ᠬᠤᠸᠠᠳᠧ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠳᠡᠯᠭᠡᠨ ᠪᠣᠷᠣᠯᠠᠭᠤᠯᠤᠯᠲᠠ ᠶᠢᠨ ᠴᠤᠭᠯᠠᠭᠠᠨ ᠨᠢ ︽ᠬᠡᠷᠡᠭᠯᠡᠭᠡ ᠪᠠᠷ ᠬᠠᠪᠰᠤᠷᠤᠨ ᠲᠡᠳᠬᠦᠬᠦ ᠠᠶᠠᠯᠠᠯ︾ ᠢ ︽ᠬᠤᠶᠠᠷ ᠭᠠᠵᠠᠷ ᠤᠨ ᠬᠠᠮᠲᠤᠷᠠᠯᠴᠠᠭᠠᠨ ᠤ ᠵᠠᠮ︾ ᠪᠣᠯᠭᠠᠨ ᠲᠠᠰ ᠳᠡᠪᠰᠢᠭᠦᠯᠪᠡ
ᠨᠡᠶᠢᠲᠡᠯᠡᠭᠰᠡᠨ ᠴᠠᠭ᠄
2022/9/16
    ᠣᠶᠢᠷ᠎ᠠ ᠳᠤ᠂ ᠳ᠋ᠦᠩᠴᠧᠩ ᠲᠣᠭᠤᠷᠢᠭ ᠤᠨ ᠰᠣᠶᠣᠯ ᠤᠨ ᠵᠢᠭᠤᠯᠴᠢᠯᠠᠯ ᠤᠨ ᠲᠣᠪᠴᠢᠶ᠎ᠠ ᠮᠢᠩ ᠤᠯᠤᠰ ᠤᠨ ᠬᠡᠷᠡᠮ ᠤᠨ ᠪᠠᠭᠤᠷᠢ ᠶᠢᠨ ᠴᠡᠴᠡᠷᠯᠢᠭ ᠲᠤ 2022 ᠣᠨ ᠤ ᠳ᠋ᠦᠩᠴᠧᠩ ᠲᠣᠭᠤᠷᠢᠭ ᠤᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠴᠡᠴᠡᠷᠯᠢᠭ ᠤᠨ ᠵᠤᠭᠠᠴᠠᠯ ᠤᠨ ᠴᠤᠭᠯᠠᠭᠠᠨ ᠢ ᠵᠣᠬᠢᠶᠠᠨ ᠪᠠᠶᠢᠭᠤᠯᠵᠤ ᠥᠷᠨᠢᠭᠦᠯᠪᠡ᠃ ᠪᠡᠭᠡᠵᠢᠩ ᠬᠤᠳᠠ ᠶᠢᠨ ᠬᠤᠸᠠᠳᠧ ᠰᠢᠶᠠᠨ ᠳᠤ ᠳᠤᠮᠢᠯᠠᠭᠰᠠᠨ ᠲᠦᠷ ᠴᠠᠭ ᠲᠤᠰᠢᠶᠠᠯ ᠡᠭᠦᠷᠭᠡᠯᠡᠬᠦ ᠪᠦᠯᠬᠦᠮ ᠤᠨ ᠬᠢᠨ ᠥᠪᠥᠷ ᠮᠣᠩᠭᠤᠯ ᠤᠨ ᠶᠢᠦ ᠮᠧᠩ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢ ᠳᠠᠭᠠᠭᠤᠯᠤᠨ ᠪᠡᠭᠡᠵᠢᠩ ᠳᠤ ᠬᠦᠷᠴᠦ ᠣᠷᠣᠯᠴᠠᠪᠠ᠃     ᠳᠡᠯᠭᠡᠨ ᠪᠣᠷᠣᠯᠠᠭᠤᠯᠬᠤ ᠴᠤᠭᠯᠠᠭᠠᠨ ᠤ ᠬᠤᠭᠤᠴᠠᠭᠠᠨ ᠳᠤ᠂ ᠬᠤᠸᠠᠳᠧ ᠰᠢᠶᠠᠨ ᠤ ᠳᠡᠯᠭᠡᠨ ᠦᠵᠡᠭᠦᠯᠬᠦ ᠲᠠᠶᠢᠰᠠᠨ ᠳᠤ ᠨᠢᠦ ᠰᠢᠶᠣᠣ ᠴᠢᠶᠠᠩ᠂ ᠰᠠᠢ ᠪᠸᠢ ᠬᠠᠨ ᠹᠧᠩ ᠵᠡᠷᠭᠡ ᠠᠷᠪᠠᠨ ᠵᠦᠢᠯ ᠤᠨ ᠣᠨᠴᠠᠯᠢᠭ ᠲᠠᠢ ᠰᠢᠯᠢᠳᠡᠭ ᠪᠦᠲᠦᠭᠡᠭᠳᠡᠬᠦᠨ ᠴᠤᠭᠯᠠᠷᠠᠵᠤ᠂ ᠡᠭᠦᠨ ᠤ ᠳᠣᠲᠣᠷ᠎ᠠ ᠬᠠᠲᠠᠭᠠᠭᠰᠠᠨ ᠪᠣᠷᠴᠠ᠂ ᠴᠠᠭᠠᠨ ᠢᠳᠡᠭᠡ ᠨᠢ ᠪᠡᠭᠡᠵᠢᠩ ᠤᠨ ᠬᠡᠷᠡᠭᠯᠡᠭᠴᠢᠳ ᠤᠨ ᠰᠠᠶᠢᠨ ᠦᠨᠡᠯᠡᠯᠲᠡ ᠶᠢ ᠣᠯᠵᠠᠢ᠃ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠤᠳ ᠲᠤᠷᠰᠢᠨ ᠢᠳᠡᠵᠦ ᠲᠤᠷᠰᠢᠨ ᠤᠤᠭᠤᠬᠤ᠂ ᠬᠡᠮᠵᠢᠶᠡᠨ ᠳᠤ ᠬᠦᠷᠪᠡᠯ ᠦᠨ᠎ᠡ ᠶᠢ ᠨᠢ ᠬᠠᠰᠤᠬᠤ ᠬᠤᠳᠠᠯᠳᠤᠨ ᠠᠪᠴᠤ ᠪᠡᠯᠡᠭᠯᠡᠬᠦ ᠵᠡᠷᠭᠡ ᠠᠯᠢ ᠣᠯᠠᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠡᠷᠡᠭᠯᠡᠭᠴᠢᠳ ᠤᠨ ᠬᠤᠳᠠᠯᠳᠤᠨ ᠠᠪᠬᠤ ᠤᠷᠮ᠎ᠠ ᠶᠢ ᠬᠥᠭᠵᠢᠭᠡᠵᠦ᠂ ᠭᠤᠷᠪᠠᠨ ᠡᠳᠦᠷ ᠤᠨ ᠳᠡᠯᠭᠡᠨ ᠪᠣᠷᠣᠯᠠᠭᠤᠯᠬᠤ ᠠᠵᠢᠯᠯᠠᠭ᠎ᠠ ᠶᠢᠨ ᠲᠠᠸᠠᠷ ᠤᠨ ᠪᠣᠷᠤᠯᠠᠭᠤᠯᠭ᠎ᠠ ᠬᠤᠭᠤᠰᠤᠷᠠᠵᠤ᠂ ᠠᠷᠠᠯᠵᠢᠶ᠎ᠠ ᠪᠦᠲᠦᠭᠰᠡᠨ ᠬᠡᠮᠵᠢᠶ᠎ᠡ 20 ᠭᠠᠷᠤᠢ ᠲᠦᠮᠡᠨ ᠲᠥᠭᠦᠷᠢᠭ ᠢ ᠳᠠᠪᠠᠵᠠᠢ᠃     ᠲᠣᠰ ᠤᠳᠠᠭᠠᠨ ᠤ ᠳᠡᠯᠭᠡᠨ ᠪᠣᠷᠣᠯᠠᠭᠤᠯᠬᠤ ᠴᠤᠭᠯᠠᠭᠠᠨ ᠢᠶᠠᠷ ᠳᠠᠮᠵᠢᠭᠤᠯᠤᠨ ᠬᠤᠸᠠᠳᠧ ᠰᠢᠶᠠᠨ ᠤ ᠶᠠᠳᠠᠭᠤ  ᠠᠴᠠ ᠠᠩᠭᠢᠵᠢᠷᠠᠭᠤᠯᠵᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠳᠡᠯᠭᠡᠨ ᠦᠵᠡᠭᠦᠯᠵᠦ᠂ ᠪᠡᠭᠡᠵᠢᠩ ᠤᠨ ᠨᠠᠩ ᠣᠯᠠᠨ ᠬᠤᠲᠠ ᠶᠢᠨ ᠠᠷᠠᠳ ᠲᠤ ᠬᠤᠸᠠᠳᠧ ᠰᠢᠶᠠᠨ ᠤ ᠲᠠᠷᠢᠶᠠᠯᠠᠩ ᠤᠨ ᠣᠨᠴᠠ ᠭᠠᠷᠤᠯᠲᠠ ᠶᠢ ᠣᠶᠢᠯᠠᠭᠠᠭᠤᠯᠵᠤ᠂ ᠬᠤᠸᠠᠳᠧ ᠰᠢᠶᠠᠨ ᠤ ᠠᠵᠤ ᠠᠬᠤᠶᠢᠯᠠᠯ ᠤᠨ ᠨᠠᠷᠠᠲᠤ ᠲᠡᠮᠳᠡᠭ ᠤᠨ ᠬᠡᠮᠵᠢᠶ᠎ᠡ ᠪᠠ ᠠᠯᠳᠠᠷᠰᠢᠯ ᠢ ᠳᠡᠭᠡᠭᠰᠢᠯᠡᠭᠦᠯᠵᠦ᠂ ᠪᠥᠬᠦ ᠠᠷᠠᠳ ᠤᠨ ᠬᠦᠴᠦᠨ ᠢ ᠠᠰᠢᠭᠯᠠᠨ ᠬᠤᠸᠠᠳᠧ ᠰᠢᠶᠠᠨ ᠤ ᠲᠣᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠳᠡᠯᠭᠡᠷᠡᠭᠦᠯᠵᠡᠢ᠃     ᠳᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠤ ᠲᠦᠷ ᠴᠠᠭ ᠲᠤᠰᠢᠶᠠᠯ ᠡᠭᠦᠷᠭᠡᠯᠡᠬᠦ ᠪᠦᠯᠬᠦᠮ ᠤᠨ ᠬᠢᠨ ᠲᠤᠰ ᠤᠳᠠᠭ᠎ᠠ ᠶᠢᠨ ᠳᠡᠯᠭᠡᠨ ᠪᠣᠷᠣᠯᠠᠭᠤᠯᠬᠤ ᠴᠤᠭᠯᠠᠭᠠᠨ ᠤ ᠣᠯᠣᠭᠰᠠᠨ ᠲᠤᠷᠰᠢᠯᠭ᠎ᠠ ᠶᠢ ᠳ᠋ᠦᠩᠨᠡᠵᠦ᠂ ᠰᠢᠨ᠎ᠡ ᠶᠢ ᠡᠭᠦᠳᠴᠦ᠂ ᠰᠡᠳᠬᠢᠴᠡ ᠪᠠᠨ ᠥᠷᠭᠡᠳᠬᠡᠵᠦ᠂ ᠠᠵᠢᠯ ᠤᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯ ᠢ ᠤᠯᠠᠨ ᠠᠷᠭ᠎ᠠ ᠵᠠᠮ ᠢᠶᠠᠷ ᠠᠬᠢᠭᠤᠯᠵᠤ᠂ ᠰᠢᠶᠠᠨ ᠤ ᠶᠠᠳᠠᠭᠤ ᠶᠢ ᠲᠡᠳᠬᠦᠬᠦ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠬᠦ ᠪᠣᠯᠣᠨ᠎ᠠ᠃ ᠡᠭᠦᠨ ᠤ ᠵᠡᠷᠭᠡᠪᠡᠷ᠂ ︽ᠬᠡᠷᠡᠭᠯᠡᠭᠡ ᠪᠠᠷ ᠬᠠᠪᠰᠤᠷᠤᠨ ᠲᠡᠳᠬᠦᠬᠦ︾ ᠶᠢᠨ ᠲᠣᠭᠤᠷᠢᠨ ᠳᠤ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠥᠷᠨᠢᠭᠦᠯᠵᠦ᠂ ︽ᠵᠠᠰᠠᠭ ᠵᠠᠬᠢᠷᠭᠠᠨ ᠢᠶᠠᠷ ᠬᠥᠲᠥᠯᠥᠨ ᠵᠢᠯᠤᠭᠤᠳᠬᠤ᠂ ᠲᠠᠪᠴᠠᠩ ᠪᠠᠶᠢᠭᠤᠯᠬᠤ᠂ ᠵᠠᠭᠪᠤᠷ ᠢ ᠰᠢᠨᠡᠴᠢᠯᠡᠬᠦ᠂ ᠤᠯᠠᠨ ᠲᠠᠯ᠎ᠠ ᠪᠠᠷ ᠬᠦᠴᠦᠯᠡᠬᠦ︾ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠤᠸᠠᠳᠧ ᠰᠢᠶᠠᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠬᠤᠳᠠ ᠪᠠ ᠳ᠋ᠦᠩᠴᠧᠩ ᠲᠣᠭᠤᠷᠢᠭ ᠤᠨ ᠵᠠᠬ᠎ᠠ ᠳᠡᠯᠭᠡᠭᠦᠷ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ︽ᠬᠡᠷᠡᠭᠯᠡᠭᠡ ᠪᠠᠷ ᠬᠠᠪᠰᠤᠷᠤᠨ ᠲᠡᠳᠬᠦᠬᠦ ᠠᠶᠠᠯᠠᠯ︾ ᠢ ᠲᠡᠰ ᠳᠡᠪᠰᠢᠭᠦᠯᠵᠦ ︽ᠬᠤᠶᠠᠷ ᠭᠠᠵᠠᠷ ᠤᠨ ᠬᠠᠮᠲᠤᠷᠠᠯᠴᠠᠭᠠᠨ ᠤ ᠵᠠᠮ︾  ᠪᠣᠯᠭᠠᠬᠤ ᠬᠡᠷᠡᠭᠲᠡᠢ᠃                                       ᠤᠷᠴᠢᠭᠤᠯᠤᠭᠴᠢ᠄ ᠬᠦᠰᠡᠯ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2