ᠯᠢᠶᠡᠩᠴᠧᠩ ᠰᠢᠶᠠᠨ ᠤ ᠰᠢᠬᠢᠷᠯᠢᠭ ᠡᠷᠳᠡᠨᠢ ᠰᠢᠰᠢ ᠡᠯᠪᠡᠭ ᠬᠤᠷᠢᠶᠠᠯᠲᠠ ᠲᠠᠢ ᠪᠤᠯᠵᠤ ᠬᠤᠷᠰᠢᠶ᠎ᠠ ᠶᠢᠨ ᠦᠢᠯᠡᠳᠪᠦᠷᠢᠯᠡᠯ ᠶᠠᠭᠠᠷᠠᠤ ᠪᠠᠶᠢᠨ᠎ᠠ
ᠨᠡᠶᠢᠲᠡᠯᠡᠭᠰᠡᠨ ᠴᠠᠭ᠄
2022/9/15
    ᠡᠨᠡ ᠵᠢᠯ ᠤᠨ ᠡᠬᠢ ᠪᠠᠷ᠂ ᠯᠢᠶᠠᠩᠴᠧᠩ ᠰᠢᠶᠠᠨ ᠤ ᠮᠠᠶᠢᠬᠤᠳᠤ ᠪᠠᠯᠭᠠᠰᠤᠨ ᠤ ᠹᠦ᠋ ᠺᠠᠩ ᠢᠳᠡᠰᠢᠨ ᠨᠣᠭᠤᠭ᠎ᠠ ᠲᠠᠷᠢᠬᠤ ᠲᠤᠰᠬᠠᠢ ᠬᠤᠷᠰᠢᠶ᠎ᠠ ᠨᠢ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ︽ᠬᠤᠷᠰᠢᠶ᠎ᠠ + ᠲᠠᠷᠢᠮᠠᠯ ᠤᠨ ᠡᠷᠦᠬᠡ︾ ᠶᠢᠨ ᠲᠠᠷᠢᠬᠤ᠂ ᠪᠤᠯᠪᠠᠰᠣᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠬᠡᠷᠡᠭᠯᠡᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠤᠶᠠᠷ ᠲᠠᠯ᠎ᠠ ᠪᠠᠷ ᠢᠶᠠᠨ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠪᠣᠯᠪᠠᠰᠤᠷᠠᠭᠤᠯᠬᠤ ᠦᠢᠯᠡᠳᠪᠦᠷᠢ ᠪᠦᠬᠦᠨ ᠢ ᠬᠤᠳᠠᠯᠳᠤᠨ ᠠᠪᠴᠤ᠂ ᠲᠥᠪᠯᠡᠷᠡᠭᠦᠯᠦᠨ ᠦᠢᠯᠡᠳᠪᠦᠷᠢᠯᠡᠵᠦ᠂ ᠲᠠᠷᠢᠶᠠᠴᠢᠨ ᠡᠷᠦᠬᠡ ᠳᠤ ᠰᠢᠬᠢᠷᠯᠢᠭ ᠡᠷᠳᠡᠨᠢ ᠰᠢᠰᠢ ᠲᠠᠷᠢᠬᠤ ᠳᠤ ᠰᠡᠳᠬᠢᠯ ᠢ ᠨᠢ ᠠᠮᠤᠷᠵᠢᠭᠤᠯᠵᠠᠢ᠃     ᠯᠢᠶᠠᠩᠴᠧᠩ ᠰᠢᠶᠠᠨ ᠤ ᠮᠠᠶᠢᠬᠤᠳᠤ ᠪᠠᠯᠭᠠᠰᠤᠨ ᠤ ᠡᠷᠳᠡᠨᠢ ᠰᠢᠰᠢ ᠪᠣᠯᠪᠠᠰᠤᠷᠠᠭᠤᠯᠬᠤ ᠰᠠᠭᠤᠷᠢᠨ ᠳᠤ ᠠᠵᠢᠯᠴᠢᠳ ᠮᠠᠰᠢ ᠶᠠᠭᠠᠷᠠᠯᠲᠠᠢ ᠪᠠᠶᠢᠯ᠎ᠠ᠃ ᠬᠤᠭᠤᠯᠠᠨ ᠤ ᠰᠢᠷᠡᠭᠡᠨ ᠳᠤ ᠬᠤᠷᠢᠶᠠᠬᠤ ᠠᠴᠠ ᠠᠪᠤᠭᠠᠳ ᠬᠤᠭᠤᠯᠠᠨ ᠤ ᠰᠢᠷᠡᠭᠡᠨ ᠳᠤ ᠬᠦᠷᠲᠡᠯ᠎ᠡ ᠨᠢᠭᠡ ᠰᠢᠬᠢᠷᠯᠢᠭ ᠡᠷᠳᠡᠨᠢ ᠰᠢᠰᠢ ᠶᠢᠨ ᠠᠷᠠᠰᠤ ᠶᠢ ᠨᠢ ᠱᠠᠭᠠᠯᠵᠤ᠂ ᠤᠬᠢᠶᠠᠵᠤ ᠴᠡᠪᠡᠷᠯᠡᠬᠦ᠂ ᠬᠠᠯᠠᠭᠤᠯᠬᠤ᠂ ᠬᠥᠷᠥᠭᠡᠬᠦ᠂ ᠥᠨᠳᠥᠷ ᠬᠠᠯᠠᠭᠤᠨ ᠢᠶᠠᠷ ᠪᠠᠺᠲ᠋ᠧᠷᠢ ᠤᠰᠠᠳᠬᠠᠬᠤ ᠵᠡᠷᠭᠡ ᠣᠯᠠᠨ ᠠᠵᠢᠯ ᠤᠨ ᠳᠠᠷᠠᠭᠠᠯᠠᠯ  ᠢ ᠥᠩᠭᠡᠷᠡᠭᠡᠬᠦ ᠬᠡᠷᠡᠭᠲᠡᠢ ᠪᠥᠭᠡᠳ ᠠᠵᠢᠯ ᠤᠨ ᠳᠠᠷᠠᠭᠠᠯᠠᠯ ᠨᠢᠭᠡᠪᠦᠷᠢ ᠶᠢ ᠮᠡᠷᠭᠡᠵᠢᠯᠲᠡᠨ ᠠᠴᠠ ᠴᠢᠩᠭ᠎ᠠ ᠠᠳᠬᠤᠵᠤ᠂ ᠡᠷᠳᠡᠨᠢ ᠰᠢᠰᠢ ᠶᠢᠨ ᠠᠮᠲᠠ ᠰᠢᠮᠲᠡ ᠪᠠ ᠰᠢᠮ᠎ᠡ ᠲᠡᠵᠢᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ ᠡᠭᠦᠨ ᠤ ᠵᠡᠷᠭᠡ ᠳᠤ᠂ ᠬᠠᠮᠤᠭ ᠤᠨ ᠶᠡᠭᠡ ᠬᠡᠮᠵᠢᠶ᠎ᠡ ᠪᠠᠷ ᠰᠢᠨ᠎ᠡ ᠰᠣᠷᠭᠤᠭ ᠠᠮᠲᠠ ᠰᠢᠮᠲᠡ ᠪᠠ ᠰᠢᠮ᠎ᠡ ᠲᠡᠵᠢᠭᠡᠯ ᠢ ᠪᠠᠲᠤᠯᠠᠪᠠ᠃ ᠵᠢᠯ ᠪᠦᠷᠢ ᠶᠢᠨ 8 ᠰᠠᠷ᠎ᠠ ᠶᠢᠨ ᠣᠷᠴᠢᠮ ᠢᠶᠠᠷ᠂ ᠰᠢᠬᠢᠷᠯᠢᠭ ᠡᠷᠳᠡᠨᠢ ᠰᠢᠰᠢ ᠬᠠᠮᠤᠭ ᠤᠨ ᠰᠠᠶᠢᠨ ᠪᠣᠯᠪᠠᠰᠤᠷᠠᠭᠰᠠᠨ ᠢᠳᠡᠭᠡᠨ ᠤ ᠬᠤᠭᠤᠴᠠᠭᠠᠨ ᠳᠠᠭᠠᠨ ᠣᠷᠣᠳᠠᠭ᠂ ᠡᠨᠡ ᠬᠤᠭᠤᠴᠠᠭᠠᠨ ᠳᠤ ᠬᠤᠷᠰᠢᠶ᠎ᠠ ᠠᠴᠠ ᠲᠤᠬᠠᠢ ᠶᠢᠨ ᠭᠠᠵᠠᠷ ᠤᠨ ᠦᠯᠡᠭᠦᠦ ᠬᠥᠳᠡᠯᠮᠦᠷᠢ ᠶᠢᠨ ᠬᠦᠴᠦᠨ ᠢ ᠨᠡᠶᠢᠲᠡ 160 ᠭᠠᠷᠤᠢ ᠬᠥᠯᠥᠰᠦᠯᠡᠵᠦ᠂ ᠣᠶᠢᠷ᠎ᠠ ᠬᠠᠪᠢ ᠶᠢᠨ ᠲᠣᠰᠬᠤᠨ ᠤ ᠠᠷᠠᠳ ᠲᠤ ᠨᠠᠮᠤᠷ ᠤᠨ ᠠᠩᠬᠠᠨ ᠤ ᠣᠷᠣᠯᠭ᠎ᠠ ᠣᠯᠭᠤᠬᠤ ᠶᠢᠨ ᠬᠠᠮᠲᠤ ᠪᠠᠰᠠ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠶᠢᠨ ᠬᠦᠴᠦᠨ ᠤ ᠠᠵᠢᠯ ᠣᠯᠬᠤ ᠠᠰᠠᠭᠤᠳᠠᠯ ᠢ ᠶᠡᠭᠡ ᠬᠡᠮᠵᠢᠶ᠎ᠡ ᠪᠠᠷ ᠰᠢᠢᠳᠪᠦᠷᠢᠯᠡᠭᠰᠡᠨ ᠪᠠᠶᠢᠨ᠎ᠠ᠃     ᠬᠥᠮᠥᠰ ᠤᠨ ᠡᠷᠡᠭᠦᠯ ᠮᠡᠨᠳᠦ ᠶᠢᠨ ᠦᠵᠡᠯᠲᠡ ᠪᠣᠯᠣᠨ ᠡᠷᠡᠭᠦᠯ ᠮᠡᠨᠳᠦ ᠶᠢᠨ ᠬᠡᠷᠡᠭᠴᠡᠭᠡ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠰᠢᠬᠢᠷᠯᠢᠭ ᠡᠷᠳᠡᠨᠢ ᠰᠢᠰᠢ ᠬᠡᠷᠡᠭᠯᠡᠭᠴᠢᠳ ᠤᠨ ᠲᠠᠭᠠᠰᠢᠶᠠᠯ ᠢ ᠣᠯᠵᠤ᠂ ᠹᠦ᠋ ᠺᠠᠩ ᠢᠳᠡᠰᠢᠨ ᠨᠣᠭᠤᠭ᠎ᠠ ᠲᠠᠷᠢᠬᠤ ᠲᠤᠰᠬᠠᠢ ᠬᠤᠷᠰᠢᠶ᠎ᠠ ᠴᠠᠭ ᠲᠣᠬᠢᠶᠠᠯ ᠢ ᠠᠮᠵᠢᠵᠤ᠂ ᠵᠢᠷᠭᠤᠭᠠᠨ ᠰᠢᠶᠠᠩ ᠪᠠᠯᠭᠠᠰᠤᠨ ᠤ 2000 ᠰᠢᠬᠠᠮ ᠲᠠᠷᠢᠶᠠᠴᠢᠨ ᠡᠷᠦᠬᠡ ᠲᠠᠢ ᠵᠠᠬᠢᠶᠠᠯᠠᠭ᠎ᠠ ᠶᠢᠨ ᠡᠷᠳᠡᠨᠢ ᠰᠢᠰᠢ ᠬᠤᠳᠠᠯᠳᠤᠨ ᠠᠪᠬᠤ ᠭᠡᠷ᠎ᠡ ᠲᠣᠭᠲᠠᠵᠤ ᠂ ᠴᠢᠨᠠᠷ ᠰᠠᠶᠢᠲᠠᠢ ᠰᠢᠬᠢᠷᠯᠢᠭ ᠡᠷᠳᠡᠨᠢ ᠰᠢᠰᠢ ᠲᠠᠷᠢᠬᠤ ᠠᠵᠤ ᠦᠢᠯᠡᠰ ᠤᠨ ᠰᠠᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠤᠭᠰᠠᠨ ᠪᠥᠭᠡᠳ ᠤᠯᠠᠨ ᠭᠠᠵᠠᠷ ᠤᠨ ᠬᠤᠳᠠᠯᠳᠤᠭᠠᠨ ᠤ ᠬᠡᠳᠦ ᠳᠡᠯᠭᠡᠭᠦᠷ ᠪᠣᠯᠣᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠵᠠᠮ ᠢ ᠪᠠᠲᠤᠯᠠᠭᠰᠠᠨ ᠪᠠᠶᠢᠨ᠎ᠠ᠃ ᠡᠷᠳᠡᠨᠢ ᠰᠢᠰᠢ ᠬᠤᠳᠠᠯᠳᠤᠨ ᠠᠪᠬᠤ ᠬᠥᠭᠵᠢᠶᠡᠨ ᠲᠠᠢ ᠤᠯᠠᠷᠢᠯ ᠪᠣᠯᠬᠤ ᠪᠦᠷᠢ᠂ ᠡᠳᠦᠷ ᠪᠦᠷᠢ 400 ᠭᠠᠷᠤᠢ ᠲᠣᠨ ᠡᠷᠳᠡᠨᠢ ᠰᠢᠰᠢ ᠡᠳ᠋ᠰᠢᠭᠦᠯᠦᠨ ᠦᠢᠯᠡᠳᠪᠦᠷᠢᠯᠡᠵᠦ᠂ ᠡᠳ᠋ᠰᠢᠭᠦᠯᠦᠭᠰᠡᠨ ᠪᠦᠲᠦᠭᠡᠭᠳᠡᠬᠦᠨ ᠢᠶᠠᠨ ᠾᠧᠨᠠᠨ᠂ ᠱᠠᠨᠳᠦ᠋ᠩ᠂ ᠪᠡᠭᠡᠵᠢᠩ ᠵᠡᠷᠭᠡ ᠭᠠᠵᠠᠷ ᠣᠷᠣᠨ ᠳᠤ ᠪᠣᠷᠣᠯᠠᠭᠤᠯᠵᠤ ᠪᠣᠯᠣᠨ᠎ᠠ᠃     ᠬᠡᠳᠦᠨ ᠵᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠪᠠᠷ ᠳᠠᠮᠵᠢᠭᠠᠳ᠂ ᠯᠢᠶᠡᠩᠴᠧᠩ ᠰᠢᠶᠠᠨ ᠤ ᠹᠦ᠋ ᠺᠠᠩ ᠢᠳᠡᠰᠢᠨ ᠨᠣᠭᠤᠭ᠎ᠠ ᠲᠠᠷᠢᠬᠤ ᠲᠤᠰᠬᠠᠢ ᠬᠤᠷᠰᠢᠶ᠎ᠠ ᠤᠳᠤ ᠨᠢᠭᠡᠨᠲᠡ ᠲᠤᠬᠠᠢ ᠶᠢᠨ ᠭᠠᠵᠠᠷ ᠤᠨ ᠡᠷᠳᠡᠨᠢ ᠰᠢᠰᠢ ᠦᠢᠯᠡᠳᠪᠦᠷᠢᠯᠡᠵᠦ ᠡᠳ᠋ᠰᠢᠭᠦᠯᠬᠦ ᠭᠤᠣᠯ ᠵᠢᠭᠰᠠᠭᠠᠯ ᠤᠨ ᠭᠠᠵᠠᠷ ᠪᠣᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠢ ᠲᠠᠶᠢᠴᠢᠯᠠᠵᠦ᠂ ᠲᠤᠬᠠᠢ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠴᠡᠢ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2