ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ︽ᠲᠠᠪᠤ ᠶᠢ ᠲᠣᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠰᠤᠳᠤᠯᠤᠨ ᠪᠠᠶᠢᠷᠢᠯᠠᠭᠤᠯᠵᠤ ᠨᠠᠶᠢᠳᠠᠪᠤᠷᠢᠵᠢᠭᠤᠯᠬᠤ ᠠᠵᠢᠯ ᠢ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2022/9/19
   9 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ︽ᠲᠠᠪᠤ ᠶᠢ ᠲᠣᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠳᠥᠯᠭᠢᠨ ᠠᠬᠢᠭᠤᠯᠤᠭᠰᠠᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ︽ᠲᠠᠪᠤ ᠶᠢ ᠲᠣᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠭᠰᠡᠨ ᠴᠢᠬᠤᠯᠠ ᠪᠠᠶᠢᠷᠢᠯᠠᠭᠤᠯᠤᠯᠲᠠ ᠪᠣᠯᠤᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠵᠤ᠂ ᠰᠢᠯᠲᠠᠭᠠᠨ ᠪᠠ ᠭᠡᠮ ᠰᠣᠭᠤᠭ ᠢ ᠨᠢ ᠣᠨᠣᠪᠴᠢᠲᠠᠢ ᠡᠷᠢᠵᠦ᠂ ᠠᠵᠢᠯ ᠤᠨ ᠡᠭᠡ ᠲᠠᠩᠰᠠ ᠪᠠᠶᠢᠭᠤᠯᠵᠤ᠂ ᠱᠠᠳᠤ ᠬᠤᠪᠢᠶᠠᠨ ᠲᠦᠷᠦᠯ ᠬᠤᠪᠢᠶᠠᠨ ᠰᠢᠢᠳᠪᠦᠷᠢᠯᠡᠵᠦ᠂ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠤᠨ ᠵᠥᠪᠰᠢᠶᠡᠷᠡᠬᠦ ᠶᠣᠰᠣᠲᠠᠢ ᠶᠢ ᠨᠢ ᠪᠦᠬᠦᠨ ᠢ ᠵᠥᠪᠰᠢᠶᠡᠷᠡᠬᠦ ᠶᠢ ᠦᠨᠡᠨᠬᠦ ᠠᠬᠢᠭᠤᠯᠵᠤ᠂ ︽ᠬᠠᠭᠠᠰ ᠳᠤᠲᠠᠭᠤ︾ ᠢᠨᠵᠧᠨᠧᠷᠢᠩ ᠢ ᠲᠠᠬᠢᠨ ᠡᠬᠢᠯᠡᠭᠦᠯᠦᠨ ᠳᠠᠭᠤᠰᠬᠠᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠪᠠ ᠰᠤᠯᠠ ᠪᠠᠶᠢᠬᠤ ᠭᠠᠵᠠᠷ ᠰᠢᠷᠣᠢ ᠶᠢ ᠠᠮᠢᠳᠤᠯᠢᠭ ᠢᠶᠠᠷ ᠠᠰᠢᠭᠯᠠᠵᠤ᠂ ᠳᠠᠷᠤᠭᠳᠠᠮᠠᠯ ᠪᠡᠯᠡ ᠮᠥᠩᠭᠦ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠵᠤ᠂ ᠨᠡᠭᠡᠭᠡᠨ ᠬᠥᠭᠵᠢᠭᠦᠯᠬᠦ ᠣᠷᠣᠨ ᠤ ᠡᠬᠢ ᠪᠠᠶᠠᠯᠢᠭ ᠤᠨ ᠡᠯᠧᠮᠧᠨ᠋ᠲ ᠢ ᠥᠨᠳᠥᠷ ᠪᠦᠲᠦᠮᠵᠢᠲᠡᠢ ᠠᠰᠢᠭᠯᠠᠵᠤ ᠂ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠢ ᠬᠤᠷᠠᠮᠳᠤᠭᠤᠯᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ︽ᠤᠯᠠᠭᠠᠨᠴᠠᠪ ᠬᠤᠲᠠ ᠶᠢᠨ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠭ᠎ᠠ ᠶᠢᠨ ᠭᠤᠷᠪᠠᠨ ᠵᠢᠯ ᠤᠨ ᠬᠡᠷᠡᠭᠵᠢᠭᠦᠯᠬᠦ ᠲᠥᠰᠦᠯ ︵2022 — 2024 ᠣᠨ︶︾ ᠢ ᠬᠢᠨᠠᠨ ᠵᠥᠪᠯᠡᠵᠦ᠂ ᠢᠨᠵᠧᠨᠧᠷᠢᠩ ᠤᠨ ᠠᠬᠢᠴᠠ ᠶᠢ ᠲᠦᠷᠭᠡᠳᠬᠡᠵᠦ᠂ ᠣᠯᠠᠨ ᠲᠦᠮᠡᠨ ᠤ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃                                                              ᠣᠷᠴᠢᠭᠤᠯᠤᠭᠴᠢ᠄ ᠭᠤᠸ᠎ᠠ                                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2