ᠮᠠᠨ ᠤ ᠬᠤᠲᠠ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠪᠠᠶᠢᠭᠤᠯᠤᠮᠵᠢ ᠶᠢᠨ 2022 ᠣᠨ ᠤ ᠳᠡᠭᠡᠳᠦ ᠳᠠᠪᠬᠤᠷᠭ᠎ᠠ ᠶᠢᠨ ︽ᠲᠠᠷᠢᠬᠢ ᠲᠣᠯᠣᠭᠠᠢ ᠶᠢᠨ ᠰᠢᠭᠤᠷᠭ᠎ᠠ︾ ᠶᠢᠨ ᠲᠤᠬᠠᠶᠢᠯᠠᠭᠰᠠᠨ ᠠᠵᠢᠯ ᠤᠨ ᠰᠣᠯᠢᠯᠴᠠᠭᠠᠨ ᠤ ᠬᠤᠷᠠᠯ ᠳᠥᠷᠪᠡᠳ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2022/9/13
    9 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠬᠤᠲᠠ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠪᠠᠶᠢᠭᠤᠯᠤᠮᠵᠢ ᠶᠢᠨ 2022 ᠣᠨ ᠤ ᠳᠡᠭᠡᠳᠦ ᠳᠠᠪᠬᠤᠷᠭ᠎ᠠ ᠶᠢᠨ ︽ᠲᠠᠷᠢᠬᠢ ᠲᠣᠯᠣᠭᠠᠢ ᠶᠢᠨ ᠰᠢᠭᠤᠷᠭ᠎ᠠ︾ ᠶᠢᠨ ᠲᠤᠬᠠᠶᠢᠯᠠᠭᠰᠠᠨ ᠠᠵᠢᠯ ᠤᠨ ᠰᠣᠯᠢᠯᠴᠠᠭᠠᠨ ᠤ ᠬᠤᠷᠠᠯ ᠳᠥᠷᠪᠡᠳ ᠬᠤᠰᠢᠭᠤᠨ ᠳᠤ   ᠬᠤᠷᠠᠯᠳᠤᠪᠠ᠃ ᠪᠥᠬᠦ ᠬᠤᠲᠠ ᠶᠢᠨ ᠪᠠᠭᠲᠠᠭᠠᠮᠵᠢ ᠪᠠᠷ ᠬᠠᠮᠤᠭ ᠤᠨ ᠶᠡᠭᠡ᠂ ᠪᠠᠶᠢᠭᠤᠯᠤᠮᠵᠢ ᠪᠠᠷ ᠬᠠᠮᠤᠭ ᠤᠨ ᠣᠯᠠᠨ᠂ ᠬᠠᠮᠤᠷᠬᠤ ᠬᠡᠪᠴᠢᠶ᠎ᠡ ᠪᠠᠷ ᠬᠠᠮᠤᠭ ᠤᠨ ᠥᠷᠭᠡᠨ ᠬᠠᠮᠲᠤᠷᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠤᠯᠠᠭᠠᠨᠴᠠᠪ ᠤᠨ ᠬᠥᠳᠡᠭᠡ ᠲᠣᠰᠬᠤᠨ ᠤ ᠢᠲᠡᠭᠡᠮᠵᠢ ᠶᠢᠨ ᠪᠠᠶᠢᠭᠤᠯᠤᠮᠵᠢ ᠨᠤᠭᠤᠳ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠳᠤ ᠠᠩᠬᠠᠷᠤᠯ ᠢᠶᠠᠨ ᠲᠥᠪᠯᠡᠷᠡᠭᠦᠯᠬᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠲᠠᠯ᠎ᠠ ᠪᠠᠷ ᠮᠥᠩᠭᠦᠨ ᠭᠦᠢᠯᠭᠡᠭᠡᠨ ᠤ ᠭᠤᠣᠯ ᠬᠦᠴᠦᠨ ᠤ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ᠃     ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠩᠬᠢ᠂ ᠤᠯᠠᠨ ᠲᠦᠮᠡᠨ ᠤ ᠪᠠᠩᠬᠢ᠂ ᠭᠡᠷ ᠤᠨ ᠡᠭᠦᠳᠡᠨ ᠳᠠᠬᠢ ᠪᠠᠩᠬᠢ ᠪᠣᠯᠤᠭᠰᠠᠨ ᠤ ᠬᠤᠪᠢ ᠳᠤ᠂ ᠤᠯᠠᠭᠠᠨᠴᠠᠪ ᠤᠨ 11 ᠬᠥᠳᠡᠭᠡ ᠲᠣᠰᠬᠤᠨ ᠤ ᠢᠲᠡᠭᠡᠮᠵᠢ ᠶᠢᠨ ᠪᠠᠶᠢᠭᠤᠯᠤᠮᠵᠢ ᠰᠠᠨᠠᠭᠠᠴᠢᠯᠠᠭ᠎ᠠ ᠠᠴᠠ ᠪᠠᠨ ᠣᠷᠣᠨ ᠨᠤᠲᠤᠭ ᠤᠨ ᠵᠠᠰᠠᠭ ᠤᠨ ᠣᠷᠳᠣᠨ ᠳᠤ ᠦᠢᠯᠡᠴᠢᠯᠡᠵᠦ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠳᠠᠭᠠᠭᠠᠴᠢᠯᠠᠨ ᠬᠠᠷᠢᠯᠴᠠᠬᠤ ᠰᠠᠭᠤᠭᠠᠯᠢ ᠲᠣᠭᠤᠷᠢᠭ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠵᠢᠱᠢᠶ᠎ᠡ ᠦᠵᠡᠭᠦᠯᠬᠦ᠂ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ᠂ ᠪᠦᠬᠦ ᠨᠡᠶᠢᠭᠡᠮ ᠤᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃     ᠲᠤᠰ ᠤᠳᠠᠭᠠᠨ ᠤ ᠳᠡᠭᠡᠳᠦ ᠳᠠᠪᠬᠤᠷᠭ᠎ᠠ ᠶᠢᠨ ︽ᠳᠡᠷᠢᠬᠢ ᠳᠤᠯᠤᠭᠠᠢ ᠶᠢᠨ ᠰᠢᠭᠤᠷᠭ᠎ᠠ︾᠂ 11 ᠬᠥᠳᠡᠭᠡ ᠲᠣᠰᠬᠤᠨ ᠤ ᠢᠲᠡᠭᠡᠮᠵᠢ ᠶᠢᠨ ᠪᠠᠶᠢᠭᠤᠯᠤᠮᠵᠢ ᠶᠢᠨ ︽ᠦᠨᠳᠦᠰᠦᠨ ᠱᠠᠲᠤᠨ ᠳᠤ ᠦᠨᠳᠦᠰᠦᠯᠡᠵᠦ᠂ ᠪᠣᠳᠠᠲᠠᠢ ᠳᠤ ᠰᠠᠭᠤᠷᠢᠯᠠᠨ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ︾ ᠦᠵᠡᠯ ᠰᠠᠨᠠᠭᠠᠨ ᠤ ᠶᠡᠭᠡ ᠮᠥᠷᠭᠦᠯᠳᠦᠯ ᠮᠥᠨ᠂ ᠤᠯᠠᠭᠠᠨᠴᠠᠪ ᠤᠨ ᠬᠥᠳᠡᠭᠡ ᠲᠣᠰᠬᠤᠨ ᠤ ᠢᠲᠡᠭᠡᠮᠵᠢ ᠶᠢᠨ ᠪᠠᠶᠢᠭᠤᠯᠤᠮᠵᠢ ᠶᠢᠨ ᠰᠠᠨᠠᠭᠠᠴᠢᠯᠠᠭ᠎ᠠ  ᠠᠴᠠ ᠪᠠᠨ ᠠᠵᠢᠯᠯᠠᠵᠤ᠂ ᠰᠢᠨ᠎ᠡ ᠶᠢ ᠡᠭᠦᠳᠦᠨ ᠬᠥᠭᠵᠢᠵᠦ ᠪᠠᠶᠢᠭ᠎ᠠ ᠶᠢᠨ ᠠᠮᠢᠳᠤᠯᠢᠭ ᠢᠯᠡᠷᠡᠯ ᠮᠥᠨ᠂ ᠡᠶᠢᠮᠦ ᠠᠴᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠳᠤ ᠦᠢᠯᠡᠴᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠂ ᠪᠣᠳᠠᠲᠤ ᠴᠣᠭᠴᠠ ᠶᠢᠨ ᠠᠵᠤ ᠠᠬᠤᠢ ᠶᠢ ᠲᠡᠳᠬᠦᠬᠦ ᠲᠠᠯ᠎ᠠ ᠪᠠᠷ ᠰᠢᠨ᠎ᠡ ᠰᠡᠳᠬᠢᠮᠵᠢ ᠲᠠᠢ ᠪᠣᠯᠵᠤ᠂ ᠰᠢᠨ᠎ᠡ ᠠᠷᠭ᠎ᠠ ᠬᠡᠮᠵᠢᠶ᠎ᠡ ᠲᠠᠢ ᠪᠣᠯᠵᠤ ᠴᠢᠳᠠᠬᠤ ᠨᠢ ᠯᠠᠪᠲᠠᠢ ᠶᠤᠮ᠃                                      ᠤᠷᠴᠢᠭᠤᠯᠤᠭᠴᠢ᠄ ᠬᠦᠰᠡᠯ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2