ᠵᠢᠨᠢᠩ ᠤᠨ ᠲᠥᠪ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠪᠡᠯᠡᠳᠬᠡᠯ ᠠᠵᠢᠯ ᠦᠨᠳᠦᠰᠦᠨ ᠳᠡᠭᠡᠨ ᠳᠠᠭᠤᠰᠴᠤ 9 ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡ ᠲᠣᠣᠷ ᠲᠤ ᠤᠰᠤ ᠣᠷᠣᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2022/9/14
    ᠡᠨᠡ ᠵᠢᠯ᠂ ᠵᠢᠨᠢᠩ ᠤᠨ ᠲᠥᠪ ᠬᠤᠲᠠ ᠶᠢᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠡᠷᠦᠬᠡ 25.4 ᠲᠦᠮᠡ ᠪᠠᠶᠢᠵᠤ᠂ ᠢᠯᠴᠢ ᠬᠠᠩᠭᠠᠬᠤ ᠲᠠᠯᠠᠪᠠᠶ ᠨᠢ 3206 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠢᠯᠴᠢ ᠬᠠᠩᠭᠠᠬᠤ ᠠᠵᠤ ᠠᠬᠤᠶᠢᠯᠠᠯ 3 ᠪᠠᠶᠢᠨ᠎ᠠ᠃ ᠡᠭᠦᠨ ᠳᠤ᠄ ᠵᠢᠩ ᠿᠧ ︵ᠤᠯᠠᠭᠠᠨᠴᠠᠪ︶ ᠢᠯᠴᠢ ᠶᠢᠨ ᠬᠦᠴᠦᠨ ᠤ ᠺᠣᠮᠫᠠᠨᠢ ᠶᠢᠨ ᠬᠠᠷᠢᠭᠤᠴᠠᠵᠤ ᠪᠠᠶᠢᠭ᠎ᠠ ᠢᠯᠴᠢ ᠬᠠᠩᠭᠠᠬᠤ ᠲᠠᠯᠠᠪᠠᠶ 2124 ᠲᠦᠮᠡᠨ ᠲᠡᠭᠰᠢ ᠳᠥᠷᠪᠡᠯᠵᠢᠨ ᠮᠧᠲᠷ᠂ ᠹᠦ᠋ ᠯᠧᠢ ᠢᠯᠴᠢ ᠶᠢᠨ ᠬᠦᠴᠦᠨ ᠤ ᠺᠣᠮᠫᠠᠨᠢ ᠶᠢᠨ ᠬᠠᠷᠢᠭᠤᠴᠠᠵᠤ ᠪᠠᠶᠢᠭ᠎ᠠ ᠢᠯᠴᠢ ᠬᠠᠩᠭᠠᠬᠤ ᠲᠠᠯᠠᠪᠠᠶ 322 ᠲᠦᠮᠡᠨ ᠲᠡᠭᠰᠢ ᠳᠥᠷᠪᠡᠯᠵᠢᠨ ᠮᠧᠲᠷ᠂ ᠴᠠᠬᠠᠷ ᠢᠯᠴᠢ ᠶᠢᠨ ᠬᠦᠴᠦᠨ ᠤ ᠺᠣᠮᠫᠠᠨᠢ ᠶᠢᠨ ᠬᠠᠷᠢᠭᠤᠴᠠᠵᠤ ᠪᠠᠶᠢᠭ᠎ᠠ ᠢᠯᠴᠢ ᠬᠠᠩᠭᠠᠬᠤ ᠲᠠᠯᠠᠪᠠᠶ 760 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃ ᠣᠳᠣᠬᠠᠨ ᠳᠤ ᠵᠢᠨᠢᠩ ᠲᠣᠭᠤᠷᠢᠭ ᠲᠤ ᠢᠯᠴᠢ ᠶᠢᠨ ᠰᠤᠷᠪᠤᠯᠵᠢ 6 ᠪᠤᠢ᠂ 2 ᠭᠠᠵᠠᠷ ᠨᠢ ᠢᠯᠴᠢ ᠶᠢᠨ ᠴᠠᠬᠢᠯᠭᠠᠨ ᠤ ᠦᠢᠯᠡᠳᠪᠦᠷᠢ ︵ᠵᠢᠩ ᠨᠢᠩ᠂ ᠬᠤᠸᠠ ᠨᠢᠩ︶᠂ 4 ᠭᠠᠵᠠᠷ ᠨᠢ ᠢᠯᠴᠢ ᠶᠢᠨ ᠰᠤᠷᠪᠤᠯᠵᠢ ᠶᠢᠨ ᠦᠢᠯᠡᠳᠪᠦᠷᠢ ︵ᠵᠢᠩ ᠿᠧ ᠫᠦ᠋ ᠶᠤᠸᠠᠨ᠂ ᠴᠠᠬᠠᠷ᠂ ᠹᠦ᠋ ᠯᠧᠢ᠂ ᠪᠠᠢ ᠴᠢᠤᠸᠠᠨ ᠱᠠᠨ︶ ᠪᠣᠯᠣᠨ᠎ᠠ᠃ ᠣᠲᠣ ᠪᠣᠯᠲᠠᠯ᠎ᠠ᠂ ᠲᠥᠬᠦᠭᠡᠷᠦᠮᠵᠢ ᠶᠢᠨ ᠬᠤᠭᠤᠯᠠᠢ ᠶᠢᠨ ᠲᠣᠣᠷ ᠤᠨ ᠬᠠᠮᠠᠭᠠᠯᠠᠯᠲᠠ ᠶᠢᠨ ᠲᠠᠯ᠎ᠠ ᠪᠠᠷ᠂ ᠡᠯ᠎ᠡ ᠢᠯᠴᠢ ᠬᠠᠩᠭᠠᠬᠤ ᠠᠵᠤ ᠠᠬᠤᠶᠢᠯᠠᠯ᠂ ᠢᠯᠴᠢ ᠶᠢᠨ ᠡᠬᠢ ᠰᠤᠷᠪᠤᠯᠵᠢ ᠶᠢᠨ ᠦᠢᠯᠡᠳᠪᠦᠷᠢ ᠶᠢᠨ ᠲᠥᠬᠦᠭᠡᠷᠦᠮᠵᠢ ᠶᠢᠨ ᠬᠠᠮᠠᠭᠠᠯᠠᠯᠲᠠ ᠶᠢᠨ 90% ᠶᠢ ᠪᠡᠶᠡᠯᠡᠭᠦᠯᠵᠦ᠂ ᠢᠯᠴᠢ ᠰᠣᠯᠢᠯᠴᠠᠬᠤ ᠥᠷᠲᠡᠭᠡ ᠶᠢᠨ ᠲᠥᠬᠦᠭᠡᠷᠦᠮᠵᠢ᠂ ᠢᠯᠴᠢ ᠶᠢᠨ ᠲᠣᠣᠷ ᠤᠨ ᠬᠠᠮᠠᠭᠠᠯᠠᠯᠲᠠ ᠶᠢᠨ 92% ᠢ ᠪᠡᠶᠡᠯᠡᠭᠦᠯᠵᠦ᠂ ᠡᠯ᠎ᠡ ᠵᠦᠢᠯ ᠤᠨ ᠪᠠᠶᠢᠴᠠᠭᠠᠨ ᠵᠠᠰᠠᠬᠤ ᠠᠵᠢᠯ ᠢ ᠶᠠᠭ ᠲᠥᠯᠥᠪᠯᠡᠭᠡ ᠶᠣᠰᠣᠭᠠᠷ ᠲᠦᠯᠬᠢᠨ ᠠᠬᠢᠭᠤᠯᠵᠤ᠂ ᠵᠢᠱᠢᠯᠲᠡ ᠪᠠᠷ 9 ᠰᠠᠷ᠎ᠠ ᠶᠢᠨ ᠳᠤᠮᠳᠠᠴᠢ ᠪᠠᠷ ᠪᠥᠬᠦ ᠲᠠᠯ᠎ᠠ ᠪᠠᠷ ᠪᠡᠶᠡᠯᠡᠭᠦᠯᠦᠨ᠎ᠡ︔ ᠨᠡᠭᠦᠷᠡᠰᠦ ᠬᠠᠳᠠᠭᠠᠯᠠᠬᠤ ᠲᠠᠯ᠎ᠠ ᠪᠠᠷ᠂ ᠲᠣᠰ ᠢᠯᠴᠢ ᠬᠠᠩᠭᠠᠬᠤ ᠤᠯᠠᠷᠢᠯ ᠳᠤ 260 ᠲᠦᠮᠡᠨ ᠲᠣᠨ ᠨᠡᠭᠦᠷᠡᠰᠦ ᠬᠠᠩᠭᠠᠬᠤ ᠶᠢ ᠪᠠᠲᠤᠯᠠᠵᠤ᠂ ᠣᠲᠣ 44.15 ᠲᠦᠮᠡᠨ ᠲᠣᠨ ᠨᠡᠭᠦᠷᠡᠰᠦ ᠬᠠᠳᠠᠭᠠᠯᠠᠵᠤ ᠪᠣᠶ︔ ᠤᠰᠤ ᠣᠷᠣᠭᠤᠯᠬᠤ ᠲᠠᠯ᠎ᠠ ᠪᠠᠷ᠂ ᠲᠣᠰ ᠳᠤᠯᠠᠭᠠᠯᠭ᠎ᠠ ᠶᠢᠨ ᠤᠯᠠᠷᠢᠯ ᠳᠤ 26 ᠲᠦᠮᠡᠨ ᠲᠣᠨ ᠤᠰᠤ ᠣᠷᠣᠭᠤᠯᠵᠤ᠂ ᠨᠢᠭᠡᠨᠲᠡ 12.8 ᠲᠦᠮᠡᠨ ᠲᠣᠨ ᠤᠰᠤ ᠣᠷᠣᠭᠤᠯᠵᠤ᠂ 9 ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡ ᠲᠣᠣᠷ ᠢᠶᠠᠷ ᠤᠰᠤ ᠣᠷᠣᠭᠤᠯᠬᠤ ᠶᠢ ᠪᠡᠶᠡᠯᠡᠭᠦᠯᠵᠦ᠂ ᠠᠵᠢᠯᠯᠠᠭᠠᠨ ᠤ ᠬᠡᠪ ᠤᠨ ᠳᠠᠷᠤᠯᠲᠠ ᠲᠠᠢ ᠪᠣᠯᠤᠭᠰᠠᠨ ᠪᠠᠶᠢᠨ᠎ᠠ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2