ᠵᠦᠸᠧᠽᠢ ᠰᠢᠶᠠᠨ ᠤ ᠬᠢᠨ ᠲᠠᠷᠢᠶᠠᠴᠢᠳ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦ ᠶᠢᠨ ᠪᠠᠲᠤᠯᠠᠪᠤᠷᠢ ᠶᠢᠨ ᠠᠵᠢᠯ ᠢ ᠤᠷᠢᠳᠴᠢᠯᠠᠨ ᠲᠥᠰᠥᠪᠯᠡᠪᠡ
ᠨᠡᠶᠢᠲᠡᠯᠡᠭᠰᠡᠨ ᠴᠠᠭ᠄
2022/9/1
    ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠵᠦᠸᠧᠽᠢ ᠰᠢᠶᠠᠨ ᠤ ᠬᠢᠨ 2021 ᠣᠨ ᠳᠤ ᠰᠡᠳᠬᠢᠯ ᠳᠤᠯᠠᠭᠠᠴᠠᠭᠤᠯᠬᠤ ᠨᠡᠭᠦᠷᠡᠰᠦ ᠲᠠᠷᠬᠠᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠠᠶᠢᠭᠤᠯᠤᠯ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 2022 ᠣᠨ ᠤ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠠᠵᠢᠯ ᠢ ᠤᠷᠢᠳᠴᠢᠯᠠᠨ ᠲᠥᠯᠥᠪᠯᠡᠵᠦ ᠪᠠᠶᠢᠨ᠎ᠠ᠃     ᠨᠢᠭᠡ᠂ ᠰᠠᠭᠤᠷᠢ ᠲᠤᠭ᠎ᠠ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ     ᠡᠯ᠎ᠡ ᠰᠢᠶᠠᠩ ᠪᠠᠯᠭᠠᠰᠤ ᠪᠣᠯᠣᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠢᠨ 2022 ᠣᠨ ᠤ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢᠨ ᠪᠠᠶᠢᠳᠠᠯ ᠢ ᠪᠠᠶᠢᠴᠠᠭᠠᠨ ᠣᠶᠢᠯᠠᠭᠠᠬᠤ ᠠᠵᠢᠯ ᠢ ᠤᠷᠢᠳᠴᠢᠯᠠᠨ ᠥᠷᠨᠢᠭᠦᠯᠵᠦ᠂ ᠨᠢᠭᠡᠳᠦᠯᠲᠡᠢ ᠬᠦᠰᠦᠨᠦᠭ ᠵᠣᠬᠢᠶᠠᠬᠤ ᠪᠠᠷ ᠳᠠᠮᠵᠢᠭᠤᠯᠵᠤ᠂ 2022 ᠣᠨ ᠤ ᠪᠦᠬᠦ ᠰᠢᠶᠠᠨ ᠤ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢᠨ ᠲᠤᠭ᠎ᠠ ᠬᠡᠮᠵᠢᠶ᠎ᠡ᠂ ᠲᠤᠲᠠᠭᠳᠠᠵᠤ ᠪᠠᠶᠢᠭ᠎ᠠ ᠲᠤᠭ᠎ᠠ ᠬᠡᠮᠵᠢᠶ᠎ᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠦᠨᠳᠦᠰᠦᠨ ᠪᠠᠶᠢᠳᠠᠯ ᠢ ᠣᠨᠣᠪᠴᠢᠲᠠᠢ ᠪᠦᠷᠢᠳᠬᠡᠪᠡ᠃ ᠣᠳᠣᠬᠠᠨ ᠳᠤ᠂ ᠵᠦᠸᠧᠽᠢ ᠰᠢᠶᠠᠨ ᠤ ᠬᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠠᠲᠤᠯᠠᠪᠤᠷᠢ ᠳᠤ ᠬᠡᠷᠡᠭᠯᠡᠬᠦ ᠨᠡᠭᠦᠷᠡᠰᠦ ᠶᠢ ᠨᠡᠶᠢᠲᠡ 16560 ᠲᠠᠷᠢᠶᠠᠴᠢᠨ ᠡᠷᠦᠬᠡ ᠳᠤ ᠬᠤᠯᠪᠣᠭᠳᠠᠭᠤᠯᠵᠤ᠂ ᠨᠡᠭᠦᠷᠡᠰᠦᠨ ᠤ ᠶᠡᠷᠦᠩᠬᠡᠢ ᠬᠡᠷᠡᠭᠴᠡᠭᠡᠨ ᠤ ᠬᠡᠮᠵᠢᠶ᠎ᠡ ᠶᠢ 26194.5 ᠲᠣᠨ ᠪᠣᠯᠭᠠᠬᠤ ᠪᠠᠷ ᠲᠣᠭᠲᠠᠭᠠᠪᠠ᠃     ᠬᠤᠶᠠᠷ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ     2021 ᠣᠨ ᠤ ᠰᠡᠳᠬᠢᠯ ᠳᠤᠯᠠᠭᠠᠴᠠᠭᠤᠯᠬᠤ ᠨᠡᠭᠦᠷᠡᠰᠦᠨ ᠤ ᠶᠠᠰᠤ ᠴᠢᠨᠠᠷ ᠤᠨ ᠠᠰᠠᠭᠤᠳᠠᠯ ᠳᠤ ᠴᠢᠭᠯᠡᠭᠦᠯᠦᠨ ᠂ ᠵᠦᠸᠧᠽᠢ ᠰᠢᠶᠠᠨ ᠤ ᠬᠢᠨ ᠠᠯᠳᠠᠭᠳᠠᠯ ᠢ ᠪᠦᠬᠦ ᠲᠠᠯ᠎ᠠ ᠪᠠᠷ ᠪᠠᠶᠢᠴᠠᠭᠠᠵᠤ ᠳᠤᠲᠠᠭᠤ ᠶᠢ ᠨᠥᠬᠦᠪᠦᠷᠢᠯᠡᠵᠦ᠂ ᠵᠥᠪᠯᠡᠯᠴᠡᠭᠡᠷ ᠲᠣᠭᠲᠠᠭᠰᠠᠨ ᠨᠡᠭᠦᠷᠡᠰᠦᠨ ᠠᠭᠤᠷᠬᠠᠢ ᠳᠤ ᠨᠠᠷᠢᠨ ᠨᠢᠭᠲᠠ ᠰᠢᠨᠵᠢᠯᠡᠨ ᠪᠠᠶᠢᠴᠠᠭᠠᠯᠲᠠ ᠬᠢᠭᠰᠡᠨ ᠪᠥᠭᠡᠳ ᠨᠡᠭᠦᠷᠡᠰᠦᠨ ᠠᠭᠤᠷᠬᠠᠢ ᠶᠢᠨ ᠭᠠᠷᠤᠯᠲᠠ ᠪᠣᠯᠣᠨ ᠶᠠᠰᠤ ᠴᠢᠨᠠᠷ ᠢ ᠪᠣᠳᠠᠲᠠᠢ ᠭᠠᠵᠠᠷ ᠲᠤᠨᠢ ᠪᠠᠶᠢᠴᠠᠭᠠᠵᠤ᠂ ᠬᠢᠷᠢ ᠲᠡᠩᠴᠡᠬᠦ ᠦᠭᠡᠢ ᠨᠡᠭᠦᠷᠡᠰᠦᠨ ᠤ ᠠᠷᠠᠳ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠶᠢ ᠡᠷᠡᠰ ᠬᠤᠷᠢᠭᠯᠠᠪᠠ᠃     ᠭᠤᠷᠪᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ     ᠲᠣᠰᠬᠤᠨ ᠤ ᠬᠤᠶᠠᠷ ᠵᠥᠪᠯᠡᠯ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠵᠡᠷᠭᠡ ᠪᠠᠷ ᠳᠠᠮᠵᠢᠭᠤᠯᠤᠨ᠂ ᠡᠪᠦᠯ ᠤᠨ ᠤᠯᠠᠷᠢᠯ ᠤᠨ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠭᠥᠯᠢᠶᠡᠨ ᠠᠪᠤᠭᠴᠢᠳ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠡᠵᠡᠮᠰᠢᠵᠦ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠠᠵᠢᠯ ᠤᠨ ᠪᠥᠬᠦ ᠶᠠᠪᠤᠴᠠ ᠶᠢ ᠢᠯᠡ ᠲᠣᠳᠣ ᠪᠠᠶᠢᠯᠭᠠᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠳᠤ ᠨᠠᠮ ᠪᠠ ᠵᠠᠰᠠᠭ ᠤᠨ ᠣᠷᠳᠣᠨ ᠤ ᠬᠦᠷᠭᠡᠵᠦ ᠢᠷᠡᠭᠰᠡᠨ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠬᠦ ᠬᠡᠷᠡᠭᠲᠡᠢ᠃                                      ᠤᠷᠴᠢᠭᠤᠯᠤᠭᠴᠢ᠄ ᠬᠦᠰᠡᠯ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2