ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠠᠰᠠᠭᠤᠳᠠᠯ ᠤᠨ ᠰᠦᠪᠡᠭᠴᠢ ᠪᠠ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠶᠢ ᠵᠢᠷᠤᠮᠵᠢᠭᠤᠯᠬᠤ ᠬᠤᠯᠪᠣᠭᠳᠠᠯ ᠪᠥᠬᠦᠶ ᠰᠠᠨᠠᠯ ᠰᠠᠨᠠᠭᠤᠯᠭ᠎ᠠ ᠶᠢ ᠢᠯᠡ ᠪᠠᠷ ᠴᠤᠭᠯᠠᠭᠤᠯᠬᠤ ᠲᠤᠬᠠᠶ ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠵᠠᠷ
ᠨᠡᠶᠢᠲᠡᠯᠡᠭᠰᠡᠨ ᠴᠠᠭ᠄
2022/9/16
    ᠡᠨᠡ ᠵᠢᠯ ᠤᠨ 6 ᠰᠠᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠬᠠᠮᠲᠤᠷᠠᠨ ︽ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠳᠤ ᠬᠤᠯᠪᠣᠭᠳᠠᠭᠰᠠᠨ ᠲᠤᠰᠬᠠᠶ ᠵᠦᠢᠯ ᠤᠨ ᠴᠡᠭᠴᠡᠯᠡᠨ ᠵᠠᠰᠠᠬᠤ ᠠᠵᠢᠯᠯᠠᠭᠠᠨ ᠤ ᠲᠥᠰᠦᠯ︾ ᠤᠨ ᠲᠤᠬᠠᠶ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠤᠰᠤ ᠴᠠᠬᠢᠯᠭᠠᠨ ᠬᠡᠢ ᠳᠤᠯᠠᠭᠠᠯᠠᠭ᠎ᠠ᠂ ᠣᠷᠣᠨ ᠨᠤᠲᠤᠭ ᠤᠨ ᠡᠳ᠋ ᠤᠨ ᠵᠠᠰᠠᠭ ᠠᠵᠤ ᠠᠬᠤᠢ᠂ ᠮᠥᠩᠭᠦᠨ ᠭᠦᠢᠯᠭᠡᠭᠡ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠪᠣᠯᠤᠨ ᠵᠠᠭᠤᠴᠢ ᠪᠠᠶᠢᠭᠤᠯᠤᠮᠵᠢ ᠵᠡᠷᠭᠡ ᠨᠡᠶᠢᠭᠡᠮ ᠤᠨ ᠲᠤᠰᠬᠠᠯ ᠨᠡᠯᠢᠶᠡᠳ ᠴᠢᠩᠭ᠎ᠠ᠂ ᠠᠰᠠᠭᠤᠳᠠᠯ ᠨᠡᠯᠢᠶᠡᠳ ᠲᠤᠪᠤᠶᠢᠮ᠎ᠠ ᠪᠠᠶᠢᠭ᠎ᠠ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ 7 ᠰᠠᠷ᠎ᠠ ᠠᠴᠠ 11 ᠰᠠᠷ᠎ᠠ ᠪᠣᠯᠲᠠᠯ᠎ᠠ ᠪᠦᠬᠦ ᠤᠯᠤᠰ ᠲᠤ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠣᠳᠣᠬᠠᠨ ᠳᠤ ᠴᠡᠭᠴᠡᠯᠡᠨ ᠵᠠᠰᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠨᠡᠶᠢᠭᠡᠮ ᠤᠨ ᠬᠢᠨᠠᠯᠲᠠ ᠲᠠᠯᠪᠢᠬᠤ  ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠦᠷ᠎ᠡ ᠪᠦᠲᠦᠮᠵᠢ ᠶᠢ ᠴᠢᠩᠭᠠᠳᠬᠠᠬᠤ ᠶᠢᠨ ᠲᠤᠰᠠᠳᠠ᠂ ᠣᠳᠣ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠠᠰᠠᠭᠤᠳᠠᠯ ᠤᠨ ᠰᠦᠪᠡᠭᠴᠢ ᠶᠢ ᠢᠯᠡ ᠪᠠᠷ ᠴᠤᠭᠯᠠᠭᠤᠯᠬᠤ ᠶᠢᠨ ᠬᠠᠮᠲᠤ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠵᠢᠷᠤᠮᠵᠢᠭᠤᠯᠬᠤ ᠲᠤᠬᠠᠶ ᠰᠠᠨᠠᠯ ᠰᠠᠨᠠᠭᠤᠯᠭ᠎ᠠ ᠶᠢ ᠢᠯᠡ ᠪᠠᠷ ᠴᠤᠭᠯᠠᠭᠤᠯᠵᠤ᠂ ᠡᠯ᠎ᠡ ᠡᠲᠡᠭᠡᠳ ᠤᠨ ᠬᠥᠮᠦᠰ ᠳᠣᠤᠷᠠᠬᠢ ᠬᠡᠳᠦᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠭᠠᠯᠳᠤᠵᠤ ᠲᠤᠰᠬᠠᠵᠤ ᠪᠣᠯᠤᠨ᠎ᠠ᠃      ᠨᠢᠭᠡ᠂ ᠤᠯᠤᠰ ᠤᠨ ᠵᠠᠭᠠᠯᠳᠤᠯᠭ᠎ᠠ ᠶᠢ ᠲᠤᠰᠬᠠᠬᠤ ᠠᠷᠭ᠎ᠠ ᠵᠠᠮ      1. 12381᠂ 12315 ᠬᠤᠶᠠᠷ ᠬᠠᠯᠠᠮᠰᠢᠯ ᠤᠲᠠᠰᠤ︔      2. ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠦᠯᠵᠢᠶ᠎ᠡ ︵http://www.ndrc.gov.cn︶ ᠶᠢᠨ ᠡᠬᠢᠨ ᠤ ᠨᠢᠭᠤᠷ ᠤᠨ ︽ᠣᠶᠢᠯᠠᠭᠠᠯᠴᠠᠨ ᠰᠣᠯᠢᠯᠴᠠᠬᠤ︾ - ︽ᠰᠠᠨᠠᠯ ᠵᠥᠪᠯᠡᠯᠭᠡ ᠳᠤᠷᠠᠳᠴᠤ ᠠᠷᠭ᠎ᠠ ᠤᠬᠠᠭᠠᠨ ᠭᠠᠷᠭᠠᠬᠤ︾ ᠲᠤᠰᠬᠠᠶ ᠪᠤᠯᠤᠩ ᠤᠨ ︽ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠠᠰᠠᠭᠤᠳᠠᠯ ᠤᠨ ᠰᠦᠪᠡᠭᠴᠢ ᠪᠠ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠶᠢ ᠵᠢᠷᠤᠮᠵᠢᠭᠤᠯᠬᠤ ᠲᠤᠬᠠᠶ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠢᠯᠡ ᠪᠠᠷ ᠴᠤᠭᠯᠠᠭᠤᠯᠬᠤ︾ ᠪᠤᠯᠤᠩ ᠳᠤ ᠣᠷᠣᠵᠤ ᠲᠤᠰᠬᠠᠵᠤ ᠪᠣᠯᠣᠨ᠎ᠠ᠃      3. 010 - 68501785 ᠳᠤ ᠹᠠᠺᠰ ᠶᠠᠪᠤᠭᠤᠯᠬᠤ᠃      ᠬᠤᠶᠠᠷ᠂ ᠮᠠᠨ ᠤ ᠬᠤᠲᠠ ᠶᠢᠨ ᠵᠠᠭᠠᠯᠳᠤᠯᠭ᠎ᠠ ᠶᠢ ᠲᠤᠰᠬᠠᠬᠤ ᠠᠷᠭ᠎ᠠ ᠵᠠᠮ      1. 12345 ᠬᠤᠲᠠ ᠶᠢᠨ ᠳᠠᠷᠤᠭ᠎ᠠ ᠶᠢᠨ ᠬᠠᠯᠠᠮᠰᠢᠯ ᠤᠲᠠᠰᠤ ᠶᠢᠨ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠰᠠᠭᠤᠳᠠᠯ︾︔      2. ᠤᠯᠠᠭᠠᠨᠴᠠᠪ ᠬᠤᠲᠠ ᠶᠢᠨ ᠦᠨ᠎ᠡ ᠬᠠᠩᠰᠢ ᠶᠢᠨ ᠵᠠᠭᠠᠯᠳᠤᠯᠭ᠎ᠠ ᠶᠢᠨ ᠤᠲᠠᠰᠤ᠄ 12315︔      3. 0474 - 8320976 ᠳᠤ ᠹᠠᠺᠰ ᠶᠠᠪᠤᠭᠤᠯᠬᠤ︔      ᠢᠯᠡ ᠪᠠᠷ ᠴᠤᠭᠯᠠᠭᠤᠯᠬᠤ ᠠᠵᠢᠯᠯᠠᠭ᠎ᠠ ᠶᠢᠨ ᠳᠠᠭᠤᠰᠬᠤ ᠴᠠᠭ ᠨᠢ 2022 ᠣᠨ ᠤ 9 ᠰᠠᠷ᠎ᠠ ᠶᠢᠨ 30 ᠤ ᠡᠳᠦᠷ ᠪᠣᠯᠤᠨ᠎ᠠ᠃                           ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ                                2022 ᠣᠨ ᠤ 8 ᠰᠠᠷ᠎ᠠ ᠶᠢᠨ 30 ᠤ ᠡᠳᠦᠷ    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2