| ᠨᠢᠭᠡ ᠳᠤ ᠠᠯᠠᠰᠢᠨ ᠦᠬᠡᠷ ᠤᠨ ᠰᠦᠷᠦᠭ ᠢᠶᠠᠨ ᠥᠷᠭᠡᠳᠬᠡᠵᠦ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ᠃ 7 | ᠰᠠᠷ᠎ᠠ ᠶᠢᠨ ᠰᠡᠭᠦᠯᠴᠢ ᠪᠣᠯᠲᠠᠯ᠎ᠠ᠂ ᠹᠧᠩᠵᠧᠨ ᠬᠤᠳᠠ ᠶᠢᠨ ᠪᠦᠬᠦ ᠬᠤᠳᠠ ᠶᠢᠨ ᠢᠳᠡᠰᠢᠨ ᠦᠬᠡᠷ ᠤᠨ ᠲᠤᠭ᠎ᠠ 7.8 | ᠲᠦᠮᠡ ᠪᠠᠶᠢᠵᠤ᠂ 2021 ᠣᠨ ᠤ ᠰᠡᠭᠦᠯᠴᠢ ᠶᠢᠨ 7.16 ᠲᠦᠮᠡᠨ ᠦᠬᠡᠷ ᠠᠴᠠ 6400 ᠨᠡᠮᠡᠭᠳᠡᠵᠦ᠂ ᠵᠢᠯ ᠤᠨ | ᠳᠣᠲᠣᠷ᠎ᠠ 5329 ᠦᠬᠡᠷ ᠢ ᠭᠠᠳᠠᠨ᠎ᠠ ᠠᠴᠠ ᠬᠤᠳᠠᠯᠳᠤᠨ ᠠᠪᠴᠤ᠂ ᠥᠪᠡᠷ ᠢᠶᠠᠨ 14072 ᠦᠬᠡᠷ ᠢ | ᠦᠷᠡᠵᠢᠭᠦᠯᠵᠦ᠂ ᠤᠳᠤ 50 ᠠᠴᠠ ᠳᠡᠭᠡᠭᠰᠢᠬᠢ ᠢᠳᠡᠰᠢᠨ ᠦᠬᠡᠷ ᠦᠷᠡᠵᠢᠭᠦᠯᠬᠦ ᠲᠠᠯᠠᠪᠠᠢ ᠵᠢᠴᠢ 140 ᠲᠣᠮᠣ | ᠡᠷᠦᠬᠡ ᠶᠢ ᠪᠠᠶᠢᠭᠤᠯᠵᠤ᠂ 2 ᠲᠦᠮᠡᠨ ᠦᠬᠡᠷ ᠢ ᠲᠡᠵᠢᠭᠡᠨ ᠦᠷᠡᠵᠢᠭᠦᠯᠬᠦ ᠲᠠᠯᠠᠪᠠᠢ ᠶᠢ ᠪᠠᠶᠢᠭᠤᠯᠵᠤ ᠪᠤᠢ᠃ ᠵᠢᠯ ᠤᠨ | ᠡᠴᠦᠰ ᠲᠤ ᠠᠯᠠᠰᠢᠨ ᠦᠬᠡᠷ ᠤᠨ ᠲᠤᠭ᠎ᠠ 10 ᠲᠦᠮᠡ ᠶᠢᠨ ᠬᠠᠷᠠᠯᠲᠠ ᠶᠢ ᠪᠡᠶᠡᠯᠡᠭᠦᠯᠵᠦ ᠪᠣᠯᠣᠨ᠎ᠠ ︵ᠡᠭᠦᠨ ᠳᠤ | ᠰᠠᠭᠤᠷᠢ ᠡᠬᠡ ᠮᠠᠯ 5.5 ᠲᠦᠮᠡ ᠪᠣᠶ︶᠃ ᠡᠭᠦᠨ ᠤ ᠬᠠᠮᠲᠤ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠹᠧᠩ | ᠯᠦᠩ ᠺᠣᠮᠫᠠᠨᠢ ᠶᠢᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠲᠦᠴᠡ ᠶᠢ | ᠪᠡᠶᠡᠯᠡᠭᠦᠯᠦᠨ᠎ᠡ᠃ | ᠬᠤᠶᠠᠷ ᠲᠤ ᠠᠯᠠᠰᠢᠨ ᠬᠤᠨᠢᠨ ᠤ ᠶᠠᠰᠤ ᠴᠢᠨᠠᠷ ᠢ ᠰᠠᠶᠢᠵᠢᠷᠠᠭᠤᠯᠬᠤ ᠠᠵᠢᠯᠯᠠᠭ᠎ᠠ᠃ ᠣᠳᠣᠬᠠᠨ ᠳᠤ᠂ ᠪᠥᠬᠦ | ᠬᠤᠲᠠ ᠶᠢᠨ ᠠᠯᠠᠰᠢᠨ ᠬᠤᠨᠢᠨ ᠤ ᠲᠤᠭ᠎ᠠ 38.37 ᠲᠦᠮᠡ᠂ 500 ᠠᠴᠠ ᠳᠡᠭᠡᠭᠰᠢ ᠦᠷᠡᠵᠢᠭᠦᠯᠦᠨ | ᠪᠣᠶᠢᠵᠢᠭᠤᠯᠬᠤ ᠲᠠᠯᠠᠪᠠᠶ ᠵᠢᠴᠢ 8 ᠲᠣᠮᠣ ᠡᠷᠦᠬᠡ ᠪᠣᠶ᠂ ᠡᠭᠦᠨ ᠳᠤ᠂ ᠰᠠᠭᠠᠯᠢ ᠶᠢᠨ ᠬᠤᠨᠢᠨ ᠤ ᠲᠤᠭ᠎ᠠ 0.5 | ᠲᠦᠮᠡ ᠪᠠᠶᠢᠵᠤ᠂ ᠹᠧᠩᠵᠧᠨ ᠬᠤᠲᠠ ᠨᠢᠭᠡᠨᠲᠡ 2080 ᠲᠦᠮᠡᠨ ᠲᠥᠭᠦᠷᠢᠭ ᠤᠨ ᠲᠤᠰᠬᠠᠢ ᠵᠢᠭᠡᠯᠡᠯᠭᠡ ᠶᠢᠨ | ᠲᠡᠮᠳᠡᠭᠲᠦ ᠭᠤᠶᠤᠴᠢᠯᠠᠵᠤ᠂ ᠦᠢᠯᠡᠳᠪᠦᠷᠢ ᠶᠢᠨ ᠭᠡᠷ ᠪᠠᠶᠢᠰᠢᠩ᠂ ᠲᠥᠬᠦᠭᠡᠷᠦᠮᠵᠢ᠂ ᠰᠠᠭᠤᠷᠢ ᠲᠥᠬᠦᠭᠡᠷᠦᠮᠵᠢ | ᠵᠡᠷᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠲᠦᠷᠦᠭᠦᠬᠡᠨ ᠨᠢᠭᠡᠨᠲᠡ ᠲᠤᠰᠬᠠᠢ ᠰᠡᠳᠦᠪᠲᠦ ᠬᠤᠷᠠᠯ | ᠬᠤᠷᠠᠯᠳᠤᠭᠤᠯᠵᠤ᠂ ᠹᠧᠩᠵᠧᠨ ᠬᠤᠲᠠ ᠶᠢᠨ ᠰᠠᠭᠠᠯᠢ ᠶᠢᠨ ᠬᠤᠨᠢᠨ ᠤ ᠠᠵᠤ ᠦᠢᠯᠡᠰ ᠤᠨ ᠦᠷᠭᠦᠯᠵᠢᠯᠡᠨ | ᠪᠤᠵᠠᠭᠠᠶᠢᠷᠠᠨ ᠬᠦᠴᠦᠷᠬᠡᠭᠵᠢᠬᠦ ᠶᠢ ᠲᠦᠯᠬᠢᠨ ᠠᠬᠢᠭᠤᠯᠪᠠ᠃ | ᠭᠤᠷᠪᠠ ᠳᠤ᠂ ᠭᠠᠭ᠋ᠠᠢ ᠶᠢᠨ ᠭᠠᠷᠭᠠᠯᠳᠠ ᠶᠢᠨ ᠴᠢᠳᠠᠪᠤᠷᠢ ᠶᠢ ᠲᠣᠭᠲᠠᠪᠤᠷᠢᠵᠢᠭᠤᠯᠬᠤ ᠠᠵᠢᠯᠯᠠᠭ᠎ᠠ᠃ | ᠣᠳᠣᠬᠠᠨ ᠳᠤ ᠹᠧᠩᠵᠧᠨ ᠪᠥᠬᠦ ᠬᠤᠲᠠ ᠳᠤ 9.5 ᠲᠦᠮᠡᠨ ᠭᠠᠭ᠋ᠠᠢ ᠶᠢᠨ ᠲᠤᠭ᠎ᠠ ᠲᠡᠵᠢᠭᠡᠵᠦ ᠪᠠᠶᠢᠨ᠎ᠠ᠂ ᠡᠭᠦᠨ ᠤ | ᠳᠣᠲᠣᠷ᠎ᠠ ᠦᠷᠡᠵᠢᠵᠦ ᠳᠡᠶᠢᠯᠬᠦ ᠮᠡᠭᠡᠵᠢ ᠶᠢᠨ ᠲᠤᠭ᠎ᠠ 0.85 ᠲᠦᠮᠡ ᠪᠠᠶᠢᠵᠤ᠂ ᠨᠢᠭᠡᠨᠲᠡ 5.7 ᠲᠦᠮᠡᠨ ᠭᠠᠭ᠋ᠠᠢ | ᠭᠠᠷᠭᠠᠵᠤ᠂ ᠵᠢᠯ ᠳᠤ 10 ᠲᠦᠮᠡ ᠠᠴᠠ ᠳᠡᠭᠡᠭᠰᠢ ᠭᠠᠭ᠋ᠠᠢ ᠶᠢᠨ ᠲᠤᠭ᠎ᠠ ᠭᠠᠷᠭᠠᠵᠤ ᠪᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |