2022 ᠣᠨ ᠤ ᠪᠥᠬᠦ ᠤᠯᠤᠰ ᠤᠨ ᠣᠯᠠᠨ ᠢᠶᠠᠷ ᠢᠶᠠᠨ ᠠᠳᠠᠯ ᠦᠢᠯᠡᠰ ᠪᠤᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠠᠵᠢᠯᠯᠠᠭ᠎ᠠ ᠶᠢᠨ ᠭᠠᠷᠠᠭ ᠤᠨ ᠥᠪᠥᠷ ᠮᠣᠩᠭᠤᠯ ᠤᠨ ᠬᠤᠪᠢᠶᠠᠷᠢ ᠲᠠᠯᠠᠪᠠᠶ ᠶᠢᠨ ᠠᠵᠢᠯᠯᠠᠭ᠎ᠠ ᠮᠠᠨ ᠤ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2022/9/16
    9 ᠰᠠᠷ᠎ᠠ ᠶᠢᠨ 15 ᠤ ᠡᠳᠦᠷ᠂ 2022 ᠣᠨ ᠤ ᠪᠥᠬᠦ ᠤᠯᠤᠰ ᠤᠨ ᠣᠯᠠᠨ ᠢᠶᠠᠷ ᠢᠶᠠᠨ ᠠᠳᠠᠯ ᠦᠢᠯᠡᠰ ᠪᠤᠰᠬᠠᠵᠤ  ᠨᠡᠶᠢᠲᠡ ᠪᠠᠷ ᠢᠶᠠᠨ ᠰᠢᠨ᠎ᠡ ᠶᠢ ᠡᠭᠦᠳᠬᠦ ᠠᠵᠢᠯᠯᠠᠭ᠎ᠠ ᠶᠢᠨ ᠭᠠᠷᠠᠭ ᠤᠨ ᠥᠪᠥᠷ ᠮᠣᠩᠭᠤᠯ ᠤᠨ ᠬᠤᠪᠢᠶᠠᠷᠢ ᠲᠠᠯᠠᠪᠠᠶ ᠶᠢᠨ ᠠᠵᠢᠯᠯᠠᠭ᠎ᠠ ᠮᠠᠨ ᠤ ᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠧᠩ ᠳ᠋ᠦᠩ ᠪᠥᠸᠧ ᠬᠤᠷᠠᠯ ᠢ ᠡᠷᠬᠢᠯᠡᠵᠦ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠸᠢ ᠶᠦᠨ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ᠃     ᠸᠠᠩ ᠯᠢ ᠰᠢᠶᠠ ᠬᠡᠯᠡᠬᠦ ᠳᠡᠭᠡᠨ᠂ ᠥᠪᠥᠷ ᠮᠣᠩᠭᠤᠯ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠠᠨ ᠢᠶᠠᠷ ᠢᠶᠠᠨ ᠦᠢᠯᠡᠰ ᠪᠤᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠵᠤ᠂ ︽ᠦᠢᠯᠡᠰ ᠪᠤᠰᠬᠠᠵᠤ ᠰᠢᠨ᠎ᠡ ᠶᠢ ᠡᠭᠦᠳᠬᠦ︾ ᠠᠴᠢᠶᠠᠯᠠᠪᠤᠷᠢ ᠥᠷᠢᠰᠥᠯᠳᠦᠨ ᠢᠯᠡᠷᠡᠵᠦ᠂ ᠭᠤᠣᠯ ᠴᠣᠭᠴᠠ ᠲᠠᠰᠤᠷᠠᠯᠲᠠ ᠦᠭᠡᠢ ᠪᠤᠵᠠᠭᠠᠶᠢᠷᠠᠵᠤ᠂ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠠᠵᠢᠯ ᠦᠢᠯᠡᠰ ᠥᠷᠨᠢᠩᠭᠦᠢ ᠬᠥᠭᠵᠢᠪᠡ᠃ ᠥᠪᠥᠷ ᠮᠣᠩᠭᠤᠯ ︽ᠦᠢᠯᠡᠰ ᠪᠤᠰᠬᠠᠵᠤ ᠰᠢᠨ᠎ᠡ ᠶᠢ ᠡᠭᠦᠳᠬᠦ︾ ᠪᠠᠷ ᠦᠷᠭᠦᠯᠵᠢᠯᠡᠨ ᠰᠢᠨ᠎ᠡ ᠬᠥᠳᠡᠯᠭᠡᠬᠦ ᠬᠦᠴᠦᠨ ᠤ ᠬᠤᠷᠳᠤᠳᠬᠠᠭᠤᠷ᠂ ᠰᠢᠨ᠎ᠡ ᠠᠵᠤ ᠠᠬᠤᠢ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠨᠡᠪᠴᠢᠭᠦᠯᠦᠭᠦᠷ᠂ ᠪᠦᠲᠦᠴᠡ ᠶᠢ ᠳᠤᠬᠢᠷᠠᠭᠤᠯᠵᠤ ᠴᠢᠳᠠᠪᠬᠢ ᠶᠢ ᠬᠤᠪᠢᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ ᠬᠤᠷᠳᠤᠳᠬᠠᠭᠤᠷ ᠪᠣᠯᠭᠠᠨ᠎ᠠ᠃ ︽ᠦᠢᠯᠡᠰ ᠪᠤᠰᠬᠠᠵᠤ ᠰᠢᠨ᠎ᠡ ᠶᠢ ᠡᠭᠦᠳᠬᠦ︾ ᠬᠥᠷᠥᠰᠥ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ︽ᠦᠢᠯᠡᠰ ᠪᠤᠰᠬᠠᠵᠤ ᠰᠢᠨ᠎ᠡ ᠶᠢ ᠡᠭᠦᠳᠬᠦ︾ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ︽ᠦᠢᠯᠡᠰ ᠪᠤᠰᠬᠠᠵᠤ ᠰᠢᠨ᠎ᠡ ᠶᠢ ᠡᠭᠦᠳᠬᠦ︾ ᠥᠷᠨᠢᠯᠲᠡ ᠶᠢ ᠲᠠᠰᠤᠷᠠᠯᠲᠠ ᠥᠬᠡᠶ ᠪᠣᠶ ᠪᠣᠯᠭᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢ ᠪᠥᠲᠥᠭᠡᠨ ᠪᠠᠶᠢᠭᠤᠯᠬᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃     ᠴᠢ ᠹᠸᠢ ᠶᠦᠨ ᠪᠠᠶᠠᠷ ᠤᠨ ᠦᠭᠡ ᠳᠡᠭᠡᠨ᠂ ᠤᠯᠠᠭᠠᠨᠴᠠᠪ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠦᠢᠯᠡᠰ ᠪᠤᠰᠬᠠᠵᠤ ᠰᠢᠨ᠎ᠡ ᠶᠢ ᠡᠭᠦᠳᠬᠦ︾ ᠲᠠᠪᠴᠠᠩ ᠤᠨ ᠠᠴᠢᠶᠠᠯᠠᠪᠤᠷᠢ ᠶᠢ ᠢᠳᠡᠪᠬᠢᠲᠡᠶ ᠪᠠᠷ ᠪᠤᠶ ᠪᠣᠯᠭᠠᠵᠤ᠂ ᠴᠠᠬᠢᠯᠭᠠᠨ ᠤ ᠰᠤᠷᠪᠤᠯᠵᠢ ᠲᠣᠣᠷ ᠳᠠᠭᠠᠭᠠᠴᠠ ᠨᠥᠭᠡᠴᠡ᠂ ᠦᠷ᠎ᠡ ᠶᠢᠨ ᠦᠢᠯᠡᠰ ᠤᠨ ᠢᠨᠵᠧᠨᠧᠷᠢᠩ᠂ ᠪᠠᠯ ᠴᠢᠯᠠᠭᠤᠨ ᠠᠯᠺᠸᠠ ᠪᠠ ᠳᠡᠭᠡᠳᠦ ᠲᠠᠰ ᠤᠨ ᠹᠯᠣᠷ ᠴᠠᠬᠢᠭᠤᠷ ᠤᠨ ᠮᠠᠲ᠋ᠧᠷᠢᠶᠠᠯ ᠵᠡᠷᠭᠡ ᠬᠦᠷᠢᠶᠡᠨ ᠳᠠᠬᠢ ᠣᠯᠠᠨ ᠵᠦᠢᠯ ᠤᠨ ᠬᠤᠰᠢᠭᠤᠷᠠᠯ ᠮᠡᠷᠭᠡᠵᠢᠯ ᠨᠢ ︽ᠤᠯᠤᠰ ᠤᠨ ᠳᠣᠲᠣᠭᠠᠳᠤ ᠶᠢᠨ ᠬᠠᠮᠤᠭ︾ ᠪᠠ ︽ᠠᠵᠢᠯ ᠲᠥᠷᠥᠯ ᠤᠨ ᠠᠩᠬ᠎ᠠ ᠤᠳᠠᠭ᠎ᠠ︾ ᠶᠢᠨ ᠲᠡᠮᠳᠡᠭᠯᠡᠯ ᠢ ᠡᠭᠦᠳᠴᠦ᠂ ᠵᠠᠮ ᠨᠡᠭᠡᠭᠡᠨ ᠰᠢᠨ᠎ᠡ ᠶᠢ ᠡᠭᠦᠳᠬᠦ ᠨᠢ ᠨᠢᠭᠡᠨᠲᠡ ᠤᠯᠠᠭᠠᠨᠴᠠᠪ ᠤᠨ ᠢᠯᠡ ᠲᠣᠳᠣ ᠣᠨᠴᠠᠯᠢᠭ ᠪᠣᠯᠵᠠᠢ᠂ ᠠᠵᠤ ᠠᠬᠤᠶᠢᠯᠠᠯᠲᠠᠨ ᠨᠠᠶᠢᠵᠠ ᠨᠠᠷ ᠢ ᠡᠨᠡ ᠬᠦ ᠬᠠᠯᠠᠭᠤᠨ ᠬᠥᠷᠥᠰᠥᠨ ᠳᠤ ᠰᠢᠨ᠎ᠡ ᠶᠢ ᠡᠭᠦᠳᠦᠨ ᠦᠢᠯᠡᠰ ᠪᠤᠰᠬᠠᠵᠤ᠂ ᠬᠠᠷᠢᠯᠴᠠᠨ ᠠᠰᠢᠭᠲᠠᠶ ᠬᠠᠮᠲᠤᠪᠡᠷ ᠠᠰᠢᠭ ᠭᠥᠷᠳᠡᠬᠦ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠢ ᠬᠠᠮᠲᠤᠪᠠᠷ ᠡᠬᠢᠯᠡᠭᠦᠯᠬᠦ ᠶᠢ ᠦᠨᠡᠨ ᠰᠡᠳᠬᠢᠯ ᠠᠴᠠ ᠪᠠᠨ ᠤᠷᠢᠵᠤ ᠪᠠᠶᠢᠨ᠎ᠠ ᠭᠡᠵᠡᠢ᠃     ᠲᠤᠰ ᠬᠤᠭᠤᠴᠠᠭᠠᠨ ᠤ ᠠᠵᠢᠯᠯᠠᠭ᠎ᠠ ᠶᠢᠨ ᠭᠠᠷᠠᠭ ᠲᠤ ︽ᠰᠢᠨ᠎ᠡ ᠶᠢ ᠡᠭᠦᠳᠴᠦ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠦᠢᠯᠡᠰ ᠪᠤᠰᠬᠠᠵᠦ ᠠᠵᠢᠯ ᠣᠯᠭᠤᠯᠲᠠ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠥᠷᠨᠢᠭᠦᠯᠦᠨ᠎ᠡ᠃ ᠡᠨᠡ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠴᠠ ᠠᠳᠠᠯ ᠦᠢᠯᠡᠰ ᠪᠤᠰᠬᠠᠵᠤ ᠰᠢᠨ᠎ᠡ ᠶᠢ ᠡᠭᠦᠳᠬᠦ ᠤᠷᠤᠯᠳᠤᠭᠠᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠵᠢᠯᠯᠠᠭ᠎ᠠ ᠶᠢ ᠵᠡᠷᠭᠡᠪᠡᠷ ᠡᠷᠭᠢᠯᠡᠵᠦ᠂ ᠣᠯᠠᠨ ᠨᠡᠶᠢᠲᠡ ᠳᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠰᠠᠨ ᠨᠡᠶᠢᠲᠡᠯᠢᠭ ᠬᠡᠷᠡᠭ ᠤᠨ ᠵᠢᠱᠢᠶ᠎ᠡ᠂ ᠲᠥᠷᠥᠯ ᠵᠦᠢᠯ ᠪᠠ ᠦᠷ᠎ᠡ ᠪᠦᠲᠦᠭᠡᠯ ᠢ ᠦᠵᠡᠭᠦᠯᠵᠦ᠂ ᠰᠢᠨ᠎ᠡ ᠶᠢ ᠡᠭᠦᠳᠦᠨ ᠠᠳᠠᠯ ᠦᠢᠯᠡᠰ ᠪᠤᠰᠬᠠᠬᠤ ᠳᠤ ᠠᠰᠢᠭᠲᠠᠶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃                                                    ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2