ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠵᠠᠩ ᠸᠧᠶ ᠰᠢᠩ ᠮᠠᠨ ᠤ ᠬᠤᠲᠠ ᠳᠤ ᠵᠡᠮᠳᠡᠭᠴᠦᠳ ᠤᠨ ᠡᠷᠡᠭᠦᠯᠵᠢᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/1
    8 ᠰᠠᠷ᠎ᠠ ᠶᠢᠨ 30 ᠤ ᠡᠳᠦᠷ ᠠᠴᠠ 31 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠵᠠᠩ ᠸᠧᠶ ᠰᠢᠩ ᠮᠠᠨ ᠤ ᠬᠤᠲᠠ ᠳᠤ ᠢᠷᠡᠵᠦ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡ᠂ ᠵᠡᠮᠳᠡᠭ ᠬᠡᠤᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠯᠲᠠ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ᠂ ᠵᠡᠮᠳᠡᠭᠴᠦᠳ ᠲᠤ ᠠᠵᠢᠯ ᠣᠯᠭᠤᠵᠤ ᠲᠥᠪᠬᠢᠨᠡᠭᠦᠯᠬᠦ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠭᠰᠠᠨ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡ ᠶᠢ ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠬᠤ ᠠᠵᠢᠯ ᠤᠨ ᠲᠤᠬᠠᠶ ᠵᠢᠯᠣᠭᠤᠳᠣᠯᠭ᠎ᠠ ᠬᠢᠭᠰᠡᠨ ᠪᠠᠶᠢᠨ᠎ᠠ᠃    ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠲᠦᠩ ᠭᠦᠸᠧ ᠴᠢᠩ᠂ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠵᠢᠶᠠ ᠫᠧᠩ᠂ ᠬᠤᠳᠠ ᠶᠢᠨ ᠤᠳᠤᠷᠢᠳᠤᠯᠭ᠎ᠠ ᠴᠢᠶᠣᠤ ᠶᠦᠨ ᠯᠢ᠂ ᠯᠢᠦ ᠭᠦᠸᠧ ᠭᠠᠩ᠂ ᠯᠢ ᠵᠢᠶᠠᠨ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠵᠠᠩ ᠸᠧᠶ ᠰᠢᠩ ᠵᠦᠸᠧᠽᠢ ᠰᠢᠶᠠᠨ ᠤ ᠥᠪᠥᠷ ᠮᠣᠩᠭᠤᠯ ᠤᠨ ᠹᠸᠢ ᠮᠧᠩ ᠵᠡᠮᠳᠡᠭᠴᠦᠳ ᠤᠨ ᠰᠦᠯᠵᠢᠶᠡᠨ ᠤ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ᠂ ᠬᠤᠲᠠ ᠶᠢᠨ ᠵᠡᠮᠳᠡᠭᠴᠦᠳ ᠤᠨ ᠡᠷᠡᠭᠦᠯᠵᠢᠯ ᠤᠨ ᠲᠥᠪ᠂ ᠤᠯᠠᠭᠠᠨᠴᠠᠪ ᠬᠤᠲᠠ ᠶᠢᠨ ᠳ᠋ᠠ ᠨᠦᠸᠧ ᠵᠡᠮᠳᠡᠭᠴᠦᠳ ᠢ ᠲᠤᠰᠠᠯᠠᠵᠤ ᠬᠦᠰᠡᠯ ᠢ ᠨᠢ ᠲᠡᠷᠭᠡᠯᠰᠢᠭᠦᠯᠬᠦ ᠦᠢᠯᠡᠴᠢᠯᠡᠭᠡᠨ ᠤ ᠲᠥᠪ᠂ ︽ᠰᠢ ᠬᠠᠨ ᠡᠯ︾ ᠮᠠᠰᠢᠨ ᠲᠡᠷᠭᠡ ᠤᠬᠢᠶᠠᠬᠤ ᠲᠥᠪ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠵᠡᠮᠳᠡᠭᠴᠦᠳ ᠤᠨ ᠡᠷᠡᠭᠦᠯᠵᠢᠯ ᠤᠨ ᠠᠪᠤᠷᠠᠨ ᠲᠤᠰᠠᠯᠠᠯᠲᠠ ᠳᠤᠮᠳᠠᠬᠢ ᠡᠷᠡᠭᠦᠯᠵᠢᠯ ᠤᠨ ᠡᠮᠴᠢᠯᠡᠭᠡᠨ ᠤ ᠲᠥᠷᠥᠯ ᠵᠦᠢᠯ ᠤᠨ ᠠᠭᠤᠯᠭ᠎ᠠ᠂ ᠡᠷᠡᠭᠦᠯᠵᠢᠯ ᠤᠨ ᠦᠷ᠎ᠡ ᠪᠦᠲᠦᠮᠵᠢ᠂ ᠡᠷᠡᠭᠦᠯᠵᠢᠯ ᠤᠨ ᠵᠠᠷᠤᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠡᠷᠭᠡ ᠵᠡᠮᠳᠡᠭᠴᠦᠳ ᠤᠨ ᠠᠵᠢᠯ ᠣᠯᠭᠤᠯᠲᠠ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠲᠤᠬᠠᠶ ᠨᠠᠷᠢᠨ ᠨᠢᠮᠪᠠᠶ ᠯᠠᠪᠯᠠᠨ ᠠᠰᠠᠭᠤᠵᠤ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠲᠤᠰᠠᠯᠠᠬᠤ ᠪᠠᠭᠠᠵᠢ ᠬᠡᠷᠡᠭᠰᠡᠯ ᠤᠨ ᠳᠣᠭᠢᠷᠠᠬᠤ ᠦᠢᠯᠡᠴᠢᠯᠡᠭᠡ᠂ ᠪᠠᠶᠢᠭᠤᠯᠤᠮᠵᠢ ᠶᠢᠨ ᠠᠵᠢᠯᠯᠠᠭᠠᠨ ᠤ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠬᠤ ᠶᠢᠨ ᠬᠠᠮᠲᠤ ᠵᠡᠮᠳᠡᠭᠴᠦᠳ᠂ ᠵᠡᠮᠳᠡᠭᠴᠦᠳ ᠤᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠰᠠᠨᠠᠯ ᠰᠠᠨᠠᠭᠤᠯᠭ᠎ᠠ ᠶᠢ ᠰᠣᠨᠣᠰᠪᠠ᠃    ᠵᠠᠩ ᠸᠧᠶ ᠰᠢᠩ᠂ ᠶᠡᠷᠦᠩᠬᠡᠶ ᠱᠦᠵᠢ ᠰᠢ ᠶᠢᠨ ᠫᠢᠩ ᠤᠨ ᠵᠡᠮᠳᠡᠭᠴᠦᠳ ᠤᠨ ᠦᠢᠯᠡᠰ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠦᠢᠯᠡᠰ ᠢ ᠨᠡᠶᠢᠭᠡᠮ ᠤᠨ ᠴᠢᠬᠤᠯᠠ ᠦᠢᠯᠡᠰ ᠪᠣᠯᠭᠠᠨ ᠬᠥᠭᠵᠢᠯᠲᠡ ᠶᠢᠨ ᠶᠡᠭᠡ ᠲᠠᠯ᠎ᠠ ᠳᠤ ᠣᠷᠣᠭᠤᠯᠤᠨ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠲᠦᠷᠢᠮ ᠢ ᠲᠠᠰᠤᠷᠠᠯᠲᠠ ᠥᠬᠡᠶ ᠪᠦᠷᠢᠨᠰᠢᠬᠦᠯᠵᠦ᠂ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠶᠡᠭᠡ ᠪᠠᠷ ᠳᠥᠯᠭᠢᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠶ᠃ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡ ᠶᠢ ᠴᠢᠩᠭᠠᠳᠬᠠᠵᠤ᠂ ᠥᠷᠭᠡᠨ ᠣᠯᠠᠨ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠬᠡᠷᠡᠭᠯᠡᠵᠦ ᠪᠠᠶᠢᠭ᠎ᠠ ᠪᠠᠶᠢᠳᠠᠯ ᠢ ᠤᠯᠠᠮ ᠨᠢᠭᠡ ᠠᠯᠬᠤᠮ ᠡᠵᠡᠮᠰᠢᠵᠦ᠂ ᠵᠡᠮᠳᠡᠭᠴᠦᠳ ᠲᠤ ᠵᠣᠬᠢᠴᠠᠬᠤ ᠴᠢᠨᠠᠷᠲᠠᠶ ᠪᠣᠯᠪᠠᠰᠤᠷᠠᠯ ᠤᠨ ᠵᠢᠯᠣᠭᠤᠳᠣᠯᠭ᠎ᠠ ᠶᠢ ᠦᠨᠡᠨᠬᠦ ᠬᠠᠩᠭᠠᠬᠤ ᠶᠢᠨ ᠬᠠᠮᠲᠤ ᠵᠠᠭᠤᠴᠢᠯᠠᠭᠤᠷ᠂ ᠨᠡᠶᠢᠭᠡᠮ ᠤᠨ ᠬᠦᠴᠦᠨ ᠢ ᠳᠠᠶᠢᠴᠢᠯᠠᠬᠤ ᠵᠡᠷᠭᠡ ᠠᠷᠭ᠎ᠠ ᠵᠠᠮ ᠢ ᠠᠰᠢᠭᠯᠠᠨ ᠲᠤᠰᠠᠯᠠᠬᠤ ᠪᠠᠭᠠᠵᠢ ᠬᠡᠷᠡᠭᠰᠡᠯ ᠤᠨ ᠬᠡᠷᠡᠭᠯᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠰᠠᠶᠢᠲᠤᠷ ᠥᠷᠨᠢᠭᠦᠯᠵᠦ᠂ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠲᠥᠬᠦᠮ ᠣᠶᠢᠯᠠᠭᠠᠮᠵᠢᠲᠠᠶ᠂ ᠠᠮᠢᠳᠤᠷᠠᠯ ᠳᠤ ᠣᠶᠢᠷᠠᠲᠤᠭᠤᠯᠵᠤ᠂ ᠣᠯᠠᠨ ᠨᠡᠶᠢᠲᠡ ᠶᠢᠨ ᠲᠤᠰᠠᠯᠠᠬᠤ ᠪᠠᠭᠠᠵᠢ ᠬᠡᠷᠡᠭᠰᠡᠯ ᠤᠨ ᠲᠤᠬᠠᠶ ᠲᠠᠨᠢᠯᠲᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠵᠡᠮᠳᠡᠭᠴᠦᠳ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠠᠪᠰᠤᠷᠤᠨ ᠲᠡᠳᠬᠦᠬᠦ᠂ ᠨᠥᠬᠦᠪᠥᠷᠢ ᠥᠭᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠵᠡᠮᠳᠡᠭᠴᠦᠳ ᠤᠨ ᠠᠵᠢᠯ ᠤᠯᠬᠤ ᠬᠦᠰᠡᠯ ᠢ ᠪᠡᠶᠡᠯᠡᠭᠦᠯᠵᠦ᠂ ᠵᠡᠮᠳᠡᠭᠴᠦᠳ ᠤᠨ ᠲᠣᠭᠲᠠᠭᠤᠨ ᠢᠶᠠᠷ ᠠᠵᠢᠯ ᠤᠯᠬᠤ ᠶᠢ ᠪᠠᠲᠤᠯᠠᠵᠤ᠂ ᠵᠡᠮᠳᠡᠭᠴᠦᠳ ᠵᠢᠴᠢ ᠲᠡᠳᠡᠨ ᠤ ᠬᠡᠷ ᠪᠦᠯᠢ ᠶᠢ ᠬᠠᠪᠰᠤᠷᠤᠨ ︽ᠵᠣᠯ ᠵᠢᠷᠭᠠᠯ ᠤᠨ ᠡᠭᠦᠳᠡ︾ ᠶᠢ ᠨᠡᠭᠡᠭᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2