                             
ᠨᠡᠶᠢᠲᠡᠯᠡᠭᠰᠡᠨ ᠴᠠᠭ᠄
2022/9/16

ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ

ᠦᠢᠯᠡᠳᠬᠡᠯ ᠤᠨ ᠦᠢᠯᠡᠰ ᠤᠨ ᠭᠠᠢᠯᠢ ᠶᠢ ᠬᠤᠢᠰᠢᠯᠠᠭᠤᠯᠵᠤ ᠨᠥᠬᠦᠵᠦ ᠲᠤᠰᠢᠶᠠᠬᠤ

ᠬᠤᠭᠤᠴᠠᠭ᠎ᠠ ᠶᠢ ᠤᠯᠠᠮ ᠨᠢᠭᠡ ᠠᠯᠬᠤᠮ ᠤᠷᠲᠤᠳᠬᠠᠵᠤ  ᠠᠵᠤ ᠠᠬᠤᠢᠯᠠᠯ ᠢ ᠬᠠᠪᠰᠤᠷᠤᠨ

ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ

     ᠲᠤᠰᠬᠠᠢ ᠳᠠᠬᠢᠨ ᠵᠢᠭᠡᠯᠡᠯᠭᠡ ᠬᠢᠭᠡᠳ ᠡᠳ᠋ ᠤᠨ ᠵᠠᠰᠠᠭ ᠤᠨ ᠳᠠᠮ ᠬᠦᠦ ᠮᠥᠩᠭᠦ ᠶᠢᠨ ᠬᠡᠰᠡᠭ ᠬᠦᠷᠢᠶᠡᠨ ᠳᠠᠬᠢ

ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠢᠵᠢ ᠪᠦᠷᠢᠳᠦᠭᠦᠯᠦᠨ ᠳᠡᠮᠵᠢᠵᠦ  

ᠵᠠᠬ᠎ᠠ ᠳᠡᠯᠭᠡᠭᠦᠷ ᠤᠨ ᠬᠡᠷᠡᠭᠴᠡᠭᠡ ᠶᠢ ᠥᠷᠭᠡᠳᠬᠡᠵᠦ ᠬᠥᠭᠵᠢᠯᠲᠡ ᠶᠢᠨ ᠬᠦᠴᠦᠨ ᠢ ᠨᠡᠮᠡᠭᠳᠡᠭᠦᠯᠬᠦ ᠪᠠᠷ

ᠲᠣᠭᠲᠠᠭᠠᠪᠠ

     ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ

ᠪᠠᠢᠷᠢᠯᠠᠭᠤᠯᠵᠤ  ᠠᠵᠤ ᠠᠬᠤᠢ ᠶᠢᠨ ᠰᠠᠭᠤᠷᠢ ᠶᠢ ᠪᠠᠲᠤᠳᠬᠠᠨ ᠰᠡᠷᠭᠦᠭᠡᠬᠦ ᠳᠤ ᠬᠦᠴᠦᠨ

ᠨᠡᠮᠡᠷᠢᠯᠡᠪᠡ

     ᠡᠯᠧᠺᠲᠷᠣᠨ ᠴᠠᠬᠢᠯᠭᠠᠨ ᠬᠡᠷᠡᠭᠰᠡᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ

ᠰᠢᠯᠢᠳᠡᠭᠵᠢᠭᠦᠯᠵᠦ  ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ

ᠪᠠᠭᠤᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠠᠩ ᠶᠡᠭᠡ ᠪᠠᠷ

ᠬᠥᠭᠵᠢᠭᠡᠬᠦ ᠪᠠᠷ ᠲᠣᠭᠲᠠᠭᠠᠪᠠ

     ᠹᠦᠵᠢᠶᠠᠨ ᠤ ᠵᠠᠩᠵᠸᠦ ᠶᠢᠨ ᠬᠤᠶᠠᠳᠤᠭᠠᠷ ᠬᠤᠭᠤᠴᠠᠭ᠎ᠠ ᠪᠣᠯᠣᠨ ᠭᠤᠸᠠᠩᠳᠦ᠋ᠩ ᠤᠨ ᠯᠢᠶᠠᠨᠵᠢᠶᠠᠩ ᠤᠨ ᠨᠢᠭᠡᠳᠦᠭᠡᠷ

ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠷ

ᠲᠣᠭᠲᠠᠵᠤ  ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ

     ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ  

ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ

13 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂

ᠦᠢᠯᠡᠳᠬᠡᠯ ᠤᠨ ᠦᠢᠯᠡᠰ ᠤᠨ ᠭᠠᠢᠯᠢ ᠶᠢ ᠬᠤᠢᠰᠢᠯᠠᠭᠤᠯᠵᠤ ᠨᠥᠬᠦᠵᠦ ᠲᠤᠰᠢᠶᠠᠬᠤ

ᠬᠤᠭᠤᠴᠠᠭ᠎ᠠ ᠶᠢ ᠤᠯᠠᠮ ᠨᠢᠭᠡ ᠠᠯᠬᠤᠮ ᠤᠷᠲᠤᠳᠬᠠᠵᠤ᠂ ᠠᠵᠤ ᠠᠬᠤᠢᠯᠠᠯ ᠢ ᠬᠠᠪᠰᠤᠷᠤᠨ

ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ︔ ᠲᠤᠰᠬᠠᠢ ᠳᠠᠬᠢᠨ ᠵᠢᠭᠡᠯᠡᠯᠭᠡ

ᠬᠢᠭᠡᠳ ᠡᠳ᠋ ᠤᠨ ᠵᠠᠰᠠᠭ ᠤᠨ ᠳᠠᠮ ᠬᠦᠦ ᠮᠥᠩᠭᠦ ᠶᠢᠨ ᠬᠡᠰᠡᠭ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠨ

ᠥᠭᠡᠷᠡᠴᠢᠯᠡᠬᠦ ᠶᠢ ᠢᠵᠢ ᠪᠦᠷᠢᠳᠦᠭᠦᠯᠦᠨ ᠳᠡᠮᠵᠢᠵᠦ᠂ ᠵᠠᠬ᠎ᠠ ᠳᠡᠯᠭᠡᠭᠦᠷ ᠤᠨ

ᠬᠡᠷᠡᠭᠴᠡᠭᠡ ᠶᠢ ᠥᠷᠭᠡᠳᠬᠡᠵᠦ ᠬᠥᠭᠵᠢᠯᠲᠡ ᠶᠢᠨ ᠬᠦᠴᠦᠨ ᠢ ᠨᠡᠮᠡᠭᠳᠡᠭᠦᠯᠬᠦ ᠪᠠᠷ ᠲᠣᠭᠲᠠᠭᠠᠪᠠ︔

ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠠᠢᠷᠢᠯᠠᠭᠤᠯᠵᠤ᠂

ᠠᠵᠤ ᠠᠬᠤᠢ ᠶᠢᠨ ᠰᠠᠭᠤᠷᠢ ᠶᠢ ᠪᠠᠲᠤᠳᠬᠠᠨ ᠰᠡᠷᠭᠦᠭᠡᠬᠦ ᠳᠤ ᠬᠦᠴᠦᠨ ᠨᠡᠮᠡᠷᠢᠯᠡᠪᠡ︔ ᠡᠯᠧᠺᠲᠷᠣᠨ ᠴᠠᠬᠢᠯᠭᠠᠨ

ᠬᠡᠷᠡᠭᠰᠡᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂

ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ

ᠬᠦᠴᠦᠨ ᠢ ᠨᠠᠩ ᠶᠡᠭᠡ ᠪᠠᠷ ᠬᠥᠭᠵᠢᠭᠡᠬᠦ ᠪᠠᠷ ᠲᠣᠭᠲᠠᠭᠠᠪᠠ︔ ᠹᠦᠵᠢᠶᠠᠨ ᠤ ᠵᠠᠩᠵᠸᠦ ᠶᠢᠨ ᠬᠤᠶᠠᠳᠤᠭᠠᠷ

ᠬᠤᠭᠤᠴᠠᠭ᠎ᠠ ᠪᠣᠯᠣᠨ ᠭᠤᠸᠠᠩᠳᠦ᠋ᠩ ᠤᠨ ᠯᠢᠶᠠᠨᠵᠢᠶᠠᠩ ᠤᠨ ᠨᠢᠭᠡᠳᠦᠭᠡᠷ ᠬᠤᠭᠤᠴᠠᠭᠠᠨ ᠤ ᠴᠥᠮ᠎ᠡ ᠶᠢᠨ

ᠴᠠᠬᠢᠯᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠷ ᠲᠣᠭᠲᠠᠵᠤ᠂ ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ

ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

     ᠬᠤᠷᠠᠯ ᠠᠴᠠ ᠠᠵᠤ ᠠᠬᠤᠢ ᠶᠢ ᠲᠣᠭᠲᠠᠭᠤᠨ ᠪᠠᠢᠯᠭᠠᠬᠤ ᠶᠢᠨ ᠵᠠᠩᠭᠢᠯᠠᠭ᠎ᠠ ᠨᠢ ᠵᠠᠬ᠎ᠠ ᠳᠡᠯᠭᠡᠭᠦᠷ ᠤᠨ ᠭᠤᠣᠯ

ᠴᠣᠭᠴᠠ ᠶᠢ ᠪᠠᠲᠤᠯᠠᠬᠤ ᠳᠤ ᠪᠤᠢ᠃ ᠦᠢᠯᠡᠳᠬᠡᠯ ᠤᠨ ᠦᠢᠯᠡᠰ ᠪᠣᠯ ᠪᠣᠳᠠᠲᠤ ᠴᠣᠭᠴᠠᠲᠤ ᠠᠵᠤ

ᠠᠬᠤᠢ ᠶᠢᠨ ᠰᠠᠭᠤᠷᠢ ᠪᠠᠢᠵᠤ᠂ ᠣᠳᠣᠬᠠᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ

ᠨᠡᠯᠢᠶᠡᠳ ᠶᠡᠭᠡ ᠪᠠᠢᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ

ᠪᠠᠢᠷᠢᠯᠠᠭᠤᠯᠤᠯᠲᠠ ᠶᠣᠰᠣᠭᠠᠷ᠂ ᠬᠦᠴᠢᠷᠳᠡᠯ ᠢ ᠰᠢᠢᠳᠪᠦᠷᠢᠯᠡᠬᠦ ᠲᠦᠷᠦ ᠶᠢᠨ

ᠪᠣᠳᠣᠯᠭ᠎ᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠦᠢᠯᠡᠳᠬᠡᠯ ᠤᠨ ᠦᠢᠯᠡᠰ ᠤᠨ

ᠳᠤᠮᠳᠠ ᠵᠢᠵᠢᠭ ᠪᠢᠴᠢᠯ ᠠᠵᠤ ᠠᠬᠤᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠮᠦᠨᠡᠬᠢ

ᠬᠤᠭᠤᠴᠠᠭᠠᠨ ᠳᠤ ᠬᠤᠢᠰᠢᠯᠠᠭᠤᠯᠤᠨ ᠲᠤᠰᠢᠶᠠᠭᠰᠠᠨ ᠠᠰᠢᠭ ᠣᠯᠵᠠᠪᠤᠷᠢ ᠶᠢᠨ ᠭᠠᠢᠯᠢ ᠵᠡᠷᠭᠡ ︽ᠲᠠᠪᠤᠨ ᠭᠠᠢᠯᠢ ᠬᠤᠶᠠᠷ

ᠰᠦᠢᠳᠬᠡᠯ︾ ᠢ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠤᠭᠤᠴᠠᠭ᠎ᠠ

ᠳᠦᠭᠦᠷᠦᠭᠰᠡᠨ ᠤ ᠳᠠᠷᠠᠭ᠎ᠠ ᠳᠠᠭᠢᠵᠤ 4 ᠰᠠᠷ᠎ᠠ ᠬᠤᠢᠰᠢᠯᠠᠭᠤᠯᠤᠨ ᠨᠥᠬᠦᠵᠦ ᠲᠤᠰᠢᠶᠠᠨ᠎ᠠ᠃

ᠡᠨᠡ ᠨᠢ 4400 ᠳ᠋ᠦᠩᠰᠢᠭᠤᠷ ᠲᠥᠭᠦᠷᠢᠭ ᠤᠨ ᠭᠠᠢᠯᠢ ᠶᠢ ᠬᠤᠢᠰᠢᠯᠠᠭᠤᠯᠬᠤ ᠳᠤ ᠬᠤᠯᠪᠣᠭᠳᠠᠨ᠎ᠠ᠃

ᠡᠭᠦᠨ ᠤ ᠬᠠᠮᠲᠤ ᠦᠢᠯᠡᠳᠬᠡᠯ ᠤᠨ ᠦᠢᠯᠡᠰ ᠤᠨ ᠰᠢᠨ᠎ᠡ ᠪᠠᠷ ᠨᠡᠮᠡᠭᠳᠡᠭᠰᠡᠨ ᠥᠷᠲᠡᠭ ᠨᠡᠮᠡᠭᠳᠡᠯ ᠤᠨ

ᠭᠠᠢᠯᠢ ᠶᠢᠨ ᠲᠤᠯᠭᠠᠨ ᠰᠠᠭᠤᠳᠬᠠᠬᠤ ᠭᠠᠢᠯᠢ ᠶᠢᠨ ᠲᠤᠭ᠎ᠠ ᠶᠢ ᠭᠤᠶᠤᠴᠢᠯᠠᠭᠰᠠᠨ ᠳᠠᠷᠤᠢ ᠳᠤ ᠨᠢ ᠪᠤᠴᠠᠭᠠᠵᠤ᠂

ᠲᠠᠩᠰᠠᠨ ᠳᠤ ᠣᠷᠣᠭᠤᠯᠬᠤ ᠳᠤᠮᠳᠠᠴᠢ ᠴᠠᠭ ᠢ 2 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠵᠢᠱᠢᠯᠲᠡ ᠪᠠᠷ ᠡᠨᠡ

ᠵᠢᠯ ᠤᠨ ᠰᠡᠭᠦᠯᠴᠢ ᠶᠢᠨ 4 ᠰᠠᠷ᠎ᠠ ᠳᠤ ᠦᠢᠯᠡᠳᠬᠡᠯ ᠤᠨ ᠦᠢᠯᠡᠰ ᠤᠨ ᠠᠵᠤ ᠠᠬᠤᠢᠯᠠᠯ ᠳᠤ ᠳᠠᠬᠢᠭᠠᠳ

320 ᠳ᠋ᠦᠩᠰᠢᠭᠤᠷ ᠲᠥᠭᠦᠷᠢᠭ ᠤᠨ ᠭᠠᠢᠯᠢ ᠪᠤᠴᠠᠭᠠᠨ᠎ᠠ ᠭᠡᠵᠦ ᠵᠢᠭᠠᠵᠤ ᠭᠠᠷᠭᠠᠪᠠ᠃

     ᠬᠤᠷᠠᠯ ᠠᠴᠠ ᠠᠵᠤ ᠠᠬᠤᠢ ᠨᠡᠢᠭᠡᠮ ᠤᠨ ᠬᠥᠭᠵᠢᠯᠲᠡ ᠶᠢᠨ ᠪᠠᠭᠤᠷᠠᠢ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠨ

ᠥᠭᠡᠷᠡᠴᠢᠯᠡᠬᠦ ᠶᠢ ᠠᠬᠢᠭᠤᠯᠬᠤ ᠨᠢ ᠦᠢᠯᠡᠳᠬᠡᠯ ᠤᠨ ᠦᠢᠯᠡᠰ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠥᠷᠭᠡᠳᠬᠡᠵᠦ᠂

ᠬᠡᠷᠡᠭᠯᠡᠭᠡ ᠶᠢᠨ ᠰᠡᠷᠭᠦᠭᠡᠯᠲᠡ ᠶᠢ ᠠᠵᠤ ᠠᠬᠤᠢ ᠶᠢᠨ ᠭᠤᠣᠯ ᠲᠠᠲᠠᠬᠤ ᠬᠦᠴᠦᠨ

ᠪᠣᠯᠭᠠᠬᠤ ᠶᠢ ᠠᠬᠢᠭᠤᠯᠵᠤ᠂ ᠬᠥᠭᠵᠢᠯᠲᠡ ᠶᠢᠨ ᠰᠡᠯᠭᠦᠬᠦ ᠬᠦᠴᠦᠨ ᠢ ᠨᠡᠮᠡᠭᠳᠡᠭᠦᠯᠬᠦ ᠳᠤ ᠠᠰᠢᠭᠲᠠᠢ

ᠶᠤᠮ ᠭᠡᠵᠦ ᠵᠢᠭᠠᠵᠤ ᠭᠠᠷᠭᠠᠪᠠ᠃ ᠬᠤᠷᠠᠯ ᠠᠴᠠ ᠦᠢᠯᠡᠳᠬᠡᠯ ᠤᠨ ᠦᠢᠯᠡᠰ᠂ ᠦᠢᠯᠡᠴᠢᠯᠡᠭᠡᠨ ᠤ ᠦᠢᠯᠡᠰ᠂

ᠨᠡᠢᠭᠡᠮ ᠤᠨ ᠦᠢᠯᠡᠴᠢᠯᠡᠭᠡᠨ ᠤ ᠬᠦᠷᠢᠶ᠎ᠡ ᠪᠣᠯᠣᠨ ᠳᠤᠮᠳᠠ ᠵᠢᠵᠢᠭ ᠪᠢᠴᠢᠯ ᠠᠵᠤ ᠠᠬᠤᠢᠯᠠᠯ᠂

ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢᠨ ᠳᠥᠷᠪᠡᠳᠦᠭᠡᠷ ᠤᠯᠠᠷᠢᠯ ᠳᠤ

ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠳᠤ᠂ ᠪᠦᠬᠦ ᠤᠯᠤᠰ ᠤᠨ ᠴᠢᠨᠠᠷᠲᠠᠢ

ᠬᠤᠳᠠᠯᠳᠤᠭᠠᠨ ᠤ ᠪᠠᠩᠬᠢ ᠶᠢᠨ 3.2% ᠠᠴᠠ ᠳᠣᠣᠷ᠎ᠠ ᠬᠦᠦ ᠮᠥᠩᠭᠦ ᠶᠢᠨ ᠨᠣᠷᠮ᠎ᠠ ᠪᠠᠷ

ᠳᠤᠮᠳᠠ ᠪᠠ ᠤᠷᠲᠤ ᠬᠤᠭᠤᠴᠠᠭᠠᠨ ᠤ ᠵᠢᠭᠡᠯᠡᠯᠭᠡ ᠶᠢ ᠢᠳᠡᠪᠬᠢᠲᠡᠢ ᠪᠠᠷ ᠲᠠᠯᠪᠢᠬᠤ ᠶᠢ ᠳᠡᠮᠵᠢᠨ᠎ᠡ᠃ ᠠᠷᠠᠳ ᠤᠨ ᠪᠠᠩᠬᠢ

ᠵᠢᠭᠡᠯᠡᠯᠭᠡ ᠠᠴᠠ ᠡᠬᠡ ᠮᠥᠩᠭᠦ ᠶᠢᠨ 100% ᠪᠠᠷ ᠬᠤᠳᠠᠯᠳᠤᠭᠠᠨ ᠤ ᠪᠠᠩᠬᠢ ᠳᠤ

ᠲᠤᠰᠬᠠᠢ ᠲᠡᠬᠢᠨ ᠵᠢᠭᠡᠯᠡᠯᠭᠡ ᠶᠢᠨ ᠳᠡᠮᠵᠢᠯᠭᠡ ᠦᠵᠡᠭᠦᠯᠦᠨ᠎ᠡ᠃ ᠲᠤᠰᠬᠠᠢ ᠳᠠᠬᠢᠨ ᠵᠢᠭᠡᠯᠡᠯᠭᠡ ᠶᠢᠨ

ᠲᠤᠭ᠎ᠠ ᠶᠢ 2000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠢᠯᠭᠠᠵᠤ᠂ ᠠᠯᠢ ᠴᠢᠳᠠᠬᠤ ᠪᠠᠷ

ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠤᠭᠤᠴᠠᠭ᠎ᠠ ᠶᠢ ᠨᠢ 1 ᠵᠢᠯ ᠪᠠᠢᠵᠤ᠂ ᠬᠤᠶᠠᠷ

ᠤᠳᠠᠭ᠎ᠠ ᠤᠷᠲᠤᠳᠬᠠᠵᠤ ᠪᠣᠯᠣᠨ᠎ᠠ᠃ ᠡᠭᠦᠨ ᠤ ᠬᠠᠮᠲᠤ ᠨᠢᠭᠡᠨᠲᠡ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢ

ᠨᠠᠢᠳᠠᠪᠤᠷᠢᠵᠢᠭᠤᠯᠵᠤ᠂ ᠲᠥᠪ ᠤᠨ ᠡᠳ᠋ ᠤᠨ ᠵᠠᠰᠠᠭ ᠠᠴᠠ ᠵᠢᠭᠡᠯᠡᠯᠭᠡ ᠶᠢᠨ ᠭᠤᠣᠯ ᠴᠣᠭᠴᠠ ᠳᠤ 2.5% ᠶᠢᠨ ᠳᠠᠮ

ᠬᠦᠦ ᠥᠭᠴᠦ᠂ ᠡᠨᠡ ᠵᠢᠯ ᠤᠨ ᠳᠥᠷᠪᠡᠳᠦᠭᠡᠷ ᠤᠯᠠᠷᠢᠯ ᠳᠤ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ

ᠵᠢᠭᠡᠯᠡᠯᠭᠡ ᠶᠢᠨ ᠭᠤᠣᠯ ᠴᠣᠭᠴᠠ ᠶᠢᠨ ᠪᠣᠳᠠᠲᠠᠢ ᠵᠢᠭᠡᠯᠡᠯᠭᠡ ᠶᠢᠨ ᠥᠪᠡᠷ ᠤᠨ ᠥᠷᠲᠡᠭ ᠢ

0.7% ᠠᠴᠠ ᠬᠡᠲᠦᠷᠡᠭᠦᠯᠬᠦ ᠦᠭᠡᠢ ᠭᠡᠵᠦ ᠲᠣᠭᠲᠠᠪᠠ᠃

     ᠬᠤᠷᠠᠯ ᠠᠴᠠ ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠦᠨᠳᠦᠰᠦᠨ ᠪᠣᠳᠣᠯᠭ᠎ᠠ ᠮᠥᠨ᠂ ᠭᠠᠳᠠᠭᠠᠳᠤ

ᠣᠷᠣᠭᠤᠯᠤᠯᠲᠠ ᠭᠠᠷᠭᠠᠯᠲᠠ ᠨᠢ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ

ᠲᠣᠭᠲᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠵᠤ᠂ ᠭᠠᠳᠠᠭᠠᠳᠤ

ᠠᠷᠠᠯᠵᠢᠶ᠎ᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠢᠬᠤ ᠬᠡᠷᠡᠭᠲᠡᠢ᠃ ᠨᠢᠭᠡ ᠳᠤ᠂

ᠵᠠᠬᠢᠶᠠᠯᠠᠭ᠎ᠠ ᠶᠢ ᠪᠠᠲᠤᠯᠠᠵᠤ ᠵᠠᠬ᠎ᠠ ᠳᠡᠯᠭᠡᠭᠦᠷ ᠢ ᠥᠷᠭᠡᠳᠬᠡᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠢᠯᠠᠯ ᠤᠨ

ᠡᠨᠧᠷᠭᠢ ᠬᠡᠷᠡᠭᠯᠡᠬᠦ᠂ ᠠᠵᠢᠯᠴᠢᠨ ᠬᠡᠷᠡᠭᠯᠡᠬᠦ᠂ ᠡᠳ᠋ ᠪᠠᠷᠠᠭᠠᠨ ᠤ ᠭᠦᠢᠯᠭᠡᠭᠡ ᠵᠡᠷᠭᠡ ᠶᠢᠨ ᠪᠠᠲᠤᠯᠠᠭ᠎ᠠ ᠶᠢ ᠴᠢᠩᠭᠠᠳᠬᠠᠵᠤ᠂

ᠴᠢᠬᠤᠯᠠ ᠲᠠᠢ ᠦᠶ᠎ᠡ ᠳᠤ ᠪᠦᠬᠦ ᠬᠦᠴᠦᠨ ᠢᠶᠠᠷ ᠢᠶᠠᠨ ᠲᠡᠮᠵᠢᠵᠤ᠂ ᠭᠡᠷ᠎ᠡ ᠪᠠᠨ ᠭᠦᠢᠴᠡᠳᠬᠡᠬᠦ ᠶᠢ ᠦᠨᠡᠨ ᠬᠦ ᠪᠠᠲᠤᠯᠠᠨ᠎ᠠ᠃

ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ

ᠲᠦᠷᠭᠡᠪᠴᠢᠯᠡᠨ ᠪᠣᠳᠠᠲᠠᠢᠵᠢᠭᠤᠯᠤᠨ᠎ᠠ᠃ ᠬᠢᠯᠢ ᠶᠢᠨ ᠭᠠᠳᠠᠨᠠᠬᠢ ᠦᠵᠡᠰᠬᠦᠯᠡᠩ ᠳᠤ ᠣᠷᠤᠯᠴᠠᠬᠤ᠂

ᠵᠥᠪᠳᠡᠯᠴᠡᠬᠦ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠬᠤᠶᠠᠷ ᠲᠤ᠂ ᠭᠠᠳᠠᠭᠠᠳᠤ ᠠᠷᠠᠯᠵᠢᠶᠠᠨ ᠤ ᠰᠢᠨ᠎ᠡ

ᠡᠵᠡᠩᠨᠡᠯᠲᠡ ᠶᠢᠨ ᠬᠡᠯᠪᠡᠷᠢ ᠪᠠᠢᠳᠠᠯ ᠤᠨ ᠨᠡᠩ ᠶᠡᠭᠡ ᠬᠥᠭᠵᠢᠯᠲᠡ ᠶᠢ ᠠᠬᠢᠭᠤᠯᠵᠤ᠂ ᠬᠢᠯᠢ ᠠᠯᠤᠰᠯᠠᠭᠰᠠᠨ ᠨᠢᠭᠡ ᠪᠦᠯᠦᠭ

ᠡᠯᠧᠺᠲᠷᠣᠨ ᠬᠤᠳᠠᠯᠳᠤᠭᠠᠨ ᠤ ᠶᠡᠷᠦᠩᠬᠡᠢᠯᠡᠭᠰᠡᠨ ᠲᠤᠷᠰᠢᠯᠲᠠ ᠶᠢᠨ ᠣᠷᠣᠨ ᠵᠡᠷᠭᠡ ᠶᠢ ᠰᠢᠨ᠎ᠡ ᠪᠠᠷ

ᠪᠠᠢᠭᠤᠯᠬᠤ ᠠᠵᠢᠯ ᠢ ᠰᠢᠮᠳᠠᠭᠤᠯᠤᠨ ᠬᠢᠵᠦ᠂ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ

ᠪᠠᠢᠭᠤᠯᠤᠯᠲᠠ ᠶᠢ ᠳᠡᠮᠵᠢᠬᠦ ᠡᠷᠴᠢᠮ ᠢ ᠨᠡᠩ ᠴᠢᠩᠭᠠᠷᠠᠭᠤᠯᠤᠨ᠎ᠠ᠃ ᠭᠤᠷᠪᠠ ᠳᠤ᠂

ᠭᠠᠷᠠᠮ ᠤᠨ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠪᠠ ᠬᠢᠯᠢ ᠶᠢᠨ ᠳᠣᠲᠣᠷᠠᠬᠢ ᠲᠡᠭᠡᠭᠡᠪᠦᠷᠢᠯᠡᠬᠦ

ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠪᠠᠷᠠᠭ᠎ᠠ ᠶᠢ ᠲᠦᠷᠭᠡᠨ

ᠳᠠᠮᠵᠢᠭᠤᠯᠤᠨ ᠲᠦᠷᠭᠡᠨ ᠲᠡᠭᠡᠭᠡᠪᠦᠷᠢᠯᠡᠬᠦ ᠶᠢ ᠦᠨᠡᠨ ᠬᠦ ᠪᠠᠲᠤᠯᠠᠨ᠎ᠠ᠃ ᠠᠵᠤ ᠦᠢᠯᠡᠰ ᠤᠨ

ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠪᠣᠭᠤᠮᠲᠠ ᠶᠢᠨ

ᠦᠢᠯᠡᠴᠢᠯᠡᠭᠡᠨ ᠤ ᠵᠣᠬᠢᠰ ᠦᠭᠡᠢ ᠰᠦᠢᠳᠬᠡᠯ ᠬᠤᠷᠢᠶᠠᠯᠲᠠ ᠶᠢ ᠦᠷᠭᠦᠯᠵᠢᠯᠡᠨ ᠠᠷᠢᠯᠭᠠᠨ᠎ᠠ᠃

ᠳᠥᠷᠪᠡ ᠳᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠨᠢᠭᠡ ᠪᠦᠯᠦᠭ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ

ᠲᠥᠷᠥᠯ ᠵᠦᠢᠯ ᠢ ᠲᠦᠷᠭᠡᠪᠴᠢᠯᠡᠨ ᠨᠠᠢᠳᠠᠪᠤᠷᠢᠵᠢᠭᠤᠯᠬᠤ ᠶᠢ ᠠᠬᠢᠭᠤᠯᠤᠨ᠎ᠠ᠃ ᠭᠠᠳᠠᠭᠠᠳᠤ ᠶᠢᠨ ᠠᠵᠤ

ᠠᠬᠤᠢᠯᠠᠯ ᠤᠨ ᠬᠤᠳᠠᠯᠳᠤᠭᠠᠨ ᠤ ᠶᠠᠪᠤᠳᠠᠯ᠂ ᠮᠡᠷᠭᠡᠵᠢᠯ ᠤᠨ ᠠᠵᠢᠯᠲᠠᠨ ᠵᠢᠴᠢ ᠭᠡᠷ

ᠪᠦᠯᠢ ᠶᠢᠨ ᠬᠢᠨ ᠤ ᠬᠢᠯᠢ ᠪᠠᠷ ᠣᠷᠣᠵᠤ ᠭᠠᠷᠬᠤ ᠳᠤ ᠤᠯᠠᠮ ᠨᠢᠭᠡ ᠠᠯᠬᠤᠮ ᠳᠥᠭᠦᠮ ᠦᠵᠡᠭᠦᠯᠦᠨ᠎ᠡ᠃

ᠲᠠᠪᠤ ᠳᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠮᠣ ᠮᠤᠵᠢ ᠶᠢᠨ ᠬᠠᠷᠢᠭᠤᠴᠠᠯᠭ᠎ᠠ ᠶᠢ ᠪᠣᠳᠠᠲᠠᠢᠵᠢᠭᠤᠯᠵᠤ᠂

ᠭᠤᠣᠯ ᠲᠤᠯᠭᠠᠭᠤᠷᠢ ᠶᠢᠨ ᠦᠢᠯᠡᠳᠦᠯ ᠢ ᠨᠡᠩ ᠰᠠᠢᠨ ᠪᠠᠳᠠᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠨ ᠬᠢᠨ ᠵᠣᠬᠢᠴᠠᠭᠤᠯᠭ᠎ᠠ ᠪᠠ ᠦᠢᠯᠡᠴᠢᠯᠡᠭᠡ ᠪᠠᠨ ᠴᠢᠩᠭᠠᠳᠬᠠᠬᠤ ᠬᠡᠷᠡᠭᠲᠡᠢ ᠭᠡᠵᠦ

ᠵᠢᠭᠠᠵᠤ ᠭᠠᠷᠭᠠᠪᠠ᠃

     ᠬᠤᠷᠠᠯ ᠠᠴᠠ ᠮᠠᠨ ᠤ ᠤᠯᠤᠰ ᠤᠨ ᠡᠯᠧᠺᠲᠷᠣᠨ ᠴᠠᠬᠢᠯᠭᠠᠨ ᠬᠡᠷᠡᠭᠰᠡᠯ ᠤᠨ ᠠᠵᠤ ᠦᠢᠯᠡᠰ ᠤᠨ ᠬᠡᠪᠴᠢᠶ᠎ᠡ ᠶᠡᠭᠡ᠂

ᠠᠵᠢᠯ ᠣᠯᠣᠯᠲᠠ ᠶᠢ ᠰᠢᠩᠭᠡᠬᠡᠨ ᠠᠪᠬᠤ ᠨᠢ ᠤᠯᠠᠨ ᠪᠠᠢᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾

ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠨᠡᠩ ᠶᠡᠭᠡ ᠠᠮᠢᠵᠢᠷᠠᠯ ᠤᠨ

ᠬᠦᠴᠦᠨ ᠢ ᠬᠥᠭᠵᠢᠭᠡᠬᠦ ᠬᠡᠷᠡᠭᠲᠡᠢ᠃ ᠨᠢᠭᠡ ᠳᠤ᠂ ᠨᠢᠭᠡ ᠪᠦᠯᠦᠭ ᠠᠮᠤᠷ ᠲᠦᠪᠰᠢᠨ ᠤ ᠲᠦᠭᠰᠢᠭᠦᠷᠢ ᠪᠠᠷ ᠳᠣᠣᠷ᠎ᠠ᠂

ᠮᠡᠷᠭᠡᠵᠢᠯ ᠤᠨ ᠨᠥᠬᠦᠴᠡᠯ ᠢᠶᠠᠷ ᠪᠣᠯᠪᠠᠰᠤᠷᠠᠩᠭᠤᠢ ᠪᠣᠯᠤᠭᠰᠠᠨ ᠦᠢᠯᠡᠳᠬᠦᠨ ᠳᠤ ᠠᠯᠪᠠ ᠪᠠᠷ ᠭᠡᠷᠡᠴᠢᠯᠡᠭᠦᠯᠬᠦ᠂ ᠴᠠᠬᠢᠯᠭᠠᠨ

ᠬᠤᠯᠪᠣᠭᠠᠨ ᠤ ᠲᠥᠬᠦᠭᠡᠷᠦᠮᠵᠢ ᠶᠢ ᠬᠡᠷᠡᠭᠯᠡᠬᠦ ᠵᠥᠪᠰᠢᠶᠡᠷᠡᠯ ᠵᠡᠷᠭᠡ ᠶᠢ ᠬᠦᠴᠦᠨ ᠦᠭᠡᠢ ᠪᠣᠯᠭᠠᠵᠤ᠂

ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠳᠤ ᠲᠦᠬᠦᠮ ᠦᠵᠡᠭᠦᠯᠦᠨ᠎ᠡ᠃ ᠬᠤᠶᠠᠷ ᠲᠤ᠂

ᠦᠢᠯᠡᠳᠬᠡᠯ ᠤᠨ ᠦᠢᠯᠡᠰ ᠤᠨ ᠦᠢᠯᠡᠳᠬᠦᠨ ᠤ ᠵᠠᠬ᠎ᠠ ᠳᠡᠯᠭᠡᠭᠦᠷ ᠲᠤ ᠭᠠᠷᠬᠤ ᠵᠣᠬᠢᠰ ᠦᠭᠡᠢ

ᠬᠢᠵᠠᠭᠠᠷᠯᠠᠯ ᠢ ᠪᠦᠬᠦ ᠲᠠᠯ᠎ᠠ ᠪᠠᠷ ᠴᠡᠪᠡᠷᠯᠡᠵᠦ᠂ ᠠᠮᠤᠷ ᠲᠦᠪᠰᠢᠨ ᠢ ᠦᠨᠡᠨ ᠬᠦ

ᠪᠠᠲᠤᠯᠠᠭᠰᠠᠨ ᠤᠷᠢᠲᠠᠯ ᠳᠣᠣᠷ᠎ᠠ ᠦᠢᠯᠡᠳᠪᠦᠷᠢᠯᠡᠯ ᠤᠨ ᠵᠥᠪᠰᠢᠶᠡᠷᠡᠯ ᠢ ᠰᠢᠯᠢᠳᠡᠭᠵᠢᠭᠦᠯᠬᠦ ᠪᠠ

ᠳᠥᠭᠦᠮᠴᠢᠯᠡᠨ ᠨᠡᠢᠯᠡᠭᠦᠯᠦᠨ᠎ᠡ᠃ ᠡᠨᠧᠷᠭᠢ ᠠᠷᠪᠢᠯᠠᠬᠤ᠂ ᠪᠣᠬᠢᠷᠳᠤᠯ ᠦᠭᠡᠢ ᠳᠡᠰ ᠢ ᠦᠨᠡᠯᠡᠨ

ᠲᠣᠭᠲᠠᠭᠠᠵᠤ ᠭᠡᠷᠡᠴᠢᠯᠡᠨ ᠮᠠᠭᠠᠳᠯᠠᠬᠤ ᠶᠢ ᠴᠣᠮᠬᠠᠳᠬᠠᠵᠤ᠂ ᠪᠦᠬᠦ ᠤᠯᠤᠰ ᠤᠨ ᠨᠢᠭᠡᠳᠦᠯᠲᠡᠢ

ᠭᠡᠷᠡᠴᠢᠯᠡᠨ ᠨᠤᠲᠠᠯᠠᠬᠤ ᠰᠢᠰᠲ᠋ᠧᠮ ᠢ ᠪᠠᠢᠭᠤᠯᠤᠨ᠎ᠠ᠃ ᠭᠤᠷᠪᠠ ᠳᠤ᠂ ᠬᠢᠨᠠᠨ ᠬᠠᠮᠢᠶᠠᠷᠬᠤ

ᠬᠠᠷᠢᠭᠤᠴᠠᠯᠭ᠎ᠠ ᠶᠢ ᠪᠣᠳᠠᠲᠠᠢᠵᠢᠭᠤᠯᠵᠤ᠂ ᠠᠮᠢ ᠨᠠᠰᠤ ᠡᠳ᠋ ᠬᠥᠷᠥᠩᠭᠡ ᠶᠢᠨ ᠠᠮᠤᠷ

ᠲᠦᠪᠰᠢᠨ ᠳᠤ ᠬᠤᠯᠪᠣᠭᠳᠠᠬᠤ ᠵᠦᠢᠯ ᠤᠨ ᠭᠤᠣᠯᠳᠠᠯᠭ᠎ᠠ ᠲᠠᠢ ᠬᠢᠨᠠᠨ ᠬᠠᠮᠢᠶᠠᠷᠤᠯᠲᠠ ᠶᠢ ᠰᠠᠢᠲᠤᠷ ᠬᠢᠨ᠎ᠡ

ᠭᠡᠵᠦ ᠵᠢᠭᠠᠵᠤ ᠭᠠᠷᠭᠠᠪᠠ᠃    

    ᠡᠨᠧᠷᠭᠢ ᠶᠢᠨ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠪᠣᠬᠢᠷᠳᠤᠯ ᠦᠭᠡᠢ ᠬᠥᠭᠵᠢᠯᠲᠡ ᠶᠢ

ᠠᠬᠢᠭᠤᠯᠬᠤ ᠶᠢᠨ ᠲᠤᠰᠠᠳᠠ᠂ ᠬᠤᠷᠠᠯ ᠠᠴᠠ ᠨᠢᠭᠡᠨᠲᠡ ᠲᠥᠯᠦᠪᠵᠢᠭᠦᠯᠭᠡ ᠳᠤ ᠣᠷᠣᠭᠤᠯᠤᠭᠰᠠᠨ᠂

ᠨᠥᠬᠦᠴᠡᠯ ᠪᠦᠷᠢᠳᠦᠭᠰᠡᠨ ᠹᠦᠵᠢᠶᠠᠨ ᠤ ᠵᠠᠩᠵᠸᠤ ᠶᠢᠨ ᠬᠤᠶᠠᠳᠤᠭᠠᠷ ᠬᠤᠭᠤᠴᠠᠭ᠎ᠠ᠂ ᠭᠤᠸᠠᠩᠳᠦ᠋ᠩ ᠤᠨ ᠯᠢᠶᠠᠨᠵᠢᠶᠠᠩ ᠤᠨ

ᠨᠢᠭᠡᠳᠦᠭᠡᠷ ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠦᠷᠦᠯ ᠵᠦᠢᠯ ᠢ ᠬᠠᠷᠭᠤᠭᠤᠯᠤᠨ ᠵᠥᠪᠰᠢᠶᠡᠷᠡᠵᠦ᠂

ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠪᠦᠲᠦᠭᠡᠨ ᠪᠠᠢᠭᠤᠯᠤᠯᠲᠠ ᠪᠠ ᠠᠵᠢᠯᠯᠠᠭᠠᠨ ᠤ ᠠᠮᠤᠷ

ᠲᠦᠪᠰᠢᠨ ᠳᠤ ᠥᠴᠥᠬᠡᠨ ᠴᠦ ᠠᠯᠳᠠᠰᠢ ᠭᠠᠷᠭᠠᠬᠤ ᠦᠭᠡᠢ ᠪᠠᠢᠬᠤ ᠶᠢ ᠦᠨᠡᠨ ᠬᠦ ᠪᠠᠲᠤᠯᠠᠬᠤ ᠪᠠᠷ ᠲᠣᠭᠲᠠᠪᠠ᠃

 
ᠢᠷᠡᠯᠲᠡ᠄         
 
 
ᠬᠠᠮᠢᠶ᠎ᠠ ᠪᠥᠬᠦᠢ ᠰᠤᠨᠢᠨ
 
2014-2015 ©                      蒙ICP备05000622号-2