8 ᠰᠠᠷ᠎ᠠ ᠶᠢᠨ 3 ᠤ ᠡᠳᠦᠷ᠂ ᠰᠢᠩ ᠾᠧ ᠰᠢᠶᠠᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ | 7 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ | ᠬᠤᠷᠠᠯ ᠠᠴᠠ᠂ ᠣᠶᠢᠷ᠎ᠠ ᠳᠤ ᠡᠷᠭᠢᠨ ᠲᠣᠭᠤᠷᠢᠨ ᠤ ᠬᠤᠰᠢᠭᠤ ᠰᠢᠶᠠᠨ ᠳᠤ ᠠᠷᠭ᠎ᠠ ᠴᠢᠨᠠᠷᠲᠠᠢ ᠡᠪᠡᠳᠴᠢᠨ ᠤ | ᠵᠢᠱᠢᠶ᠎ᠡ ᠢᠯᠡᠷᠡᠵᠦ᠂ ᠡᠬᠢ ᠡᠭᠦᠰᠦᠯ ᠢ ᠨᠢ ᠬᠠᠷᠠᠬᠠᠨ ᠲᠣᠳᠣᠷᠬᠠᠢ ᠮᠡᠳᠡᠭᠡᠳᠦᠢ᠂ ᠡᠯ᠎ᠡ ᠰᠠᠯᠠᠭ᠎ᠠ ᠮᠥᠴᠢᠷ ᠤᠨ ᠬᠢᠨ | ᠣᠳᠣᠬᠠᠨ ᠳᠤ ᠲᠤᠯᠭᠠᠷᠠᠵᠤ ᠪᠠᠶᠢᠭ᠎ᠠ ᠨᠠᠷᠢᠨ ᠪᠤᠳᠤᠯᠢᠶᠠᠨᠲᠠᠢ ᠪᠠᠶᠢᠳᠠᠯ ᠢ ᠭᠦᠢᠴᠡᠳ ᠲᠠᠨᠢᠵᠤ᠂ ᠲᠦᠷᠪᠡᠨ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠪᠣᠯᠣᠨ ᠠᠵᠠ ᠵᠠᠪᠰᠢᠶᠠᠨ ᠢ | ᠡᠷᠢᠬᠦ ᠰᠡᠳᠬᠢᠴᠡ ᠶᠢ ᠡᠷᠡᠰ ᠲᠡᠪᠴᠢᠵᠦ᠂ ᠲᠠᠶᠢᠨ ᠳᠤ ᠪᠡᠯᠡᠳᠬᠡᠬᠦ ᠪᠠᠶᠢᠳᠠᠯ ᠢ ᠳᠠᠷᠤᠶᠢᠬᠠᠨ ᠡᠬᠢᠯᠡᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ | ᠰᠠᠶᠢᠲᠤᠷ ᠠᠳᠬᠤᠵᠤ᠂ ᠠᠵᠢᠯ ᠤᠨ ᠡᠭᠦᠷᠭᠡ ᠶᠢ ᠲᠠᠬᠢᠨ ᠡᠮᠬᠢᠯᠡᠵᠦ᠂ ᠠᠵᠢᠯ ᠤᠨ ᠠᠷᠭ᠎ᠠ ᠬᠡᠮᠵᠢᠶ᠎ᠡ ᠶᠢ ᠲᠠᠬᠢᠨ | ᠨᠠᠷᠢᠯᠢᠭᠵᠢᠭᠤᠯᠵᠤ᠂ ᠣᠨᠴᠠᠭᠠᠶᠢᠯᠠᠨ ᠬᠢᠵᠢᠭ ᠢ ᠰᠡᠷᠭᠡᠶᠢᠯᠡᠬᠦ ᠡᠳ᠋ ᠪᠣᠳᠠᠰ᠂ ᠲᠤᠰᠠᠭᠠᠷᠯᠠᠬᠤ ᠲᠠᠯᠠᠪᠤᠷ᠂ ᠬᠥᠮᠥᠨ ᠤ | ᠡᠩᠨᠡᠭᠡ ᠵᠢᠴᠢ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ ᠴᠢᠳᠠᠪᠤᠷᠢ ᠶᠢ ᠪᠠᠲᠤᠯᠠᠬᠤ ᠪᠠ | ᠨᠠᠶᠢᠳᠠᠪᠤᠷᠢᠵᠢᠭᠤᠯᠬᠤ ᠶᠢ ᠰᠠᠶᠢᠲᠤᠷ ᠬᠢᠵᠦ᠂ ᠪᠡᠯᠡᠳᠬᠡᠯ ᠲᠠᠢ ᠪᠠᠶᠢᠪᠠᠯ ᠪᠠᠯᠠᠳᠠᠬᠤ ᠦᠭᠡᠢ ᠪᠠᠶᠢᠬᠤ ᠶᠢ ᠪᠡᠶᠡᠯᠡᠭᠦᠯᠬᠦ | ᠬᠡᠷᠡᠭᠲᠡᠢ ᠭᠡᠵᠤ ᠵᠢᠭᠠᠵᠤ ᠭᠠᠷᠭᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |