9 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ | ᠬᠤᠲᠠ ᠶᠢᠨ ︽ᠲᠠᠪᠤ ᠶᠢ ᠲᠣᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠳᠥᠯᠭᠢᠨ ᠠᠬᠢᠭᠤᠯᠤᠭᠰᠠᠨ ᠪᠠᠶᠢᠳᠠᠯ ᠢ | ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ︽ᠲᠠᠪᠤ ᠶᠢ ᠲᠣᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠥᠷᠨᠢᠭᠦᠯᠬᠦ ᠪᠣᠯ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠭᠰᠡᠨ ᠴᠢᠬᠤᠯᠠ ᠪᠠᠶᠢᠷᠢᠯᠠᠭᠤᠯᠤᠯᠲᠠ ᠪᠣᠯᠤᠨ᠎ᠠ᠂ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠯᠭᠠᠯᠲᠠ ᠲᠤᠰᠢᠶᠠᠬᠤ | ᠤᠬᠠᠮᠰᠠᠷ ᠢᠶᠠᠨ ᠴᠢᠩᠭᠠᠳᠬᠠᠵᠤ᠂ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠵᠤ᠂ ᠰᠢᠯᠲᠠᠭᠠᠨ ᠪᠠ ᠭᠡᠮ ᠰᠣᠭᠤᠭ ᠢ ᠨᠢ | ᠣᠨᠣᠪᠴᠢᠲᠠᠢ ᠡᠷᠢᠵᠦ᠂ ᠠᠵᠢᠯ ᠤᠨ ᠡᠭᠡ ᠲᠠᠩᠰᠠ ᠪᠠᠶᠢᠭᠤᠯᠵᠤ᠂ ᠱᠠᠳᠤ ᠬᠤᠪᠢᠶᠠᠨ ᠲᠦᠷᠦᠯ ᠬᠤᠪᠢᠶᠠᠨ | ᠰᠢᠢᠳᠪᠦᠷᠢᠯᠡᠵᠦ᠂ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠤᠨ ᠵᠥᠪᠰᠢᠶᠡᠷᠡᠬᠦ ᠶᠣᠰᠣᠲᠠᠢ ᠶᠢ ᠨᠢ ᠪᠦᠬᠦᠨ ᠢ | ᠵᠥᠪᠰᠢᠶᠡᠷᠡᠬᠦ ᠶᠢ ᠦᠨᠡᠨᠬᠦ ᠠᠬᠢᠭᠤᠯᠵᠤ᠂ ︽ᠬᠠᠭᠠᠰ ᠳᠤᠲᠠᠭᠤ︾ ᠢᠨᠵᠧᠨᠧᠷᠢᠩ ᠢ ᠲᠠᠬᠢᠨ ᠡᠬᠢᠯᠡᠭᠦᠯᠦᠨ | ᠳᠠᠭᠤᠰᠬᠠᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠪᠠ ᠰᠤᠯᠠ ᠪᠠᠶᠢᠬᠤ ᠭᠠᠵᠠᠷ | ᠰᠢᠷᠣᠢ ᠶᠢ ᠠᠮᠢᠳᠤᠯᠢᠭ ᠢᠶᠠᠷ ᠠᠰᠢᠭᠯᠠᠵᠤ᠂ ᠳᠠᠷᠤᠭᠳᠠᠮᠠᠯ ᠪᠡᠯᠡ ᠮᠥᠩᠭᠦ ᠶᠢᠨ ᠦᠷ᠎ᠡ ᠠᠰᠢᠭ ᠢ ᠬᠠᠮᠤᠭ ᠤᠨ ᠶᠡᠭᠡ | ᠪᠣᠯᠭᠠᠵᠤ᠂ ᠨᠡᠭᠡᠭᠡᠨ ᠬᠥᠭᠵᠢᠭᠦᠯᠬᠦ ᠣᠷᠣᠨ ᠤ ᠡᠬᠢ ᠪᠠᠶᠠᠯᠢᠭ ᠤᠨ ᠡᠯᠧᠮᠧᠨ᠋ᠲ ᠢ ᠥᠨᠳᠥᠷ ᠪᠦᠲᠦᠮᠵᠢᠲᠡᠢ ᠠᠰᠢᠭᠯᠠᠵᠤ | ᠂ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠢ ᠬᠤᠷᠠᠮᠳᠤᠭᠤᠯᠵᠤ ᠥᠭᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ︽ᠤᠯᠠᠭᠠᠨᠴᠠᠪ ᠬᠤᠲᠠ ᠶᠢᠨ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠭ᠎ᠠ ᠶᠢᠨ | ᠭᠤᠷᠪᠠᠨ ᠵᠢᠯ ᠤᠨ ᠬᠡᠷᠡᠭᠵᠢᠭᠦᠯᠬᠦ ᠲᠥᠰᠦᠯ ︵2022 — 2024 ᠣᠨ︶︾ ᠢ ᠬᠢᠨᠠᠨ ᠵᠥᠪᠯᠡᠵᠦ᠂ | ᠢᠨᠵᠧᠨᠧᠷᠢᠩ ᠤᠨ ᠠᠬᠢᠴᠠ ᠶᠢ ᠲᠦᠷᠭᠡᠳᠬᠡᠵᠦ᠂ ᠣᠯᠠᠨ ᠲᠦᠮᠡᠨ ᠤ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨᠬᠦ | ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |