ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ ᠦᠢᠯᠡᠴᠢᠯᠡᠵᠦ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠢ ᠰᠤᠳᠤᠯᠤᠨ ᠳᠡᠯᠭᠡᠷᠡᠭᠦᠯᠬᠦ ᠠᠵᠢᠯᠯᠠᠭ᠎ᠠ ᠳᠥᠷᠪᠡᠳ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2022/9/2
    ᠣᠶᠢᠷ᠎ᠠ ᠳᠤ᠂ 2022 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ ᠦᠢᠯᠡᠴᠢᠯᠡᠵᠦ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠢ ᠰᠤᠳᠤᠯᠤᠨ ᠳᠡᠯᠭᠡᠷᠡᠭᠦᠯᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠥᠷᠪᠡᠳ ᠬᠤᠰᠢᠭᠤᠨ ᠳᠤ ᠶᠠᠪᠤᠭᠳᠠᠪᠠ᠃     ᠳᠡᠯᠭᠡᠷᠡᠭᠦᠯᠬᠦ ᠠᠵᠢᠯᠯᠠᠭ᠎ᠠ ᠶᠢ ᠭᠤᠷᠪᠠᠨ ᠡᠳᠦᠷ ᠶᠠᠪᠤᠭᠳᠠᠭᠤᠯᠵᠤ᠂ ᠤᠯᠠᠭᠠᠨᠬᠤᠸᠠ ᠪᠠᠯᠭᠠᠰᠤ ᠪᠣᠯᠤᠨ ᠴᠠᠭᠠᠨ ᠪᠤᠯᠠᠭ ᠰᠤᠮᠤᠨ ᠳᠤ 3 ᠲᠠᠯᠠᠪᠤᠷ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ᠂ 6 ᠲᠠᠯᠠᠪᠤᠷ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠪᠣᠯᠤᠨ 2 ᠲᠠᠯᠠᠪᠤᠷ ᠶᠠᠷᠢᠯᠴᠠᠬᠤ ᠬᠤᠷᠠᠯ ᠡᠷᠭᠢᠯᠡᠨ ᠶᠠᠪᠤᠭᠳᠠᠭᠤᠯᠵᠤ᠂ ᠠᠵᠢᠯᠯᠠᠭ᠎ᠠ ᠨᠢ ᠠᠯᠠᠰᠢᠨ ᠦᠬᠡᠷ ᠢ ᠲᠡᠵᠢᠭᠡᠨ ᠠᠷᠠᠴᠢᠯᠠᠬᠤ ᠪᠠ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠶᠢᠨ ᠲᠣᠭᠤᠷᠢᠨ ᠳᠤ᠂ ᠳᠡᠯᠭᠡᠷᠡᠭᠦᠯᠬᠦ ᠡᠲᠡᠭᠡᠳ ᠨᠢ ᠭᠤᠤᠯᠳᠠᠭᠤ ᠠᠯᠠᠰᠢᠨ ᠦᠬᠡᠷ ᠤᠨ ᠠᠵᠤ ᠦᠢᠯᠡᠰ ᠤᠨ ᠬᠥᠲᠥᠴᠢ ᠠᠵᠤ ᠠᠬᠤᠶᠢᠯᠠᠯ᠂ ᠲᠤᠰᠬᠠᠶ ᠠᠵᠢᠯ ᠤᠨ ᠬᠤᠷᠰᠢᠶ᠎ᠠ ᠪᠠ ᠲᠡᠵᠢᠭᠡᠨ ᠦᠷᠡᠵᠢᠭᠦᠯᠬᠦ ᠲᠣᠮᠣ ᠡᠷᠦᠬᠡ ᠪᠠᠷ ᠭᠤᠤᠯ ᠪᠣᠯᠭᠠᠵᠤ᠂ ᠨᠢᠭᠡ ᠪᠦᠯᠦᠭ ᠦᠨᠳᠦᠰᠦᠨ ᠱᠠᠲᠤᠨ ᠤ ᠠᠯᠠᠰᠢᠨ ᠦᠬᠡᠷ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠪᠠ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠢ ᠬᠦᠴᠦᠯᠡᠨ ᠬᠦᠮᠦᠵᠢᠭᠦᠯᠬᠦ ᠪᠣᠯᠣᠨ᠎ᠠ᠃     ᠳᠡᠯᠭᠡᠷᠡᠭᠦᠯᠬᠦ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠣᠨᠴᠠ ᠴᠢᠳᠠᠪᠤᠷᠢ ᠪᠠ ᠲᠤᠷᠰᠢᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠮᠠᠯ ᠠᠵᠤ ᠠᠬᠤᠶ ᠲᠡᠵᠢᠭᠡᠨ ᠦᠷᠡᠵᠢᠭᠦᠯᠬᠦ ᠦᠢᠯᠡᠰ ᠡᠷᠭᠢᠯᠡᠬᠦ ᠢᠲᠡᠭᠡᠯ ᠢ ᠶᠡᠬᠡᠪᠡᠷ ᠨᠡᠮᠡᠭᠳᠡᠭᠦᠯᠦᠨ᠂ ᠳᠥᠷᠪᠡᠳ ᠬᠤᠰᠢᠭᠤᠨ ᠤ ᠲᠡᠵᠢᠭᠡᠨ ᠦᠷᠡᠵᠢᠭᠦᠯᠬᠦ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠰᠢᠨᠵᠢᠯᠡᠬᠦ ᠤᠬᠠᠭᠠᠨᠴᠢ ᠪᠠᠷ ᠥᠷᠨᠢᠬᠦ ᠶᠢ ᠳᠡᠮᠵᠢᠪᠡ᠃     ᠠᠵᠢᠯᠯᠠᠭ᠎ᠠ ᠳᠤ ᠣᠷᠣᠯᠴᠠᠭᠰᠠᠨ ᠲᠡᠵᠢᠭᠡᠨ ᠦᠷᠡᠵᠢᠭᠦᠯᠬᠦ ᠡᠷᠦᠬᠡ ᠰᠠᠨᠠᠯ ᠨᠢᠭᠡᠲᠡᠶ ᠢᠯᠡᠷᠬᠡᠶᠢᠯᠡᠬᠦ ᠳᠡᠭᠡᠨ᠂ ᠠᠵᠢᠯᠯᠠᠭ᠎ᠠ ᠶᠢᠨ ᠠᠭᠤᠯᠭ᠎ᠠ ᠨᠢ ᠮᠠᠰᠢ ᠶᠡᠭᠡ ᠬᠠᠨᠳᠤᠯᠭᠠᠲᠤ ᠴᠢᠨᠠᠷ ᠲᠠᠢ᠂ ᠪᠣᠳᠠᠲᠤ ᠪᠠᠶᠢᠳᠠᠯ ᠲᠠᠢ ᠤᠶᠠᠯᠳᠤᠵᠤ ᠮᠠᠰᠢ ᠬᠡᠷᠡᠭᠴᠡᠭᠡ ᠲᠠᠢ᠂ ᠬᠠᠷᠢᠭᠰᠠᠨ ᠤ ᠳᠠᠷᠠᠭ᠎ᠠ ᠨᠠᠷᠢᠨ ᠬᠢᠨᠠᠮᠠᠭᠠᠶ ᠰᠡᠳᠬᠢᠵᠦ᠂ ᠰᠣᠷᠣᠭᠰᠠᠨ ᠲᠡᠵᠢᠭᠡᠨ ᠦᠷᠡᠵᠢᠭᠦᠯᠬᠦ ᠮᠡᠷᠭᠡᠵᠢᠯ ᠢᠶᠠᠨ ᠰᠠᠶᠢᠲᠤᠷ ᠬᠡᠷᠡᠭᠯᠡᠵᠦ᠂ ᠲᠡᠵᠢᠭᠡᠨ ᠦᠷᠡᠵᠢᠭᠦᠯᠬᠦ ᠬᠠᠮᠢᠶᠠᠷᠤᠯᠲᠠ ᠪᠠᠨ ᠴᠢᠩᠭᠠᠳᠬᠠᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠣᠷᠣᠯᠭ᠎ᠠ ᠪᠠᠨ ᠲᠠᠰᠤᠷᠠᠯᠲᠠ ᠥᠬᠡᠶ ᠨᠡᠮᠡᠭᠳᠡᠭᠦᠯᠦᠨ ᠪᠠᠶᠠᠵᠢᠭᠤᠯᠤᠨ᠎ᠠ ᠭᠡᠵᠡᠶ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2