᠢᠭ ᠤᠨ ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠦᠯᠵᠢᠶᠡᠨ ᠤ ᠠᠵᠢᠯᠲᠠᠨ᠂ ᠠᠮᠤᠷ ᠢ ᠬᠠᠮᠠᠭᠠᠯᠠᠬᠤ ᠦᠢᠯᠡᠴᠢᠯᠡᠭᠡ᠂ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯᠲᠠᠨ ᠢ ᠳᠠᠶᠢᠴᠢᠯᠠᠨ᠂ ᠵᠢᠵᠢᠭ ᠲᠣᠭᠤᠷᠢᠭ᠂ ᠨᠢᠭᠡᠴᠢ ᠶᠢᠨ ᠡᠭᠦᠳᠡ᠂ ᠡᠯ᠎ᠡ ᠭᠤᠤᠯ ᠬᠤᠳᠠᠯᠳᠤᠭᠠᠨ ᠤ ᠲᠣᠭᠤᠷᠢᠭ ᠤᠨ ᠣᠷᠣᠵᠤ ᠭᠠᠷᠬᠤ ᠭᠠᠵᠠᠷ᠂ ᠭᠤᠤᠯᠳᠠᠯᠭ᠎ᠠ ᠲᠠᠢ  ᠵᠠᠮ ᠤᠨ ᠠᠭᠤᠯᠵᠠᠷ ᠢᠶᠠᠷ ᠭᠤᠤᠯ ᠲᠡᠶᠢᠨ ᠤ ᠲᠠᠯᠠᠪᠤᠷ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠫᠠᠶᠢᠰᠠ ᠡᠯᠭᠦᠭᠡ ᠥᠬᠡᠶ ᠲᠡᠷᠭᠡ ᠬᠥᠰᠬᠡ ᠶᠢ ᠡᠷᠢᠵᠦ᠂ ᠬᠡᠷᠡᠭᠴᠡᠭᠡ ᠳᠤ ᠲᠣᠬᠢᠷᠠᠭᠤᠯᠤᠨ ᠭᠤᠶᠤᠴᠢᠯᠠᠨ ᠠᠪᠬᠤ ᠥᠷᠲᠡᠭᠡ ᠴᠡᠭ ᠢ ᠨᠡᠮᠡᠵᠦ ᠪᠠᠶᠢᠭᠤᠯᠤᠨ᠂ ᠬᠢᠨᠠᠨ ᠪᠠᠶᠢᠴᠠᠭᠠᠬᠤ ᠨᠥᠬᠦᠴᠡᠯ ᠢ ᠪᠦᠷᠢᠳᠦᠭᠦᠯᠦᠭᠰᠡᠨ ᠪᠠᠶᠢᠪᠠᠯ᠂ ᠲᠤᠬᠠᠶ ᠶᠢᠨ ᠲᠠᠯᠠᠪᠤᠷ ᠲᠤ ᠨᠢ ᠲᠡᠮᠳᠡᠭᠯᠡᠬᠦᠯᠬᠦ ᠶᠢᠨ ᠬᠠᠮᠲᠤ ᠵᠢᠯᠣᠭᠤᠳᠤᠨ ᠤᠭᠰᠠᠷᠠᠭᠤᠯᠵᠤ᠂ ᠠᠵᠢᠯ ᠤᠨ ᠴᠤᠪᠤᠷᠠᠯ ᠢ ᠠᠯᠢ ᠴᠢᠳᠠᠬᠤ ᠪᠠᠷ ᠪᠣᠭᠤᠨᠢᠰᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠫᠠᠶᠢᠰᠠ ᠢ ︽ᠡᠯᠭᠦᠬᠦ ᠶᠣᠰᠣᠲᠠᠢ ᠶᠢ ᠨᠢ ᠪᠦᠬᠦᠨ ᠢ ᠡᠯᠭᠦᠭᠦᠯᠬᠦ︾ ᠠᠵᠢᠯ ᠤᠨ ᠬᠠᠷᠠᠯᠲᠠ ᠶᠢ ᠪᠡᠶᠡᠯᠡᠭᠦᠯᠬᠦ ᠬᠡᠷᠡᠭᠲᠡᠶ᠃     ︵ᠭᠤᠷᠪᠠ︶ ᠳ᠋ᠦᠩᠨᠡᠨ ᠳᠡᠭᠡᠭᠰᠢᠯᠡᠭᠦᠯᠬᠦ ᠱᠠᠲᠤ ᠦᠶ᠎ᠡ ︵8 ᠳ᠋ᠤᠭᠠᠷ ᠰᠠᠷ᠎ᠠ ᠶᠢᠨ 26 ᠤ ᠡᠳᠦᠷ ᠠᠴᠠ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶       ᠲᠣᠰ ᠤᠳᠠᠭᠠᠨ ᠤ ᠲᠤᠰᠬᠠᠶ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠰᠤᠳᠤᠯᠤᠨ ᠪᠠᠶᠢᠭᠤᠯᠵᠤ᠂ ᠴᠡᠭᠴᠡᠯᠡᠬᠦ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠠᠷᠭ᠎ᠠ ᠬᠢᠳᠡᠯ ᠢ ᠡᠮᠬᠢᠯᠡᠨ ᠳᠢᠭᠯᠡᠵᠦ᠂ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠴᠢᠭᠯᠡᠯᠲᠦ ᠴᠢᠨᠠᠷᠲᠠᠶ ᠪᠠᠷ ᠵᠠᠰᠠᠨ ᠰᠠᠶᠢᠵᠢᠷᠠᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ ᠶᠢᠨ ᠠᠵᠢᠯ ᠤᠨ ᠳᠦᠷᠢᠮᠵᠢᠯᠲᠡ ᠪᠠ ᠵᠢᠷᠤᠮᠵᠢᠯᠲᠠ ᠶᠢ ᠠᠬᠢᠭᠤᠯᠤᠨ᠎ᠠ᠃     ᠳᠥᠷᠪᠡ᠂ ᠵᠠᠷᠤᠳᠠᠯ ᠤᠨ ᠪᠠᠲᠤᠯᠠᠭ᠎ᠠ     ᠠᠩᠬ᠎ᠠ ᠠᠯᠬᠤᠮ ᠲᠣᠭᠠᠴᠠᠭ᠎ᠠ ᠬᠢᠬᠦ ᠪᠠᠷ ᠳᠠᠮᠵᠢᠭᠠᠳ᠂ 2022 ᠣᠨ ᠤ ᠬᠠᠷᠢᠶ᠎ᠠ ᠣᠷᠣᠨ ᠤ ᠬᠡᠪᠴᠢᠶᠡᠨ ᠳᠠᠬᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠥᠪᠯᠡᠷᠡᠭᠦᠯᠦᠨ ᠳᠡᠩᠰᠡᠯᠡᠭᠤᠯᠵᠤ ᠫᠠᠶᠢᠰᠠ ᠡᠯᠭᠦᠬᠦ ᠠᠵᠢᠯ ᠤᠨ ᠵᠠᠷᠤᠳᠠᠯ ᠤᠨ ᠲᠥᠰᠦᠪ ᠨᠢ 247.5 ᠲᠦᠮᠡᠨ ᠲᠥᠭᠦᠷᠢᠭ ᠪᠠᠶᠢᠵᠤ᠂ ᠳᠣᠤᠷᠠᠬᠢ ᠭᠤᠷᠪᠠᠨ ᠵᠦᠶᠯ ᠤᠨ ᠵᠠᠷᠤᠳᠠᠯ ᠢ ᠪᠠᠭᠲᠠᠭᠠᠨ᠎ᠠ᠃     ︵ᠨᠢᠭᠡ︶ ᠪᠥᠬᠦ ᠬᠤᠲᠠ ᠶᠢᠨ ᠬᠡᠷᠡᠭᠯᠡᠵᠦ ᠪᠠᠶᠢᠭ᠎ᠠ ᠴᠠᠬᠢᠯᠭᠠᠨ ᠬᠥᠳᠡᠯᠭᠡᠭᠦᠷᠲᠦ ᠲᠡᠷᠭᠡ ᠪᠠᠷᠤᠭ 36 ᠲᠦᠮᠡ ᠪᠠᠶᠢᠵᠤ᠂ ᠫᠠᠶᠢᠰᠠ ᠦᠨᠡᠮᠯᠡᠯ ᠪᠦᠷᠢ 4.5 ᠲᠥᠭᠦᠷᠢᠭ᠂ ᠨᠡᠶᠢᠲᠡ 162 ᠲᠦᠮᠡᠨ ᠲᠥᠭᠦᠷᠢᠭ ᠪᠠᠶᠢᠵᠤ᠂ ᠬᠠᠮᠢᠶ᠎ᠠ ᠪᠥᠬᠦᠶ ᠵᠠᠷᠤᠳᠠᠯ ᠢ ᠡᠯ᠎ᠡ ᠭᠠᠵᠠᠷ ᠤᠨ ᠡᠳ᠋ ᠤᠨ ᠵᠠᠰᠠᠭ ᠠᠴᠠ ᠥᠪᠡᠰᠦᠪᠡᠨ ᠰᠢᠶᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ᠂ ᠡᠳ᠋ ᠤᠨ ᠵᠠᠰᠠᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠠᠨ ᠤ ᠬᠤᠲᠠ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠳᠠᠩᠰᠠᠯᠠᠭᠤᠯᠤᠨ ᠲᠡᠮᠳᠡᠭᠯᠡᠭᠦᠯᠬᠦ ᠰᠦᠶᠳᠬᠡᠯ ᠬᠤᠷᠢᠶᠠᠬᠤ ᠲᠥᠷᠥᠯ ᠵᠦᠶᠯ ᠪᠠ ᠰᠦᠶᠳᠬᠡᠯ ᠬᠤᠷᠢᠶᠠᠬᠤ ᠪᠠᠷᠢᠮᠵᠢᠶ᠎ᠠ ᠶᠢ ᠴᠤᠬᠤᠯᠠᠪᠤᠷᠢᠯᠠᠭᠰᠠᠨ ᠤ ᠳᠠᠷᠠᠭ᠎ᠠ᠂ ᠬᠠᠮᠢᠶ᠎ᠠ ᠪᠥᠬᠦᠶ ᠫᠠᠶᠢᠰᠠ ᠦᠨᠡᠮᠯᠡᠯ ᠤᠨ ᠬᠥᠯᠥᠰᠥ ᠥᠷᠲᠡᠭ ᠤᠨ ᠰᠦᠶᠳᠬᠡᠯ ᠢ ᠬᠠᠤᠯᠢ ᠶᠣᠰᠣᠭᠠᠷ ᠬᠤᠷᠢᠶᠠᠵᠤ ᠡᠬᠢᠯᠡᠨ᠎ᠡ᠃     ︵ᠬᠤᠶᠠᠷ︶ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠡᠮᠳᠡᠭᠯᠡᠨ ᠫᠠᠶᠢᠰᠠ ᠡᠯᠭᠦᠬᠦ ᠠᠵᠢᠯ ᠳᠤ ᠬᠡᠷᠡᠭᠰᠡᠬᠦ ᠲᠥᠬᠦᠭᠡᠷᠦᠮᠵᠢ ︵ᠺᠣᠮᠫᠢᠦ᠋ᠲ᠋ᠧᠷ᠂ ᠳᠠᠷᠤᠮᠠᠯᠯᠠᠬᠤ ᠮᠠᠰᠢᠨ᠂ ᠬᠦᠨᠳᠦ ᠶᠢ ᠬᠡᠮᠵᠢᠬᠦ ᠵᠢᠩᠯᠡᠭᠦᠷ ᠵᠡᠷᠭᠡ︶ ᠶᠢ ᠬᠤᠳᠠᠯᠳᠤᠨ ᠠᠪᠬᠤ ᠵᠢᠴᠢ ᠤᠬᠠᠭᠤᠯᠭ᠎ᠠ ᠶᠢᠨ ᠮᠠᠲ᠋ᠧᠷᠢᠶᠠᠯ ᠢ ᠳᠠᠷᠤᠮᠠᠯᠯᠠᠨ ᠦᠶᠯᠡᠳᠬᠦ ᠳᠤ᠂ ᠪᠥᠬᠦ ᠬᠤᠲᠠ ᠶᠢᠨ 12 ᠳᠠᠩᠰᠠᠯᠠᠭᠤᠯᠬᠤ ᠥᠷᠲᠡᠭᠡ ᠴᠡᠭ᠂ ᠥᠷᠲᠡᠭᠡ ᠴᠡᠭ ᠨᠢᠭᠡᠪᠦᠷᠢ ᠨᠢ 3 ᠲᠦᠮᠡᠨ ᠲᠥᠭᠦᠷᠢᠭ᠂ ᠨᠡᠶᠢᠲᠡ 36 ᠲᠦᠮᠡᠨ ᠲᠥᠭᠦᠷᠢᠭ ᠪᠠᠶᠢᠵᠤ᠂ ᠬᠠᠮᠢᠶ᠎ᠠ ᠪᠥᠬᠦᠶ ᠵᠠᠷᠤᠳᠠᠯ ᠢ ᠡᠯ᠎ᠡ ᠭᠠᠵᠠᠷ ᠤᠨ ᠬᠢᠨ ᠡᠭᠦᠷᠭᠡᠯᠡᠨ᠎ᠡ᠃︵ᠭᠤᠷᠪᠠ︶ ᠮᠠᠰᠢᠨᠲᠤ ᠪᠤᠰᠤ ᠲᠡᠷᠭᠡ ᠳᠠᠩᠰᠠᠯᠠᠬᠤ ᠵᠥᠭᠡᠯᠡᠨ ᠲᠣᠨᠤᠭ ᠵᠢᠴᠢ ᠬᠠᠳᠠᠭᠠᠯᠠᠬᠤ ᠲᠥᠬᠦᠭᠡᠷᠦᠮᠵᠢ 49.5 ᠲᠦᠮᠡᠨ ᠲᠥᠭᠦᠷᠢᠭ ᠢ ᠬᠤᠲᠠ ᠶᠢᠨ ᠡᠳ᠋ ᠤᠨ ᠵᠠᠰᠠᠭ ᠠᠴᠠ ᠰᠢᠶᠳᠪᠦᠷᠢᠯᠡᠵᠦ᠂ 2022 ᠣᠨ ᠤ 8 ᠰᠠᠷ᠎ᠠ ᠶᠢᠨ 31 ᠤ ᠡᠳᠦᠷ ᠠᠴᠠ ᠬᠤᠶᠢᠰᠢ᠂ ᠬᠠᠮᠢᠶ᠎ᠠ ᠪᠥᠬᠦᠶ ᠫᠠᠶᠢᠰᠠ ᠦᠨᠡᠮᠯᠡᠯ ᠤᠨ ᠬᠥᠯᠥᠰᠦ ᠥᠷᠲᠡᠭ ᠤᠨ ᠵᠠᠷᠤᠳᠠᠯ ᠪᠠ ᠬᠠᠮᠢᠶ᠎ᠠ ᠪᠥᠬᠦᠶ ᠵᠠᠷᠤᠳᠠᠯ ᠢ ᠲᠤᠬᠠᠶ ᠶᠢᠨ ᠭᠠᠵᠠᠷ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃     ᠲᠠᠪᠤ᠂ ᠠᠵᠢᠯ ᠤᠨ ᠱᠠᠭᠠᠷᠳᠠᠯᠭ᠎ᠠ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠠᠩᠰᠠᠯᠠᠭᠤᠯᠤᠨ ᠲᠡᠮᠳᠡᠭᠯᠡᠭᠦᠯᠵᠦ ᠫᠠᠶᠢᠰᠠ ᠡᠯᠭᠦᠬᠦ ᠲᠤᠰᠬᠠᠶ ᠠᠵᠢᠯᠯᠠᠭ᠎ᠠ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠢ ᠪᠡᠶ᠎ᠡ ᠪᠠᠷ ᠢᠶᠠᠨ ᠵᠣᠬᠢᠶᠠᠨ ᠪᠠᠶᠢᠭᠤᠯᠵᠤ᠂ ᠲᠥᠰᠦᠯ ᠢ ᠰᠤᠳᠤᠯᠤᠨ ᠲᠣᠭᠲᠠᠭᠠᠵᠤ᠂ ᠤᠳᠤᠷᠢᠳᠬᠤ ᠳᠤᠭᠤᠶᠢᠯᠠᠩ ᠪᠠᠶᠢᠭᠤᠯᠤᠨ᠂ ᠪᠥᠬᠦ ᠲᠠᠯ᠎ᠠ ᠪᠠᠷ ᠳᠠᠶᠢᠴᠢᠯᠠᠨ ᠵᠣᠬᠢᠶᠠᠨ ᠪᠠᠶᠢᠭᠤᠯᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠤᠰᠬᠠᠶ ᠠᠵᠢᠯᠯᠠᠭ᠎ᠠ ᠶᠢᠨ ᠡᠯ᠎ᠡ ᠱᠠᠲᠤ ᠦᠶ᠎ᠡ ᠶᠢᠨ ᠭᠤᠤᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠰᠢᠯᠭᠠᠨ ᠬᠢᠨᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃     ︵ᠬᠤᠶᠠᠷ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠠᠯᠲᠠ ᠶᠢᠨ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ ᠪᠠᠷ ᠬᠥᠳᠡᠯᠦᠯᠴᠡᠵᠦ᠂ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠢᠶᠠᠨ ᠦᠳᠲᠡᠷ ᠲᠦᠷᠭᠡᠨ ᠥᠷᠨᠢᠭᠦᠯᠵᠦ᠂ ᠬᠤᠯᠪᠣᠭᠠᠯᠠᠨ ᠬᠥᠳᠡᠯᠦᠯᠴᠡᠬᠦ ᠦᠶᠯᠡᠳᠦᠯ ᠢ ᠪᠣᠶ ᠪᠣᠯᠭᠠᠬᠤ ᠬᠡᠷᠡᠭᠲᠡᠶ᠃ ᠠᠵᠢᠯ ᠨᠢ ᠤᠳᠠᠭᠠᠨ᠂ ᠠᠬᠢᠭᠤᠯᠤᠭᠰᠠᠨ ᠨᠢ ᠬᠦᠴᠦᠨ ᠥᠬᠡᠶ ᠠᠴᠠ ᠪᠣᠯᠵᠣ᠂ ᠳᠡᠭᠡᠳᠦ ᠱᠠᠲᠤᠨ ᠠᠴᠠ ᠵᠠᠷᠯᠠᠨ ᠮᠡᠳᠡᠭᠳᠡᠭᠰᠡᠨ ᠪᠤᠶᠤ ᠪᠦᠬᠦ᠋ᠢᠯᠡ ᠠᠵᠢᠯ ᠤᠨ ᠦᠷ᠎ᠡ ᠪᠦᠲᠦᠮᠵᠢ ᠶᠢ ᠨᠥᠯᠥᠭᠡᠯᠡᠭᠰᠡᠨ ᠪᠠᠶᠢᠪᠠᠯ᠂ ᠬᠠᠷᠢᠭᠤᠴᠠᠯᠭᠠᠲᠤ ᠤᠳᠤᠷᠢᠳᠤᠯᠭ᠎ᠠ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠬᠠᠷᠢᠭᠤᠴᠠᠯᠭ᠎ᠠ ᠨᠡᠬᠡᠮᠵᠢᠯᠡᠬᠦ ᠪᠠᠷ ᠳᠡᠪᠰᠢᠭᠦᠯᠦᠨ᠎ᠡ᠃     ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠨ᠎ᠡ᠃ ᠡᠯ᠎ᠡ ᠭᠠᠵᠠᠷ ᠤᠨ ᠬᠢᠨ ᠤᠬᠠᠭᠤᠯᠭ᠎ᠠ ᠪᠠᠷ ᠬᠥᠲᠥᠯᠦᠨ ᠳᠠᠭᠠᠭᠤᠯᠵᠤ᠂ ᠯᠠᠪᠳᠠᠭᠤᠨ ᠢᠶᠠᠷ ᠬᠡᠷᠡᠭᠵᠢᠭᠦᠯᠦᠨ᠂ ᠠᠵᠢᠯ ᠤᠨ ᠠᠷᠭ᠎ᠠ ᠮᠠᠶ᠋ᠢᠭ ᠪᠠᠨ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠫᠠᠶᠢᠰᠠ ᠡᠯᠭᠦᠬᠦ ᠥᠬᠡᠶ ᠲᠡᠷᠭᠡ ᠬᠥᠰᠬᠡ ᠶᠢᠨ ᠬᠠᠮᠢᠶᠠᠷᠤᠭᠴᠢ ᠶᠢ ᠤᠶᠢᠯᠠᠭᠠᠨ ᠳᠡᠮᠵᠢᠬᠦ ᠪᠠᠷ ᠴᠢᠷᠮᠠᠶᠢᠵᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠶᠢ ᠰᠢᠮᠳᠠᠭᠤᠯᠬᠤ ᠬᠡᠷᠡᠭᠲᠡᠶ᠃ ᠵᠠᠮ ᠤᠨ ᠬᠠᠮᠢᠶᠠᠷᠤᠯᠲᠠ ᠶᠢᠨ ᠳᠤᠮᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠦᠨᠳᠦᠰᠦᠯᠡᠨ᠂ ᠰᠤᠷᠭᠠᠨ ᠬᠥᠮᠦᠵᠢᠭᠦᠯᠬᠦ ᠪᠠ ᠰᠢᠳᠬᠡᠨ ᠲᠣᠷᠭᠠᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠲᠤᠭᠤᠰᠢᠯᠠᠭᠤᠯᠵᠤ᠂ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠶᠠᠪᠤᠴᠠ ᠳᠤ ᠵᠥᠷᠢᠴᠡᠯ ᠬᠤᠷᠴᠠᠳᠤᠭᠰᠠᠨ ᠠᠴᠠ ᠪᠣᠯᠵᠣ ᠨᠠᠵᠠᠭᠠᠶ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠃     ︵ᠳᠥᠷᠪᠡ︶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠯᠠᠭᠠᠶ ᠶᠢ ᠰᠡᠷᠭᠡᠶᠢᠯᠡᠨ ᠳᠠᠩᠰᠠᠯᠠᠭᠤᠯᠤᠨ ᠲᠡᠮᠳᠡᠭᠯᠡᠭᠦᠯᠵᠦ ᠫᠠᠶᠢᠰᠠ ᠡᠯᠭᠦᠬᠦ ᠪᠣᠯ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠭᠠᠵᠠᠷ ᠤᠨ ᠬᠤᠯᠠᠭᠠᠶᠢᠯᠠᠨ ᠳᠡᠭᠡᠷᠡᠮᠳᠡᠭᠰᠡᠨ ᠬᠡᠷᠡᠭ᠂ ᠵᠠᠮ ᠬᠠᠷᠢᠯᠴᠠᠭᠠᠨ ᠤ ᠠᠳᠡᠯ ᠠᠴᠠ ᠳᠤᠲᠠᠭᠠᠭᠰᠠᠨ ᠬᠡᠷᠡᠭ ᠢ ᠢᠯᠡᠷᠡᠭᠦᠯᠬᠦ ᠳᠤ ᠬᠦᠴᠦᠲᠡᠶ ᠳᠡᠮᠵᠢᠯᠭᠡ ᠦᠵᠡᠭᠦᠯᠳᠡᠭ᠂ ᠡᠯ᠎ᠡ ᠭᠠᠵᠠᠷ ᠤᠨ ᠬᠢᠨ ᠠᠵᠠ ᠲᠣᠬᠢᠶᠠᠯ ᠢ ᠠᠮᠵᠢᠵᠤ᠂ ᠠᠮᠤᠷ ᠲᠦᠪᠰᠢᠨ ᠤ ᠳᠤᠭᠤᠯᠠᠭ᠎ᠠ ᠵᠡᠭᠦᠭᠰᠡᠨ ᠦᠭᠡᠶ᠂ ᠲᠣᠭᠲᠠᠭᠠᠯ ᠶᠣᠰᠣᠭᠠᠷ ᠶᠠᠪᠤᠬᠤ ᠦᠭᠡᠶ᠂ ᠤᠯᠠᠭᠠᠨ ᠳ᠋ᠧᠩ ᠢ ᠳᠠᠭᠠᠷᠢᠭᠰᠠᠨ ᠵᠡᠷᠭᠡ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠠᠮᠠᠷᠬᠠᠨ ᠬᠡᠷᠡᠭ ᠭᠠᠷᠭᠠᠵᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠬᠦ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠠᠩᠬ᠎ᠠ ᠤᠳᠠᠭ᠎ᠠ ᠰᠡᠷᠡᠮᠵᠢ ᠥᠭᠬᠦ᠂ ᠤᠯᠠᠨ ᠤᠳᠠᠭ᠎ᠠ ᠬᠠᠤᠯᠢ ᠶᠢ ᠵᠥᠷᠢᠴᠡᠪᠡᠯ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢ ᠦᠨᠳᠦᠰᠦᠯᠡᠨ ᠰᠢᠳᠬᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠤᠨᠤᠵᠤ ᠰᠠᠭᠤᠵᠤ ᠪᠠᠶᠢᠭ᠎ᠠ ᠬᠦᠮᠦᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠨᠢᠭᠡ ᠪᠦᠯᠦᠭ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠯᠠᠭᠠᠶᠢᠯᠠᠨ ᠳᠡᠭᠡᠷᠡᠮᠳᠡᠭᠰᠡᠨ ᠬᠡᠷᠡᠭ ᠢ ᠬᠦᠴᠦᠯᠡᠨ ᠪᠠᠶᠢᠴᠠᠭᠠᠨ ᠰᠢᠶᠳᠪᠦᠷᠢᠯᠡᠬᠦ ᠶᠢᠨ ᠬᠠᠮᠲᠤ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠦᠷ᠎ᠡ ᠪᠦᠲᠦᠭᠡᠯ ᠢᠶᠠᠨ ᠪᠠᠲᠤᠳᠬᠠᠨ᠂ ᠴᠥᠬᠦᠷᠡᠰᠢ ᠦᠭᠡᠢ ᠪᠠᠶᠢᠩᠭᠤ ᠠᠳᠬᠤᠬᠤ ᠬᠡᠷᠡᠭᠲᠡᠶ᠃      ︵ᠲᠠᠪᠤ︶ ᠪᠠᠶᠢᠳᠠᠯ ᠢᠶᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ ᠲᠤᠬᠠᠶ ᠳᠤ ᠨᠢ ᠠᠵᠢᠯ ᠤᠨ ᠪᠠᠶᠢᠳᠠᠯ ᠢᠶᠠᠨ ᠳᠡᠭᠡᠭᠰᠢ ᠮᠡᠳᠡᠭᠦᠯᠬᠦ ᠪᠤᠶᠤ ᠬᠠᠷᠢᠭᠤ ᠲᠤᠰᠬᠠᠵᠤ᠂ ᠲᠤᠰᠬᠠᠶ ᠠᠵᠢᠯ ᠤᠨ ᠱᠠᠲᠤ ᠦᠶ᠎ᠡ ᠪᠦᠷᠢ ᠶᠢᠨ ᠠᠵᠢᠯ ᠳᠠᠭᠤᠰᠤᠭᠰᠠᠨ ᠤ ᠳᠠᠷᠠᠭ᠎ᠠ 2 ᠠᠵᠢᠯᠯᠠᠬᠤ ᠡᠳᠦᠷ ᠤᠨ ᠳᠣᠲᠣᠷ᠎ᠠ ᠠᠵᠢᠯ ᠤᠨ ᠵᠢᠵᠢᠭ ᠳ᠋ᠦᠩᠨᠡᠯᠲᠡ ᠪᠠᠨ ᠮᠡᠳᠡᠭᠦᠯᠦᠨ ᠬᠦᠷᠭᠡᠵᠦ᠂ ᠪᠥᠬᠦ ᠴᠡᠭᠴᠡᠯᠡᠨ ᠵᠠᠰᠠᠬᠤ ᠠᠵᠢᠯ ᠳᠠᠭᠤᠰᠤᠭᠰᠠᠨ ᠤ ᠳᠠᠷᠠᠭ᠎ᠠ ᠠᠵᠢᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠨᠢᠭᠡ ᠬᠠᠷᠢᠯᠴᠠᠬᠤ ᠬᠥᠮᠦᠨ ᠲᠣᠭᠲᠠᠭᠠᠵᠤ᠂ ᠮᠡᠳᠡᠭᠳᠡᠯ ᠪᠠᠭᠤᠯᠭᠠᠭᠰᠠᠨ ᠡᠳᠦᠷ ᠠᠴᠠ ᠡᠬᠢᠯᠡᠨ 2 ᠡᠳᠦᠷ ᠤᠨ ᠳᠣᠲᠣᠷ᠎ᠠ ᠲᠤᠰᠬᠠᠶ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠶ᠃                              ᠬᠠᠷᠢᠯᠴᠠᠬᠤ ᠬᠥᠮᠦᠨ᠄ ᠵᠠᠩ ᠰᠢ ᠳ᠋ᠦᠩ 15164737279                                    2022 ᠣᠨ ᠤ 6 ᠰᠠᠷ᠎ᠠ ᠶᠢᠨ 15                                   ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2